ᠣᠶᠢᠷ᠎ᠠ ᠳᠤ᠂ ᠬᠥᠬᠡᠬᠤᠲᠠ ᠶᠢᠨ ᠠᠩᠬᠠᠨ ᠤ ᠡᠭᠡᠯᠵᠢᠲᠦ ᠰᠦᠯᠵᠢᠶ᠎ᠡ ᠪᠠᠷ ᠪᠣᠯᠵᠤᠬᠤ ᠨᠡᠶᠢᠲᠡ ᠶᠢᠨ ᠮᠠᠰᠢᠨ ᠲᠡᠷᠭᠡ | ᠨᠡᠪᠲᠡᠷᠡᠪᠡ᠂ ᠶᠡᠭᠡ ᠰᠤᠷᠭᠠᠭᠤᠯᠢ ᠶᠢᠨ ᠬᠤᠲᠠ ᠲᠡᠭᠦᠷᠭᠡ ᠪᠠ ᠸᠠᠨ ᠳ᠋ᠠ ᠲᠠᠯᠠᠪᠠᠢ ᠶᠢᠨ ᠬᠤᠭᠤᠷᠣᠨᠳᠣ ᠨᠡᠶᠢᠲᠡ 6 | ᠥᠷᠲᠡᠭᠡ ᠴᠡᠭ ᠭᠠᠷᠭᠠᠵᠤ ᠂ ᠶᠡᠭᠡ ᠰᠤᠷᠭᠠᠭᠤᠯᠢ ᠶᠢᠨ ᠬᠤᠲᠠ ᠲᠡᠭᠦᠷᠭᠡ ᠶᠢᠨ ᠰᠤᠷᠤᠭᠴᠢᠳ ᠤᠨ ᠶᠠᠪᠤᠵᠤ | ᠰᠠᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶ | ᠣᠶᠢᠷ᠎ᠠ ᠳᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠬᠤᠷᠢᠨᠭᠡᠷ ᠰᠢᠨ᠎ᠡ ᠲᠣᠭᠤᠷᠢᠭ ᠲᠠᠬᠢ ᠰᠤᠷᠭᠠᠭᠤᠯᠢ ᠶᠢᠨ ᠲᠣᠭᠤᠷᠢᠭ ᠵᠢᠩᠬᠢᠨᠢ ᠪᠠᠷ ᠠᠰᠢᠭᠯᠠᠯᠲᠠ ᠳᠤ ᠣᠷᠣᠵᠤ᠂ | ᠲᠦᠷᠦᠭᠦᠤ ᠪᠦᠯᠦᠭ ᠤᠨ 1041 ᠰᠣᠷᠣᠭᠴᠢ ᠠᠮᠵᠢᠯᠲᠠ ᠲᠠᠢ ᠪᠠᠷ ᠣᠷᠣᠵᠤ ᠰᠠᠭᠤᠪᠠ᠃ ︵ᠬᠥᠬᠡᠬᠤᠲᠠ ᠶᠢᠨ | ᠵᠠᠰᠠᠭ ᠤᠨ ᠣᠷᠳᠣᠨ︶ | 9 ᠳ᠋ᠦ᠋ᠭᠡᠷ ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ 2024 ᠣᠨ ᠤ ᠨᠠᠮᠤᠷ ᠤᠨ ᠤᠯᠠᠷᠢᠯ ᠤᠨ 34 | ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠪᠠᠷᠢᠯᠭ᠎ᠠ ᠶᠢᠨ ᠠᠵᠢᠯ ᠡᠬᠢᠯᠡᠭᠦᠯᠵᠦ᠂ ᠡᠨᠧᠷᠭᠢ᠂ ᠲᠠᠷᠢᠶᠠᠯᠠᠩ | ᠮᠠᠯ ᠠᠵᠤ ᠠᠬᠤᠢ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠵᠡᠷᠭᠡ 4 ᠬᠦᠷᠢᠶ᠎ᠡ ᠶᠢ ᠪᠠᠭᠲᠠᠭᠠᠵᠤ᠂ | ᠨᠡᠶᠢᠲᠡ 332 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ︵ᠬᠢᠩᠭᠠᠨ ᠠᠶᠢᠮᠠᠭ ᠤᠨ ᠵᠠᠬᠢᠷᠭ᠎ᠠ︶ | 9 ᠳ᠋ᠦ᠋ᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠭᠠᠭᠴᠠᠮᠣᠳᠤ ᠪᠣᠭᠤᠮᠲᠠ ᠶᠢᠨ ᠡᠨᠡ ᠵᠢᠯ ᠤᠨ ᠪᠣᠭᠤᠮᠲᠠ ᠪᠠᠷ | ᠥᠩᠭᠡᠷᠡᠭᠰᠡᠨ ᠪᠠᠷᠠᠭᠠᠨ ᠤ ᠬᠡᠮᠵᠢᠶ᠎ᠡ 3003.01 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠪᠠᠨ 12.82% ᠢᠶᠠᠷ ᠨᠡᠮᠡᠭᠳᠡᠨ᠂ ᠪᠣᠭᠤᠮᠲᠠ ᠪᠠᠷ ᠪᠠᠷᠠᠭ᠎ᠠ ᠥᠩᠭᠡᠷᠡᠭᠰᠡᠨ ᠠᠴᠠ | ᠨᠠᠭᠠᠰᠢᠬᠢ ᠠᠳᠠᠯᠢ ᠬᠤᠭᠤᠴᠠᠭᠠᠨ ᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ︵ᠪᠠᠶᠠᠨᠨᠠᠭᠤᠷ ᠬᠤᠲᠠ ᠶᠢᠨ | ᠵᠠᠰᠠᠭ ᠤᠨ ᠣᠷᠳᠣᠨ︶ | 9 ᠳ᠋ᠦ᠋ᠭᠡᠷ ᠰᠠᠷ᠎ᠠ ᠶᠢᠨ 21 ᠤ ᠡᠳᠦᠷ᠂ ᠨᠡᠶᠢᠲᠡ 50 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ | ᠵᠥᠩ ᠹᠦ᠋ ᠷᠦᠩ ᠰᠢ ︵ᠰᠢᠶᠠᠮᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠣᠶᠤᠨᠴᠢ ᠦᠢᠯᠡᠳᠬᠦ ᠠᠵᠤ | ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠳ᠋ᠦᠩ ᠾᠧ ᠲᠣᠭᠤᠷᠢᠭ ᠲᠤ ᠰᠠᠭᠤᠷᠢᠰᠢᠭᠤᠯᠵᠤ᠂ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ᠂ ᠵᠢᠱᠢᠯᠲᠡ ᠪᠠᠷ 110 ᠳ᠋ᠦᠩᠰᠢᠭᠤᠷ ᠲᠥᠭᠦᠷᠢᠭ ᠪᠦᠬᠦᠢ ᠵᠢᠯ ᠤᠨ | ᠦᠢᠯᠡᠳᠬᠦᠨ ᠤ ᠥᠷᠲᠡᠭ ᠢ ᠪᠡᠶᠡᠯᠡᠭᠦᠯᠬᠦ ᠪᠣᠯᠣᠨ᠎ᠠ᠃ ︵ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ︶ |