ᠬᠢᠩᠭᠠᠨ ᠠᠶᠢᠮᠠᠭ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠥᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠬᠤᠷᠠᠯ ᠵᠢᠴᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/27
   
W020240926389100186541.jpg
    9 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ 2024 ᠣᠨ ᠤ ᠭᠤᠷᠪᠠᠳᠤᠭᠠᠷ ᠤᠯᠠᠷᠢᠯ ᠤᠨ ᠪᠥᠬᠦ ᠠᠶᠢᠮᠠᠭ ᠤᠨ ᠠᠶᠤᠯ ᠥᠬᠡᠶ  ᠦᠢᠯᠡᠳᠪᠦᠷᠢᠯᠡᠯ ᠤᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠦᠢᠯᠡᠳᠪᠦᠷᠢᠯᠡᠯ ᠤᠨ ᠠᠶᠤᠯ ᠥᠬᠡᠶ ᠶᠢᠨ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠨᠡ ᠵᠢᠯ ᠠᠴᠠ ᠨᠠᠰᠢᠬᠢ ᠦᠢᠯᠡᠳᠪᠦᠷᠢᠯᠡᠯ ᠤᠨ ᠠᠶᠤᠯ ᠥᠬᠡᠶ ᠶᠢᠨ ᠠᠳᠡᠯ ᠪᠣᠯᠤᠨ ᠨᠡᠯᠢᠶᠡᠳ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠡᠪᠲᠡᠷᠡᠭᠦᠯᠦᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠤᠢᠢᠷ᠎ᠠ ᠶᠢᠨ ᠬᠤᠭᠤᠴᠠᠭᠠᠨ ᠳᠤ ᠬᠢᠩᠭᠠᠨ ᠠᠶᠢᠮᠠᠭ ᠤᠨ ᠳᠣᠲᠣᠭᠠᠳᠤ ᠭᠠᠳᠠᠭᠠᠳᠤ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠳᠡᠯ ᠪᠦᠷᠢ ᠳᠤ ᠢᠯᠡᠷᠡᠭᠰᠡᠨ ᠠᠰᠠᠭᠤᠳᠠᠯ ᠢ ᠭᠦᠨᠵᠡᠭᠡᠢ ᠵᠠᠳᠠᠯᠪᠠ᠃ ᠬᠤᠷᠠᠯ ᠠᠴᠠ᠂ ᠣᠳᠣᠬᠠᠨ ᠳᠤ ᠬᠢᠩᠭᠠᠨ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠦᠢᠯ ᠤᠨ ᠬᠦᠨᠳᠦ ᠨᠣᠴᠢᠲᠠᠢ ᠪᠠᠶᠢᠨ᠎ᠠ᠂ ᠡᠯ᠎ᠡ ᠭᠠᠵᠠᠷ ᠤᠨ ᠬᠢᠨ ᠳᠡᠭᠡᠳᠦ  ᠬᠡᠮᠵᠢᠶ᠎ᠡ  ᠪᠠᠷ ᠰᠡᠷᠡᠮᠵᠢᠯᠡᠨ ᠭᠦᠨᠵᠡᠭᠡᠢ ᠲᠤᠩᠭᠠᠨ ᠪᠣᠳᠣᠯᠬᠢᠯᠠᠵᠤ᠂ ᠠᠳᠡᠯ ᠭᠠᠷᠤᠭᠰᠠᠨ ᠰᠢᠯᠲᠠᠭᠠᠨ ᠢ ᠭᠦᠨᠵᠡᠭᠡᠢ ᠵᠠᠳᠠᠯᠤᠨ ᠰᠤᠳᠤᠯᠵᠤ᠂ ᠴᠢᠭᠯᠡᠬᠦᠯᠦᠯᠳᠤ ᠴᠢᠨᠠᠷᠲᠠᠢ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠳᠡᠯ ᠤᠯᠠᠨ ᠡᠭᠦᠰᠬᠦ ᠬᠠᠨᠳᠤᠰᠢ ᠶᠢ ᠲᠦᠷᠭᠡᠨ ᠬᠤᠷᠢᠭᠯᠠᠬᠤ ᠬᠡᠷᠡᠭᠲᠡᠢ᠃    ᠬᠤᠷᠠᠯ ᠠᠴᠠ᠂ ᠡᠯ᠎ᠡ ᠭᠠᠵᠠᠷ ᠤᠨ ᠬᠢᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠣᠯ ᠰᠢᠵᠢᠮ ᠤᠨ ᠲᠣᠭᠤᠷᠢᠨ ᠳᠤ ᠤᠨᠢᠨ ᠳᠡᠭᠡᠷ᠎ᠡ ᠨᠢ ᠬᠦᠴᠦᠯᠡᠵᠦ᠂ ᠰᠢᠰᠲ᠋ᠧᠮ ᠲᠠᠢ ᠵᠠᠰᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ︽ᠬᠥᠨᠳᠡᠯᠡᠨ ᠢᠶᠠᠷ ᠬᠥᠪᠡᠭᠡ ᠵᠠᠬ᠎ᠠ ᠳᠤᠨᠢ ᠬᠦᠷᠦᠭᠦᠯᠬᠦ᠂ ᠭᠤᠯᠳᠤ ᠪᠠᠷ ᠤᠭ ᠲᠤᠨᠢ ᠬᠦᠷᠦᠭᠦᠯᠬᠦ︾ ᠵᠠᠷᠴᠢᠮ ᠤᠨ ᠶᠣᠰᠣᠭᠠᠷ᠂ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠢᠯᠡᠳᠪᠦᠷᠢᠯᠡᠯ ᠤᠨ ᠲᠠᠰᠤᠭ ᠪᠣᠯᠤᠨ ᠡᠭᠡᠯᠵᠢ ᠳᠤᠭᠤᠶᠢᠯᠠᠩ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠳᠡᠯ ᠤᠨ ᠳᠠᠯᠳᠠ ᠭᠡᠮ ᠢ ᠠᠷᠢᠯᠭᠠᠬᠤ ᠶᠢ ᠦᠨᠡᠨᠬᠦ ᠪᠡᠶᠡᠯᠡᠭᠦᠯᠵᠦ᠂ ᠳᠠᠯᠳᠠ ᠭᠡᠮ ᠢ ᠠᠷᠢᠯᠭᠠᠬᠤ ᠪᠠᠷ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃    ᠬᠤᠷᠠᠯ ᠳᠡᠭᠡᠷ᠎ᠡ ᠪᠠᠰᠠ ︽115︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠵᠢᠴᠢ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃    ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠰᠦ ᠹᠧᠩ ᠵᠢᠶᠤᠤ ᠬᠤᠷᠠᠯ ᠢ ᠡᠷᠬᠢᠯᠡᠵᠦ᠂ ᠠᠶᠢᠮᠠᠭ ᠤᠨ ᠲᠣᠪᠴᠢᠶᠠᠨ ᠤ ᠪᠠᠭ ᠤᠨ ᠪᠦᠷᠢᠯᠳᠦᠬᠦᠨ ᠵᠢᠴᠢ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ᠃ ᠡᠯ᠎ᠡ ᠬᠤᠰᠢᠭᠤ ᠰᠢᠶᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠪᠣᠯᠤᠨ ᠡᠯ᠎ᠡ ᠲᠠᠰᠤᠭ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠬᠤᠷᠠᠯ ᠳᠤ ᠣᠷᠣᠯᠴᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号