ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 11 ᠤ ᠡᠳᠦᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ ᠤᠷᠢᠯᠭ᠎ᠠ ᠪᠠᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ ᠰᠢ ᠮᠡᠳᠡᠭᠦᠯᠦᠯᠲᠡ ᠶᠢᠨ ᠬᠤᠷᠠᠯ ᠢ ᠡᠷᠭᠢᠯᠡᠪᠡ᠃    ᠴᠢᠦᠶ ᠴᠢᠩ ᠱᠠᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠡᠵᠡᠮᠰᠢᠬᠦ︾ ᠪᠠᠷ ᠰᠡᠳᠦᠪ ᠪᠣᠯᠭᠠᠨ᠂ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ 4 ᠲᠠᠯ᠎ᠠ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠨ᠂ ᠡᠷᠬᠡ ᠰᠦᠷ ᠲᠠᠢ ᠪᠠᠷ ᠬᠠᠪᠰᠤᠷᠤᠨ ᠵᠢᠯᠣᠭᠤᠳᠪᠠ᠃    ᠸᠠᠩ ᠰᠢᠶᠠᠩ ᠰᠢ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠨᠢᠭᠡᠴᠢ ᠶᠢᠨ ᠬᠢᠨ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠲᠥᠪ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠮᠤᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠣᠰᠣᠭᠠᠷ᠂ ᠰᠤᠷᠤᠯᠴᠠᠨ ᠲᠤᠤᠱᠯᠠᠭᠤᠯᠬᠤ ᠠᠵᠢᠯ ᠤᠨ ᠴᠢᠨᠠᠭᠰᠢᠳᠠ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠰᠠᠶᠢᠨ ᠲᠠᠭᠠᠭᠤᠯᠤᠭᠴᠢ ᠪᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠢᠭᠡ ᠴᠤᠬᠴᠠᠵᠢᠭᠤᠯᠤᠨ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠤᠯᠠᠮ ᠴᠢᠨᠠᠭᠰᠢᠳᠠ ᠨᠢᠭᠡᠳᠬᠡᠬᠦ ᠬᠡᠷᠡᠭᠲᠡᠢ︔ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠥᠭᠡᠷᠡᠴᠢᠯᠡᠯᠲᠡ ᠶᠢᠨ ᠣᠶᠤᠨ ᠤᠬᠠᠭᠠᠨ ᠢ ᠭᠦᠨᠵᠡᠭᠡᠶ ᠤᠶᠢᠯᠠᠭᠠᠨ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠬᠡᠷᠡᠭᠯᠡᠵᠦ᠂ ᠥᠭᠡᠷᠡᠴᠢᠯᠡᠯᠲᠡ ᠶᠢ ᠠᠬᠢᠭᠤᠯᠬᠤ ᠰᠡᠳᠬᠢᠬᠦᠶ ᠶᠢᠨ ᠴᠢᠳᠠᠪᠤᠷᠢ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ︔ ᠰᠤᠷᠤᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠬᠤ ᠬᠠᠯᠠᠭᠤᠨ ᠰᠡᠳᠬᠢᠯᠭᠡ ᠪᠣᠯᠤᠨ ᠦᠷ᠎ᠡ ᠪᠦᠲᠦᠮᠵᠢ ᠶᠢ ᠥᠭᠡᠷᠡᠴᠢᠯᠡᠯᠲᠡ ᠶᠢ ᠠᠬᠢᠭᠤᠯᠬᠤ ᠪᠣᠳᠠᠲᠠᠢ ᠠᠵᠢᠯᠯᠠᠬᠤ ᠡᠭᠦᠷᠭᠡᠯᠡᠯ ᠪᠣᠯᠭᠠᠨ ᠬᠤᠪᠢᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠠᠭᠤᠰᠤᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠸᠠᠩ ᠰᠢᠶᠠᠩ ᠰᠢ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠨ ᠵᠢᠱᠢᠶ᠎ᠡ ᠦᠵᠡᠭᠦᠯᠵᠦ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠭᠦᠨᠵᠡᠭᠡᠢ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡᠪᠦᠷᠢ ᠶᠢᠨ ᠵᠢᠭᠠᠯᠲᠠ ᠠᠭᠤᠯᠤᠭᠳᠠᠬᠤᠨ ᠢ ᠣᠨᠣᠪᠴᠢᠲᠠᠢ ᠣᠶᠢᠯᠠᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠠᠴᠠ ᠪᠣᠳᠣᠯᠬᠢᠯᠠᠵᠤ᠂ ᠪᠦᠬᠦ ᠲᠠᠯ᠎ᠠ ᠠᠴᠠ ᠬᠥᠳᠡᠯᠦᠯᠴᠡᠵᠦ᠂ ᠥᠭᠡᠷᠡᠴᠢᠯᠡᠯᠲᠡ ᠶᠢᠨ ᠴᠢᠭᠯᠡᠯ ᠬᠡᠯᠪᠠᠶᠢᠬᠦ ᠦᠭᠡᠢ᠂ ᠨᠠᠶᠢᠳᠠᠪᠤᠷᠢᠵᠢᠭᠤᠯᠤᠯᠲᠠ ᠥᠭᠡᠷᠡᠲᠦᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠰᠢᠨᠵᠢᠯᠡᠬᠦ ᠤᠬᠠᠭᠠᠨᠴᠢ ᠠᠷᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠮᠦᠨ᠎ᠡ ᠬᠤᠶᠢᠨᠠᠬᠢ ᠳᠡᠰ ᠳᠠᠷᠠᠭᠠᠯᠠᠯ᠂ ᠠᠶᠢᠵᠠᠮ ᠤᠨ ᠴᠠᠭ ᠲᠣᠬᠢᠶᠠᠯ ᠢ ᠵᠣᠬᠢᠰᠲᠠᠶ ᠲᠣᠬᠢᠷᠠᠭᠤᠯᠵᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠬᠢᠵᠢᠭᠦᠯᠬᠦ᠂ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠰᠢᠢᠳᠪᠦᠷᠢᠯᠡᠭᠳᠡᠬᠦ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠷᠢᠳᠠᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠨ᠎ᠠ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠬᠤ ᠪᠠ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ︽ᠲᠦᠭᠵᠢᠷᠡᠯ︾ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠰᠢᠢᠳᠪᠦᠷᠢᠯᠡᠬᠦ ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠠᠯ᠎ᠠ ᠪᠠᠷ ᠨᠢᠭᠡᠳᠦᠭᠡᠷ ᠵᠢᠭᠰᠠᠭᠠᠯ ᠢᠶᠠᠷ ᠰᠠᠶᠢᠲᠤᠷ ᠵᠠᠮᠨᠠᠵᠤ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ ᠤᠨᠤᠯ ᠤᠨ ᠵᠡᠪᠰᠡᠭᠯᠡᠯ ᠢ ᠲᠦᠷᠦᠭᠦᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠦᠷᠦᠭᠦᠯᠡᠨ ᠪᠠᠬᠢᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠲᠦᠷᠦᠭᠦᠯᠡᠨ ᠡᠰᠡᠷᠭᠦᠴᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠤᠨ ᠬᠠᠲᠠᠭᠤ ᠬᠢᠵᠠᠭᠠᠷᠯᠠᠯ ᠢ ᠴᠢᠨᠠᠭᠰᠢᠳᠠ ᠴᠢᠩᠭᠠᠳᠬᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃    ᠶᠠᠮᠤᠨ ᠤ ᠨᠠᠮ ᠤᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠶᠡᠷᠦᠩᠬᠡᠶ ᠢᠨᠵᠧᠨᠧᠷ᠂ ᠶᠠᠮᠤᠨ ᠤ ᠪᠠᠶᠢᠭᠤᠯᠭ᠎ᠠ ᠶᠢᠨ ᠵᠤᠷᠭᠠᠨ ᠲᠣᠪᠴᠢᠶ᠎ᠠ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠠᠷ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ ᠤᠨ ᠠᠭᠤᠷᠬᠠᠶ ᠶᠢᠨ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠶᠠᠮᠤᠨ ᠤ ᠬᠠᠷᠢᠶ᠎ᠠ ᠨᠢᠭᠡᠴᠢ᠂ ᠡᠯ᠎ᠡ ᠮᠤᠵᠢ ᠶᠢᠨ ᠱᠠᠲᠤᠨ ᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠬᠠᠷᠢᠭᠤᠴᠠᠯᠭᠠᠲᠠᠨ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号