ᠨᠠᠢᠮᠠᠨ ᠰᠠᠷ᠎ᠠ ᠶᠢᠨ ᠰᠠᠷᠠᠨ ᠲᠡᠷᠭᠡᠯᠰᠢᠬᠦ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠳᠠᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/9/24
    9 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠤ ᠨᠠᠢᠮᠠᠨ ᠰᠠᠷ᠎ᠠ ᠶᠢᠨ ᠰᠠᠷᠠᠨ ᠲᠡᠷᠭᠡᠯᠰᠢᠬᠦ  ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠳᠤ ᠬᠦᠨᠳᠦ ᠣᠨᠴᠠ ᠶᠡᠭᠡ ᠭᠠᠮᠰᠢᠭ ᠤᠨ ᠠᠳᠡᠯ ᠭᠠᠷᠤᠭᠰᠠᠨ ᠥᠬᠡᠶ᠂ ᠪᠥᠬᠦ ᠣᠷᠣᠨ ᠤ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠳᠠᠯ ᠢᠶᠠᠨ ᠪᠠᠲᠤᠯᠠᠪᠠ᠃    ᠣᠶᠢᠯᠠᠭᠠᠭᠰᠠᠨ ᠢᠶᠠᠷ᠂ ᠪᠠᠶᠠᠷ ᠤᠨ ᠡᠳᠦᠷ ᠤᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠭᠠᠵᠠᠷ ᠤᠨ ᠬᠢᠨ ᠭᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠬᠦ᠂ ᠵᠢᠭᠤᠯᠴᠢᠯᠠᠯ᠂ ᠵᠠᠮ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠡᠯ᠎ᠡ ᠱᠠᠲᠤᠨ ᠤ ᠬᠢᠨ ᠬᠠᠤᠯᠢ ᠬᠡᠷᠡᠭᠵᠢᠭᠦᠯᠦᠭᠰᠡᠨ ᠬᠥᠮᠦᠨ ᠤ ᠲᠤᠭ᠎ᠠ ᠨᠡᠶᠢᠲᠡ 3000 ᠭᠠᠷᠤᠶ ᠬᠥᠮᠦᠨ ᠤᠳᠠᠭ᠎ᠠ ᠳᠤ ᠬᠦᠷᠴᠦ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠲᠠᠯᠠᠪᠤᠷ ᠵᠢᠴᠢ ᠦᠢᠯᠡᠳᠪᠦᠷᠢᠯᠡᠬᠦ ᠠᠵᠤ ᠠᠬᠤᠶᠢᠯᠠᠯ ᠤᠨ 5000 ᠭᠠᠷᠤᠶ ᠡᠷᠦᠬᠡ ᠤᠳᠠᠭ᠎ᠠ ᠶᠢ ᠪᠠᠶᠢᠴᠠᠭᠠᠪᠠ᠃ ᠣᠶ ᠰᠢᠭᠤᠶ ᠨᠤᠲᠤᠭ ᠪᠡᠯᠴᠢᠭᠡᠷ ᠤᠨ  ᠲᠦᠢᠮᠡᠷ ᠢ ᠰᠡᠷᠭᠡᠶᠢᠯᠡᠨ ᠤᠨᠲᠠᠷᠠᠭᠠᠬᠤ ᠲᠠᠯ᠎ᠠ ᠪᠠᠷ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠡᠯ᠎ᠡ ᠭᠠᠵᠠᠷ ᠢ ᠵᠢᠯᠣᠭᠤᠳᠤᠨ ᠨᠠᠮᠤᠷ ᠤᠨ ᠰᠡᠷᠭᠡᠶᠢᠯᠡᠯᠲᠡ ᠶᠢᠨ ᠬᠤᠭᠤᠴᠠᠭᠠᠨ ᠳᠠᠬᠢ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠨ  ᠲᠦᠢᠮᠡᠷ ᠢ ᠤᠨᠲᠠᠷᠠᠭᠠᠬᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠵᠡᠷᠭᠡ  ᠲᠦᠢᠮᠡᠷ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠣᠨ ᠨᠤᠲᠤᠭ ᠤᠨ ᠲᠤᠰᠬᠠᠶ ᠮᠡᠷᠭᠡᠵᠢᠯ ᠤᠨ ᠪᠠ ᠬᠠᠭᠠᠰ ᠲᠤᠰᠬᠠᠶ ᠭᠠᠯ ᠤᠨᠲᠠᠷᠠᠭᠠᠬᠤ ᠡᠩᠨᠡᠭᠡ ᠪᠣᠯᠤᠨ ᠣᠶ ᠰᠢᠭᠤᠶ ᠶᠢᠨ  ᠲᠦᠢᠮᠡᠷ ᠢ ᠰᠡᠷᠭᠡᠶᠢᠯᠡᠨ ᠤᠨᠲᠠᠷᠠᠭᠠᠬᠤ ᠡᠩᠨᠡᠭᠡ 3 . 7 ᠲᠦᠮᠡ ᠭᠠᠷᠤᠶ ᠬᠥᠮᠦᠨ ᠪᠥᠬᠦ ᠲᠠᠯ᠎ᠠ ᠪᠠᠷ ᠲᠡᠶᠢᠨ ᠤ ᠪᠡᠯᠡᠳᠬᠡᠯ  ᠬᠢᠪᠡ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠭᠤᠤᠯᠳᠠᠯᠭ᠎ᠠ ᠲᠠᠢ ᠭᠠᠵᠠᠷ ᠣᠷᠣᠨ ᠪᠣᠯᠤᠨ ᠴᠠᠭ ᠬᠤᠭᠤᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮᠤᠷ ᠤᠨ ᠤᠯᠠᠷᠢᠯ ᠤᠨ ᠪᠣᠷᠣᠭᠠᠨ ᠣᠷᠣᠬᠤ ᠶᠢ ᠰᠡᠷᠭᠡᠶᠢᠯᠡᠨ ᠠᠷᠭᠠᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢ ᠱᠠᠯᠠᠪᠳᠠᠭᠤᠯᠤᠨ ᠵᠢᠯᠣᠭᠤᠳᠴᠤ᠂ ᠣᠬᠤᠷᠬᠠᠨ ᠬᠤᠭᠤᠴᠠᠭᠠᠨ ᠤ ᠰᠢᠷᠦᠭᠦᠨ ᠪᠣᠷᠣᠭᠠᠨ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠷᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ ᠪᠠ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ᠂ ᠵᠢᠭᠰᠠᠭᠠᠨ ᠪᠠᠶᠢᠴᠠᠭᠠᠵᠤ ᠲᠣᠭᠤᠷᠢᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠠᠴᠠ ᠵᠠᠶᠢᠯᠠᠭᠤᠯᠤᠨ ᠰᠢᠯᠵᠢᠭᠦᠯᠬᠦ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号