︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠯᠠᠪᠯᠠᠨ ᠦᠵᠡᠬᠦ ᠠᠷᠭ᠎ᠠ ᠵᠠᠮ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/9/26
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︵ᠳᠣᠷᠣᠭᠰᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠭᠡᠵᠦ ᠲᠣᠪᠴᠢᠯᠠᠪᠠ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠡᠶᠢᠲᠡᠯᠡᠬᠦ ᠬᠠᠤᠯᠢ ᠪᠠᠷ ᠲᠣᠭᠲᠠᠭᠠᠭᠰᠠᠨ ᠠᠴᠢᠶᠠᠯᠠᠪᠤᠷᠢ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠵᠠᠷᠯᠢᠭ ᠨᠡᠶᠢᠲᠡᠯᠡᠬᠦ ᠡᠷᠬᠡ ᠰᠦᠷᠲᠦ ᠠᠷᠭ᠎ᠠ ᠵᠠᠮ ᠪᠣᠯᠣᠨ᠎ᠠ᠃ ᠣᠯᠠᠨ ᠨᠡᠶᠢᠲᠡ ᠶᠢᠨ ᠴᠠᠭ ᠲᠤᠬᠠᠢ ᠳᠤ ᠨᠢ ᠯᠠᠪᠯᠠᠨ ᠦᠵᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠯᠠᠪᠯᠠᠨ ᠦᠵᠡᠬᠦ ᠠᠷᠭ᠎ᠠ ᠵᠠᠮ ᠢ ᠳᠣᠣᠷᠠᠬᠢ ᠮᠡᠲᠦ ᠵᠠᠷᠯᠠᠶ᠎ᠠ᠃    ᠨᠢᠭᠡ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ    ᠨᠡᠶᠢᠲᠡ ᠣᠯᠠᠨ ᠢᠶᠠᠷ ᠢᠶᠠᠨ ᠲᠣᠰ ᠭᠠᠵᠠᠷ ᠣᠷᠣᠨ ᠤ ᠪᠠᠨ ᠲᠠᠩᠰᠠ ᠡᠪᠬᠡᠮᠡᠯ ᠤᠨ ᠣᠷᠳᠣᠨ᠂ ᠨᠣᠮ ᠤᠨ ᠰᠠᠩ᠂ ᠵᠠᠰᠠᠭ ᠤᠨ ᠶᠠᠪᠤᠳᠠᠯ ︵ᠵᠠᠰᠠᠭ ᠵᠠᠬᠢᠷᠭᠠᠨ︶ ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠲᠠᠯᠠᠪᠤᠷ ᠲᠤ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ ᠳᠤ ᠨᠡᠶᠢᠲᠡᠯᠡᠭᠰᠡᠨ ᠠᠭᠤᠯᠭ᠎ᠠ ᠶᠢ ᠯᠠᠪᠯᠠᠨ ᠦᠵᠡᠵᠦ ᠪᠣᠯᠣᠨ᠎ᠠ᠃    ᠬᠤᠶᠠᠷ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠡᠯᠧᠺᠲᠷᠣᠨ ᠬᠡᠪᠯᠡᠯ    ᠨᠡᠶᠢᠲᠡ ᠣᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ︾ ᠸᠢᠴᠠᠲ ᠤᠨ ᠨᠡᠶᠢᠲᠡ ᠶᠢᠨ ᠲᠠᠪᠴᠠᠩ ᠳᠠᠬᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠲᠤᠰᠬᠠᠢ ᠪᠤᠯᠤᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠦ ᠬᠤᠷᠠᠯ ᠪᠠ ᠥᠪᠥᠷ ᠮᠣᠩᠭᠤᠯ ᠤᠨ ᠨᠣᠮ ᠤᠨ ᠰᠠᠩ ᠵᠡᠷᠭᠡ ᠰᠠᠯᠠᠭ᠎ᠠ ᠮᠥᠴᠢᠷ ᠨᠢᠭᠡᠴᠢ ᠶᠢᠨ ᠸᠢᠴᠠᠲ ᠤᠨ ᠨᠡᠶᠢᠲᠡ ᠶᠢᠨ ᠲᠠᠪᠴᠠᠩ ᠵᠢᠴᠢ ︽ᠮᠦᠩᠬᠡ ᠰᠤᠪᠠᠭ︾᠂ ︽ᠲᠠᠯ᠎ᠠ ᠨᠤᠲᠤᠭ ᠤᠨ ᠡᠭᠦᠯᠡ︾᠂ ︽ᠪᠧᠨ ᠲᠧᠩ ᠬᠠᠮ ᠵᠠᠭᠤᠴᠢᠯᠠᠭᠤᠷ︾ ᠵᠡᠷᠭᠡ APP ᠲᠠᠬᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠲᠤᠰᠬᠠᠢ ᠪᠤᠯᠤᠩ ᠢᠶᠠᠷ ᠤᠩᠰᠢᠨ ᠡᠷᠢᠵᠦ᠂ ᠳᠠᠮᠵᠢᠭᠤᠯᠤᠨ ᠲᠠᠷᠬᠠᠭᠠᠵᠤ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ  ᠡᠯᠧᠺᠲᠷᠣᠨ ᠬᠡᠪᠯᠡᠯ ᠳᠤ ᠨᠡᠶᠢᠲᠡᠯᠡᠭᠰᠡᠨ ᠠᠭᠤᠯᠭ᠎ᠠ ᠶᠢ ᠪᠠᠭᠤᠯᠭᠠᠨ ᠳᠠᠷᠤᠮᠠᠯᠯᠠᠵᠤ ᠪᠣᠯᠣᠨ᠎ᠠ᠃                                            2024 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ    ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号