ᠳᠣᠲᠣᠭᠠᠳᠤ ᠶᠢ ᠬᠠᠮᠠᠭᠠᠯᠠᠬᠤ ᠲᠢᠩᠬᠢᠮ ᠬᠢᠯᠢ ᠬᠢᠵᠠᠭᠠᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/9/27
    ᠳᠣᠲᠣᠭᠠᠳᠤ ᠶᠢ ᠬᠠᠮᠠᠭᠠᠯᠠᠬᠤ ᠲᠢᠩᠬᠢᠮ ᠬᠢᠯᠢ ᠬᠢᠵᠠᠭᠠᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠪᠠ᠃ ᠨᠢᠭᠡ ᠳᠤ᠂ ᠬᠠᠮᠢᠶᠠᠷᠤᠨ ᠡᠵᠡᠮᠳᠡᠬᠦ ᠬᠦᠴᠦᠨ ᠰᠡᠷᠭᠡᠶᠢᠯᠡᠯᠲᠡ ᠶᠢᠨ ᠬᠦᠴᠦᠨ ᠤ ᠳᠣᠬᠢᠷᠠᠭᠤᠯᠭ᠎ᠠ ᠶᠢ ᠰᠢᠯᠢᠳᠡᠭᠵᠢᠭᠦᠯᠪᠡ᠃ ︽46654︾ ᠬᠢᠯᠢ ᠶᠢᠨ ᠬᠠᠮᠢᠶᠠᠷᠤᠯᠲᠠ ᠡᠵᠡᠮᠳᠡᠯ ᠤᠨ ᠲᠣᠭᠲᠠᠯᠴᠠᠭ᠎ᠠ ᠶᠢ ᠪᠠᠶᠢᠭᠤᠯᠵᠤ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ 110 ᠵᠡᠷᠭᠡ ᠴᠠᠭᠳᠠᠭᠠᠨ ᠤ ᠶᠠᠪᠤᠳᠠᠯ ᠤᠨ ᠨᠠᠷᠠᠲᠤ ᠲᠡᠮᠳᠡᠭᠲᠦ ᠶᠢ ᠲᠣᠭᠲᠠᠪᠤᠷᠢᠵᠢᠭᠤᠯᠵᠤ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠵᠡᠷᠭᠡ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠡᠪ ᠵᠠᠭᠪᠤᠷ ᠢ ᠪᠣᠶ ᠪᠣᠯᠭᠠᠵᠤ᠂ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢᠶᠠᠨ ᠪᠥᠬᠦ ᠤᠯᠤᠰ ᠤᠨ ︽ᠹᠧᠩᠴᠢᠶᠤᠤ ᠶᠢᠨ ᠲᠤᠷᠰᠢᠯᠭ᠎ᠠ︾ ᠶᠢᠨ 60 ᠵᠢᠯ ᠤᠨ ᠣᠶ ᠶᠢᠨ ᠶᠡᠭᠡ ᠬᠤᠷᠠᠯ ᠤᠨ ᠠᠬᠤᠢ ᠲᠠᠯᠠᠪᠠᠶ ᠳᠤ ᠳᠡᠯᠭᠡᠨ ᠦᠵᠡᠭᠦᠯᠪᠡ᠃ ᠬᠤᠶᠠᠷ ᠲᠤ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠨᠡᠶᠢᠯᠡᠮᠡᠯ ᠬᠦᠴᠦᠨ ᠢ ᠲᠥᠪᠯᠡᠷᠡᠭᠦᠯᠪᠡ᠃ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠬᠠᠭᠤᠷᠠᠶ ᠵᠠᠮ ᠤᠨ ᠴᠡᠷᠢᠭ ᠤᠨ ᠱᠲ᠋ᠠᠪᠴᠢ ᠶᠢᠨ ᠭᠠᠵᠠᠷ ᠵᠡᠷᠭᠡ ᠲᠠᠢ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠥᠪ ︵ᠤᠯᠤᠰ︶ ᠠᠴᠠ ᠬᠠᠮᠢᠶᠠᠷᠴᠤ ᠪᠦᠬᠦᠢ 14 ᠠᠵᠤ ᠠᠬᠤᠶᠢᠯᠠᠯ ᠢ ᠵᠣᠬᠢᠴᠠᠭᠤᠯᠤᠨ ᠬᠢᠯᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠴᠦᠷᠬᠡᠭ ᠶᠡᠭᠡ ᠬᠢᠯᠢ ᠶᠢᠨ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠭᠤᠷᠪᠠ ᠳᠤ᠂ ᠬᠢᠯᠢ ᠬᠢᠵᠠᠭᠠᠷ ᠤᠨ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠪᠠ᠃ ︽ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ 4 ᠪᠠᠶᠢᠭᠤᠯᠵᠤ᠂ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠭᠦᠵᠢᠭᠦᠯᠦᠭᠰᠡᠨ ᠲᠣᠭᠲᠠᠴᠠ ᠶᠢ ᠲᠡᠭᠦᠯᠳᠡᠷᠵᠢᠭᠦᠯᠦᠨ᠂ ︽ᠬᠢᠯᠢ ᠬᠢᠵᠠᠭᠠᠷ ᠢ ᠠᠮᠤᠷᠵᠢᠭᠤᠯᠬᠤ︾ ᠵᠡᠷᠭᠡ ᠲᠤᠰᠬᠠᠶ ᠵᠠᠰᠠᠯᠲᠠ ᠶᠢ ᠬᠡᠷᠡᠭᠵᠢᠭᠦᠯᠵᠦ᠂ ︽ᠠᠷᠠᠳ ᠤᠨ ᠴᠠᠭᠳᠠᠭ᠎ᠠ + ᠬᠢᠯᠢ ᠶᠢᠨ ᠬᠠᠮᠠᠭᠠᠯᠠᠭᠴᠢ + ᠲᠤᠰᠠᠯᠠᠬᠤ ᠴᠠᠭᠳᠠᠭ᠎ᠠ + ᠡᠷᠦᠬᠡ ᠶᠢᠨ ᠴᠡᠷᠢᠭ + N︾ ᠬᠢᠯᠢ ᠶᠢᠨ ᠴᠠᠭᠳᠠᠨ ᠪᠠᠶᠢᠴᠠᠭᠠᠬᠤ ᠬᠡᠪ ᠵᠠᠭᠪᠤᠷ ᠢ ᠬᠡᠷᠡᠭᠵᠢᠭᠦᠯᠵᠦ᠂ ᠳᠡᠩᠨᠡᠨ ᠰᠢᠢᠳᠪᠦᠷᠢᠯᠡᠭᠰᠡᠨ ᠣᠯᠠᠨ ᠬᠦᠨᠳᠦ ᠶᠡᠭᠡ ᠡᠷᠡᠭᠦᠦ ᠶᠢᠨ ᠬᠡᠷᠡᠭ ᠨᠢ ᠲᠥᠪ ᠲᠧᠯᠸᠢᠰ ᠤᠨ ︽ᠲᠡᠭᠷᠢ ᠶᠢ ᠪᠦᠷᠬᠦᠭᠰᠡᠨ ᠲᠣᠣᠷ︾ ᠵᠡᠷᠭᠡ ᠵᠠᠭᠤᠴᠢᠯᠠᠭᠤᠷ ᠤᠨ ᠠᠩᠬᠠᠷᠤᠯ ᠢ ᠲᠠᠲᠠᠭᠰᠠᠨ ᠪᠠᠶᠢᠨ᠎ᠠ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号