ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ︽ᠬᠤᠰᠤ ᠮᠣᠳᠣᠨ ᠤ ᠬᠠᠯᠢᠰᠤ ᠦᠢᠯᠡᠳᠬᠦ ᠤᠷ᠎ᠠ ᠮᠡᠷᠭᠡᠵᠢᠯ︾ ᠤᠨ ᠪᠣᠯᠪᠠᠰᠤᠷᠠᠯ ᠤᠨ ᠠᠩᠭᠢ ᠲᠡᠭᠦᠰᠪᠡ
ᠨᠡᠶᠢᠲᠡᠯᠡᠭᠰᠡᠨ ᠴᠠᠭ᠄
2024/9/25
    9 ᠰᠠᠷ᠎ᠠ ᠶᠢᠨ 23 ᠤ ᠡᠳᠦᠷ᠂ 2024 ᠣᠨ ᠤ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠲᠥᠯᠥᠪᠯᠡᠭᠡ ︽ᠬᠤᠰᠤᠨ ᠮᠣᠳᠣᠨ ᠤ ᠬᠠᠯᠢᠰᠤ ᠦᠢᠯᠡᠳᠬᠦ ᠤᠷ᠎ᠠ ᠮᠡᠷᠭᠡᠵᠢᠯ︾ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠵᠢᠴᠢ ᠦᠷ᠎ᠡ ᠪᠦᠲᠦᠭᠡᠯ ᠤᠨ ᠦᠵᠡᠭᠦᠯᠦᠯᠭᠡ ᠬᠥᠯᠥᠨ ᠪᠤᠶᠢᠷ ᠬᠤᠲᠠ ᠶᠢᠨ ᠰᠣᠶᠣᠯ ᠤᠨ ᠣᠷᠳᠣᠨ ᠳᠤ ᠶᠠᠪᠤᠭᠳᠠᠪᠠ᠃
373df3bb402c46b0ac82637627b890cc.png
    ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠰᠣᠶᠣᠯ ᠪᠠ ᠵᠢᠭᠤᠯᠴᠢᠯᠠᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠢᠯᠣᠭᠤᠳᠴᠤ᠂ ᠬᠥᠯᠥᠨ ᠪᠤᠶᠢᠷ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠪᠡ᠃    ᠲᠡᠭᠦᠰᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢ ᠸᠠᠨ ᠢᠦᠶ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠰᠤᠷᠤᠭᠴᠢᠳ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠪᠦᠲᠦᠭᠡᠯᠴᠢ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠬᠤᠪᠢ ᠨᠡᠮᠡᠷᠢ ᠦᠵᠡᠭᠦᠯᠬᠦ ᠶᠢ ᠬᠦᠰᠡᠪᠡ᠃    ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠢᠦᠢ ᠵᠦ ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠦᠨᠳᠦᠰᠦᠲᠡᠨ ᠤ ᠰᠣᠶᠣᠯ ᠤᠨ ᠦᠨᠡᠲᠦ ᠡᠷᠳᠡᠨᠢ ᠪᠣᠯᠤᠭᠰᠠᠨ ᠤ ᠬᠤᠪᠢ ᠳᠤ᠂ ᠬᠤᠰᠤᠨ ᠮᠣᠳᠣᠨ ᠤ ᠬᠠᠯᠢᠰᠤ ᠶᠢ ᠦᠢᠯᠡᠳᠬᠦ ᠤᠷ᠎ᠠ ᠮᠡᠷᠭᠡᠵᠢᠯ ᠨᠢ ᠡᠯᠪᠡᠭ ᠪᠠᠶᠠᠯᠢᠭ ᠲᠡᠦᠬᠡ ᠶᠢᠨ ᠮᠡᠳᠡᠭᠡ ᠵᠠᠩᠭᠢ ᠪᠣᠯᠤᠨ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠢ ᠠᠴᠢᠶᠠᠯᠠᠵᠤ᠂ ᠪᠣᠳᠠᠰ ᠤᠨ ᠰᠣᠶᠣᠯ ᠤᠨ ᠢᠯᠡᠷᠡᠯ ᠪᠣᠯᠬᠤ ᠪᠠᠷ ᠪᠠᠷᠠᠬᠤ ᠦᠭᠡᠢ᠂ ᠨᠡᠩ ᠴᠤ ᠤᠶᠤᠨ ᠤ ᠰᠣᠶᠣᠯ ᠤᠨ ᠤᠯᠠᠮᠵᠢᠯᠠᠯ ᠪᠣᠯᠬᠤ ᠶᠤᠮ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠣᠯ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠶᠢ ᠬᠠᠮᠠᠭᠠᠯᠠᠬᠤ ᠶᠠᠪᠤᠳᠠᠯ ᠮᠥᠨ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠰᠠᠬᠢᠨ ᠬᠠᠮᠠᠭᠠᠯᠠᠬᠤ ᠶᠠᠪᠤᠳᠠᠯ ᠮᠥᠨ᠃ ᠰᠤᠷᠤᠭᠴᠢᠳ ᠤᠯᠠᠮᠵᠢᠯᠠᠯᠲᠤ ᠰᠣᠶᠣᠯ ᠳᠠᠬᠢ ᠬᠠᠶᠢᠷ᠎ᠠ ᠬᠥᠭᠡᠭᠡᠴᠡᠯᠳᠦᠯ ᠢᠶᠠᠨ ᠦᠷᠭᠦᠯᠵᠢᠯᠡᠨ ᠪᠠᠲᠤᠯᠠᠵᠤ᠂ ᠰᠤᠷᠤᠭᠰᠠᠨ ᠤᠷ᠎ᠠ ᠮᠡᠷᠭᠡᠵᠢᠯ ᠢᠶᠠᠨ ᠪᠣᠳᠠᠲᠤ ᠠᠮᠢᠳᠤᠷᠠᠯ ᠳᠤᠮᠳᠠ ᠪᠠᠨ ᠬᠡᠷᠡᠭᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠲᠤᠬᠠᠢ ᠰᠡᠳᠬᠢᠴᠡ ᠪᠠᠨ ᠬᠥᠭᠵᠢᠭᠡᠵᠦ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃
2786b2a6182847cf824690d2049355b4.png
    ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠨᠡᠶᠢᠲᠡ 25 ᠰᠣᠷᠣᠭᠴᠢ ᠪᠠᠶᠢᠵᠤ᠂ ᠡᠯ᠎ᠡ ᠱᠠᠲᠤᠨ ᠤ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠ ᠬᠠᠮᠢᠶ᠎ᠠ ᠪᠥᠬᠦᠶ ᠠᠵᠢᠯ ᠡᠷᠬᠢᠯᠡᠭᠴᠢ ᠪᠣᠯᠤᠨ᠎ᠠ᠃ ᠰᠤᠷᠤᠭᠴᠢᠳ ᠤᠨ ᠲᠥᠯᠥᠭᠡᠯᠡᠭᠴᠢ ᠲᠥ᠋ ᠮᠤᠩ ᠴᠢ ᠬᠡᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠨᠢ ᠤᠷ᠎ᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠰᠣᠶᠣᠯ ᠤᠨ ᠢᠲᠡᠭᠡᠯ ᠪᠠ ᠤᠯᠠᠮᠵᠢᠯᠠᠨ ᠵᠠᠯᠭᠠᠮᠵᠢᠯᠠᠬᠤ ᠤᠬᠠᠮᠰᠠᠷ ᠢ ᠴᠤ ᠴᠢᠩᠭᠠᠷᠠᠭᠤᠯᠤᠭᠰᠠᠨ ᠪᠠᠶᠢᠨ᠎ᠠ᠂ ᠬᠤᠶᠢᠰᠢᠳᠠ ᠬᠤᠰᠤᠨ ᠮᠣᠳᠣ ᠬᠢᠬᠦ ᠤᠷ᠎ᠠ ᠮᠡᠷᠭᠡᠵᠢᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠦᠷᠭᠦᠯᠵᠢᠯᠡᠨ ᠴᠢᠷᠮᠠᠶᠢᠨ᠎ᠠ ᠭᠡᠵᠡᠶ᠃    ᠰᠤᠷᠤᠭᠴᠢᠳ ᠤᠨ ᠦᠷ᠎ᠡ ᠪᠦᠲᠦᠭᠡᠯ ᠤᠨ ᠦᠵᠡᠭᠦᠯᠦᠯᠭᠡ ᠳᠡᠭᠡᠷᠡᠬᠢ ᠪᠦᠲᠦᠭᠡᠯ ᠨᠢ ᠣᠲᠣ ᠦᠶ᠎ᠡ ᠶᠢᠨ ᠵᠢᠷᠤᠭ ᠲᠥᠯᠥᠪᠯᠡᠭᠡ ᠶᠢᠨ ᠡᠯᠧᠮᠧᠨ᠋ᠲ ᠪᠠ ᠪᠣᠯᠪᠠᠰᠤᠷᠠᠭᠤᠯᠬᠤ ᠤᠷ᠎ᠠ ᠮᠡᠷᠭᠡᠵᠢᠯ ᠳᠤ ᠠᠭᠤᠰᠤᠯᠴᠠᠵᠤ᠂ ᠰᠤᠷᠤᠭᠴᠢᠳ ᠤᠨ ᠬᠤᠰᠤᠨ ᠮᠣᠳᠣᠨ ᠤ ᠬᠠᠯᠢᠰᠤ ᠶᠢ  ᠦᠢᠯᠡᠳᠬᠦ ᠤᠷ᠎ᠠ ᠮᠡᠷᠭᠡᠵᠢᠯ ᠤᠨ ᠲᠤᠬᠠᠶ ᠭᠦᠨᠵᠡᠭᠡᠶ ᠣᠶᠢᠯᠠᠭᠠᠯᠲᠠ ᠪᠠ ᠤᠯᠠᠮᠵᠢᠯᠠᠯᠲᠤ ᠰᠣᠶᠣᠯ ᠬᠢᠭᠡᠳ ᠣᠲᠣ ᠦᠶ᠎ᠡ ᠶᠢᠨ ᠵᠢᠷᠤᠭ ᠲᠥᠯᠥᠪᠯᠡᠭᠡ ᠶᠢᠨ ᠣᠷᠭᠠᠨᠢᠭ ᠤᠶᠠᠯᠳᠤᠯ ᠢ ᠢᠯᠡᠷᠡᠭᠦᠯᠵᠡᠶ       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号