ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠶ᠎ᠡ ᠵᠣᠬᠢᠴᠠᠩᠭᠤᠶ ᠰᠢᠨ᠎ᠡ ᠠᠶᠠᠰ ᠢ ᠴᠢᠪᠬᠠᠳᠠᠶ᠎ᠠ
ᠨᠡᠶᠢᠲᠡᠯᠡᠭᠰᠡᠨ ᠴᠠᠭ᠄
2024/9/27
    ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠶᠠᠨᠨᠠᠭᠤᠷ ᠤᠨ ᠦᠨᠳᠦᠰᠦᠲᠡᠨ ᠨᠦᠭᠦᠳ ᠤᠨ ᠳᠦᠷᠰᠦ ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠳᠦᠷᠰᠦ ᠪᠠᠶᠢᠳᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠢ᠃    ᠰᠡᠳᠬᠢᠯ ᠰᠠᠨᠠᠭ᠎ᠠ ᠪᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠦᠯᠬᠦᠮᠳᠡᠯ ᠡᠶ᠎ᠡ ᠵᠣᠬᠢᠴᠠᠩᠭᠤᠢ ᠪᠠᠷ ᠰᠢᠨ᠎ᠡ ᠠᠮᠵᠢᠯᠲᠠ ᠪᠦᠲᠦᠮᠵᠢ ᠣᠯᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ ᠪᠠᠶᠠᠨᠨᠠᠭᠤᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠤᠷᠠᠳ ᠤᠨ ᠲᠠᠯ᠎ᠠ ᠨᠤᠲᠤᠭ ᠲᠤ ᠰᠡᠳᠬᠢᠯ ᠨᠢᠭᠡᠳᠦᠨ ᠵᠡᠭᠦᠳᠦ ᠪᠠᠨ ᠲᠡᠷᠭᠡᠯᠰᠢᠭᠦᠯᠬᠦ ᠠᠭᠤᠤ ᠶᠡᠭᠡ ᠬᠦᠭ ᠠᠶᠠᠰ ᠬᠠᠩᠭᠢᠨᠠᠵᠤ᠂ ᠪᠣᠷᠣᠲᠣᠬᠤᠢ ᠶᠢᠨ ᠡᠬᠡ ᠭᠠᠵᠠᠷ ᠲᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠡᠷᠡᠯ ᠭᠢᠯᠪᠠᠭ᠎ᠠ ᠰᠠᠴᠤᠷᠠᠨ᠎ᠠ᠃    ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃︾    ᠴᠠᠭ ᠦᠶ᠎ᠡ ᠲᠤᠮᠤ ᠠᠯᠬᠤᠮ ᠢᠶᠠᠷ ᠤᠷᠤᠭᠰᠢᠯᠠᠵᠤ᠂ ᠲᠡᠮᠡᠴᠡᠯ ᠤᠨ ᠠᠯᠬᠤᠭ᠎ᠠ ᠵᠣᠭᠰᠣᠬᠤ ᠦᠭᠡᠢ᠃ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠮᠢᠨ ᠰᠤᠳᠠᠰᠤ ᠶᠢ ᠰᠠᠶᠢᠲᠤᠷ ᠰᠠᠬᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠡᠳᠬᠢᠯ ᠬᠥᠳᠡᠯᠭᠡᠮ᠎ᠡ ᠬᠠᠭᠤᠳᠠᠰᠤ ᠶᠢ ᠵᠢᠷᠤᠭᠯᠠᠪᠠ᠃    ᠭᠤᠤᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠦᠨ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠶ᠎ᠠ᠃ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠣᠯ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠪᠠᠲᠤ ᠪᠠᠬᠢ ᠰᠠᠭᠤᠷᠢ ᠮᠥᠨ᠃    ᠦᠷ᠎ᠡ ᠶᠢᠨ ᠵᠢᠯ ᠠᠴᠠ ᠨᠠᠭᠠᠰᠢ᠂ ᠮᠠᠨ ᠤ ᠬᠤᠲᠠ ᠳᠡᠭᠡᠰᠦ ᠬᠡᠮᠵᠢᠶ᠎ᠡ ᠪᠠᠷ ᠠᠬᠢᠭᠤᠯᠬᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠪᠦᠬᠦ ᠣᠷᠣᠨ ᠪᠦᠰᠡ ᠪᠠᠷ ᠠᠬᠢᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠰᠢᠨ᠎ᠡ ᠳᠡᠭᠲᠡᠷ ᠲᠤ ᠭᠠᠷᠪᠠ᠃    ᠨᠠᠮ ᠤᠨ ᠬᠤᠷᠢᠶ᠎ᠠ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠮᠠᠨ ᠤ ᠬᠤᠲᠠ ᠦᠨᠳᠦᠰᠦᠲᠡᠨ ᠤ ᠠᠵᠢᠯ ᠤᠨ ᠬᠤᠷᠠᠯ ᠬᠤᠷᠠᠯᠳᠤᠭᠤᠯᠵᠤ᠂ ᠭᠤᠷᠪᠠᠨ ᠱᠠᠲᠤᠨ ᠤ ᠨᠠᠮ ᠤᠨ ᠬᠤᠷᠢᠶ᠎ᠠ᠂ ᠵᠠᠰᠠᠭ ᠣᠨ ᠣᠷᠳᠣᠨ ᠤ ︽ᠨᠢᠭᠡᠳᠦᠭᠡᠷ ᠭᠠᠷ︾ ᠢ ︽ᠬᠤᠣᠰ ᠳᠤᠭᠤᠢᠯᠠᠩ ᠤᠨ ᠳᠠᠷᠤᠭ᠎ᠠ︾ ᠶᠢᠨ ᠤᠳᠤᠷᠢᠳᠬᠤ ᠪᠠᠢᠭᠤᠯᠤᠮᠵᠢ ᠶᠢ ᠪᠠᠶᠢᠭᠤᠯᠵᠤ᠂ ᠪᠦᠬᠦ ᠤᠯᠤᠰ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠢᠭᠤᠯᠬᠤ ᠶᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠤᠯᠤᠰ ᠲᠥᠷᠦ ᠶᠢᠨ ᠪᠠᠶᠢᠴᠠᠭᠠᠯᠲᠠ᠂ ᠲᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ᠂ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠪᠠ᠃ ︽ᠪᠠᠶᠠᠨᠨᠠᠭᠤᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ︵20212025 ᠣᠨ︶︾ ︽ᠪᠠᠶᠠᠨᠨᠠᠭᠤᠷ ᠬᠤᠲᠠ ᠶᠢᠨ ︿ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ﹀ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠲᠥᠰᠦᠯ︾ ᠵᠡᠷᠭᠡ ᠪᠢᠴᠢᠭ ᠮᠠᠲ᠋ᠧᠷᠢᠶᠠᠯ ᠤᠷᠢᠳ ᠬᠤᠵᠢᠳ ᠨᠡᠶᠢᠲᠡᠯᠡᠭᠳᠡᠪᠡ᠃    ᠪᠦᠬᠦ ᠬᠦᠷᠢᠶ᠎ᠡ ᠴᠠᠷᠠᠭ᠎ᠠ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠤᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠭᠦᠳᠦᠨ ᠪᠠᠶᠢᠭᠤᠯᠬᠤ ᠠᠵᠢᠯ ᠤᠨ ᠪᠣᠭᠤᠮᠲᠠ ᠰᠢᠪᠲᠤᠯᠬᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠪᠠᠶᠢᠭᠤᠯᠬᠤ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠨᠡᠶᠢᠭᠡᠮ ᠤᠨ ᠬᠦᠴᠦᠨ ᠢ ᠲᠠᠶᠢᠴᠢᠯᠠᠨ ᠢᠳᠡᠪᠬᠢᠲᠡᠢ ᠣᠷᠣᠯᠴᠠᠭᠤᠯᠪᠠ᠃ ᠪᠥᠬᠦ ᠬᠤᠲᠠ ᠶᠢᠨ ᠭᠤᠷᠪᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ 70 ᠵᠢᠱᠢᠶᠡᠴᠢ ᠬᠠᠮᠲᠤ ᠨᠡᠶᠢᠲᠡ᠂ 80 ᠵᠢᠱᠢᠶᠡᠴᠢ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃    ᠦᠵᠡᠯ ᠰᠠᠨᠠᠭ᠎ᠠ ᠪᠠᠷ ᠪᠦᠬᠦᠨ ᠢ ᠬᠠᠮᠤᠷᠬᠤ ᠶᠢ ᠬᠥᠲᠥᠯᠥᠨ ᠳᠠᠭᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢᠶᠠᠨ ᠢᠳᠡᠪᠬᠢᠲᠡᠶ ᠪᠠᠶᠢᠭᠤᠯᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠤᠬᠠᠭᠤᠯᠭ᠎ᠠ ᠶᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠪᠥᠬᠦ ᠲᠠᠯ᠎ᠠ ᠪᠠᠷ ᠠᠬᠢᠭᠤᠯᠬᠤ ᠶᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃    ᠬᠥᠭᠵᠢᠯᠲᠡ ᠶᠢ ᠠᠬᠢᠭᠤᠯᠤᠭᠰᠠᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠦᠷᠲᠡᠭᠡᠪᠡ᠃ ᠤᠷᠠᠳ ᠤᠨ ᠬᠤᠶᠢᠲᠤ ᠬᠤᠰᠢᠭᠤᠨ ᠤ ᠬᠦᠬᠡ ᠥᠨᠳᠥᠷ ᠪᠠᠯᠭᠠᠰᠤᠨ ᠤ ᠭᠤᠸᠠᠩ ᠯᠢᠨ ᠲᠣᠰᠬᠤᠨ ᠤ ᠮᠤᠩ ᠶᠤᠸᠠᠨ ᠴᠡᠴᠡᠭ ᠤᠨ ᠮᠦᠭᠦ ᠲᠠᠷᠢᠬᠤ ᠰᠠᠭᠤᠷᠢᠨ ᠳᠤ᠂ ᠴᠡᠴᠡᠭ ᠤᠨ ᠮᠦᠭᠦ ᠶᠢᠨ ᠲᠤᠮᠤ ᠬᠦᠯᠡᠮᠵᠢ ᠶᠢᠨ ᠬᠠᠶᠢᠷᠰᠤ ᠶᠢ ᠵᠢᠭᠳᠡᠷᠡᠭᠦᠯᠵᠦ᠂ ᠬᠦᠯᠡᠮᠵᠢ ᠶᠢᠨ ᠮᠦᠭᠦ ᠶᠢᠨ ᠪᠠᠭᠠᠨ᠎ᠠ ᠳᠡᠭᠡᠷ᠎ᠡ ᠴᠡᠴᠡᠭ ᠤᠨ ᠮᠦᠭᠦ ᠪᠠᠷ ᠬᠦᠷᠡᠩ ᠦᠩᠭᠡ ᠶᠢᠨ ︽ᠴᠡᠴᠡᠭ ᠤᠨ ᠰᠢᠬᠦᠷ︾ ᠢ ᠪᠤᠰᠬᠠᠪᠠ᠃ ᠡᠨᠡ ᠪᠣᠯ ᠲᠤᠬᠠᠢ ᠶᠢᠨ ᠭᠠᠵᠠᠷ ᠤᠨ ᠬᠢᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ 188 ᠲᠦᠮᠡᠨ ᠲᠥᠭᠦᠷᠢᠭ ᠣᠯᠵᠤ ᠪᠠᠶᠢᠭᠤᠯᠤᠭᠰᠠᠨ 100 ᠮᠦ ᠴᠡᠴᠡᠭᠲᠦ ᠮᠥᠭᠦ ᠲᠠᠷᠢᠬᠤ ᠠᠵᠤ ᠦᠢᠯᠡᠰ ᠤᠨ ᠰᠠᠭᠤᠷᠢᠨ ᠪᠣᠯᠤᠨ᠎ᠠ᠂ ᠬᠦᠯᠡᠮᠵᠢ ᠪᠦᠷᠢ ᠶᠢᠨ ᠵᠢᠯ ᠤᠨ ᠦᠢᠯᠡᠳᠪᠦᠷᠢᠯᠡᠯ ᠤᠨ ᠦᠷᠳᠡᠭ ᠨᠢ 10 ᠲᠦᠮᠡᠨ ᠲᠥᠭᠦᠷᠢᠭ ᠲᠤ ᠬᠦᠷᠴᠦ᠂ ᠲᠠᠷᠢᠶᠠᠴᠢᠨ ᠡᠷᠦᠬᠡ ᠶᠢ ᠳᠠᠶᠢᠴᠢᠯᠠᠨ ᠵᠢᠯ ᠤᠨ ᠣᠷᠣᠯᠭ᠎ᠠ ᠨᠢ 3 ᠲᠦᠮᠡᠨ ᠲᠥᠭᠦᠷᠢᠭ ᠲᠤ ᠬᠦᠷᠴᠦ ᠪᠠᠶᠢᠨ᠎ᠠ᠃ ︽ᠮᠠᠨ ᠤ ᠴᠡᠴᠡᠭᠲᠦ ᠮᠥᠭᠦ ᠵᠢᠯ ᠳᠤ 6 ᠤᠳᠠᠭ᠎ᠠ ᠭᠠᠷᠳᠠᠭ᠂ ᠭᠠᠷᠤᠯᠲᠠ ᠪᠣᠯᠤᠨ ᠶᠠᠰᠤ ᠴᠢᠨᠠᠷ ᠲᠣᠭᠲᠠᠭᠤᠨ᠂ ᠦᠷ᠎ᠡ ᠠᠰᠢᠭ ᠴᠤ ᠨᠡᠯᠢᠶᠡᠳ ᠰᠠᠶᠢᠨ᠂ ᠣᠲᠣ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠳᠡᠭᠡᠨ ᠬᠥᠷᠬᠦ ᠥᠬᠡᠶ ᠪᠠᠶᠢᠨ᠎ᠠ ᠭᠡᠵᠦ ᠭᠤᠸᠠᠩ ᠯᠢᠨ ᠲᠣᠰᠬᠤᠨ ᠤ ᠲᠠᠪᠤᠳᠤᠭᠠᠷ ᠳᠤᠭᠤᠶᠢᠯᠠᠩ ᠤᠨ ᠲᠣᠰᠬᠤᠨ ᠤ ᠠᠷᠠᠳ ᠵᠤᠤ ᠵᠢᠢ ᠱᠠᠨ ᠬᠡᠯᠡᠪᠡ᠃    ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠦᠷ ᠪᠠᠯᠭᠠᠰᠤᠨ ᠳᠤ ᠪᠠᠶᠢᠷᠢᠯᠠᠭ᠎ᠠ ᠥᠪᠥᠷ ᠮᠣᠩᠭᠤᠯ ᠤᠨ ᠢᠩᠭᠡᠰᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠲᠡᠮᠡᠭᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠠᠯᠠᠪᠠᠶ ᠳᠤ᠂ ᠬᠠᠰᠢᠶ᠎ᠠ ᠶᠢᠨ ᠳᠣᠲᠣᠷᠠᠬᠢ 80 ᠭᠠᠷᠤᠶ ᠤᠯᠠᠭᠠᠨ ᠲᠡᠮᠡᠭᠡᠨ ᠤ ᠪᠥᠬᠦ ᠨᠢ ᠰᠡᠬᠦ᠋ᠢᠨ ᠰᠦᠨᠳᠡᠷᠯᠡᠵᠦ᠂ ᠲᠠᠷᠭᠤ ᠬᠦᠴᠦ ᠰᠠᠶᠢᠲᠠᠶ ᠪᠠᠶᠢᠯ᠎ᠠ᠃ ᠡᠨᠡ ᠰᠠᠭᠤᠷᠢᠨ ᠭᠠᠵᠠᠷ ᠭᠤᠤᠯᠳᠠᠭᠤ ︽ᠠᠵᠤ ᠠᠬᠤᠶᠢᠯᠠᠯ + ᠬᠤᠷᠰᠢᠶ᠎ᠠ + ᠮᠠᠯᠵᠢᠬᠤ ᠡᠷᠦᠬᠡ︾ ᠶᠢᠨ ᠵᠠᠭᠪᠤᠷ ᠢ ᠬᠡᠷᠡᠭᠯᠡᠨ᠎ᠡ᠃ ᠲᠡᠮᠡᠭᠡᠨ ᠤ ᠲᠦᠷᠢᠶᠡᠰᠦᠯᠡᠯ ᠤᠨ ᠬᠤᠭᠤᠴᠠᠭᠠᠨ ᠳᠤ ᠲᠡᠮᠡᠭᠡᠨ ᠤ ᠰᠦ᠋᠂ ᠨᠣᠣᠰᠣ ᠨᠣᠣᠯᠣᠭᠤᠷ ᠨᠢ ᠰᠠᠭᠤᠷᠢᠨ ᠭᠠᠵᠠᠷ ᠲᠤ ᠥᠮᠴᠢᠯᠡᠭᠳᠡᠵᠦ᠂ ᠲᠦᠷᠢᠶᠡᠰᠦᠯᠡᠯ ᠤᠨ ᠬᠤᠭᠤᠴᠠᠭ᠎ᠠ ᠳᠠᠭᠤᠰᠤᠭᠰᠠᠨ ᠤ ᠲᠠᠷᠠᠭ᠎ᠠ ᠮᠠᠯᠴᠢᠳ ᠲᠤ ᠲᠦᠷᠢᠶᠡᠰᠦᠯᠡᠯ ᠤᠨ ᠵᠠᠷᠤᠳᠠᠯ ᠲᠤᠰᠢᠶᠠᠵᠤ᠂ ᠢᠩᠭᠡ᠂ ᠪᠣᠲᠣᠭᠤ ᠨᠢ ᠮᠥᠨ ᠯᠡ ᠮᠠᠯᠴᠢᠳ ᠲᠤ ᠥᠮᠴᠢᠯᠡᠭᠳᠡᠨ᠎ᠡ᠃ ᠡᠨᠡ ᠬᠦ ᠵᠠᠭᠪᠤᠷ ᠨᠢ ᠲᠤᠬᠠᠶ ᠶᠢᠨ ᠭᠠᠵᠠᠷ ᠤᠨ ᠮᠠᠯᠴᠢᠳ ᠤᠨ ᠢᠩᠭᠡ ᠲᠡᠵᠢᠭᠡᠬᠦ ᠥᠪᠡᠷ ᠤᠨ ᠥᠷᠲᠡᠭ ᠨᠡᠯᠢᠶᠡᠳ ᠥᠨᠳᠥᠷ ᠪᠠᠶᠢᠭ᠎ᠠ ᠠᠰᠠᠭᠤᠳᠠᠯ ᠢ ᠰᠢᠢᠳᠪᠦᠷᠢᠯᠡᠭᠰᠡᠨ ᠪᠥᠭᠡᠳ ᠮᠠᠯᠴᠢᠳ ᠤᠨ ᠣᠷᠣᠯᠭ᠎ᠠ ᠶᠢ ᠴᠤ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ᠃ ᠰᠢᠷᠠᠨᠠᠭᠤᠷ ᠭᠠᠴᠠᠭᠠᠨ ᠤ ᠮᠠᠯᠴᠢᠨ ᠴᠣᠭᠲᠤ᠄ ︽ᠰᠠᠭᠤᠷᠢᠨ ᠭᠠᠵᠠᠷ ᠤᠨ ᠲᠡᠮᠡᠭᠡ ᠲᠡᠵᠢᠭᠡᠬᠦ ᠵᠠᠭᠪᠤᠷ ᠮᠠᠰᠢ ᠰᠠᠶᠢᠨ᠃ ᠲᠡᠮᠡᠭᠡ ᠶᠢ ᠠᠳᠡ ᠬᠦᠷᠭᠡᠵᠦ ᠥᠭᠬᠦ ᠳᠤ᠂ ᠪᠢ ᠥᠪᠡᠷ ᠢᠶᠠᠨ ᠡᠪᠡᠰᠦ ᠪᠣᠷᠳᠤᠭ᠎ᠠ ᠬᠤᠳᠠᠯᠳᠤᠨ ᠠᠪᠴᠤ ᠲᠡᠵᠢᠭᠡᠬᠦ ᠬᠡᠷᠡᠭ ᠦᠭᠡᠢ᠂ ᠨᠢᠭᠡ ᠪᠦᠯᠦᠭ ᠵᠠᠷᠤᠳᠠᠯ ᠢ ᠠᠷᠪᠢᠯᠠᠪᠠᠯ᠂ ᠪᠠᠰᠠ ᠨᠢᠭᠡ ᠬᠡᠰᠡᠭ ᠲᠦᠷᠢᠶᠡᠰᠦᠨ ᠮᠥᠩᠭᠦ ᠣᠯᠤᠨ᠎ᠠ᠃︾    ᠬᠢᠯᠢ ᠬᠢᠵᠠᠭᠠᠷ ᠤᠨ ᠬᠤᠰᠢᠭᠤ᠂ ᠤᠷᠠᠳ ᠤᠨ ᠬᠤᠶᠢᠲᠤ ᠬᠤᠰᠢᠭᠤ ᠪᠣᠯᠤᠭᠰᠠᠨ ᠤ ᠬᠤᠪᠢ ᠳᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠰᠦᠪᠡᠭᠴᠢᠯᠡᠵᠦ᠂ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠨᠢᠭᠡᠨᠲᠡ ᠪᠠᠶᠢᠭᠤᠯᠤᠭᠰᠠᠨ 24 ᠮᠠᠯ ᠢ ᠨᠠᠶᠢᠳᠠᠨ ᠲᠡᠵᠢᠭᠡᠯᠭᠡᠬᠦ ᠭᠠᠵᠠᠷ ᠢ ᠳᠡᠮᠵᠢᠵᠦ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠯ ᠢ ᠴᠢᠩᠭᠠᠳᠬᠠᠨ᠂ ᠰᠦᠷᠦᠭᠯᠡᠨ ᠬᠥᠭᠵᠢᠬᠦ ᠶᠢ ᠠᠬᠢᠭᠤᠯᠵᠤ᠂ ︽ᠲᠡᠮᠡᠭᠡ ᠶᠢ ᠨᠡᠮᠡᠭᠳᠡᠭᠦᠯᠦᠨ ᠦᠬᠡᠷ ᠢ ᠲᠣᠭᠲᠠᠪᠤᠷᠢᠵᠢᠭᠤᠯᠵᠤ᠂ ᠬᠤᠨᠢ ᠶᠢ ᠴᠥᠭᠡᠳᠬᠡᠨ ᠡᠯᠵᠢᠭᠡ ᠶᠢ ᠬᠥᠩᠭᠡᠯᠡᠬᠦ︾ ᠮᠠᠯ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠨ᠎ᠡ᠃    ᠦᠷ᠎ᠡ ᠶᠢᠨ ᠵᠢᠯ ᠳᠤ᠂ ᠮᠠᠨ ᠤ ᠬᠤᠲᠠ ᠠᠷᠠᠳ ᠤᠨ ᠠᠮᠢᠳᠤᠷᠠᠯ ᠢ ᠰᠠᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠠᠵᠤ ᠠᠬᠤᠢ ᠶᠢᠨ ᠬᠥᠭᠵᠢᠯᠲᠡ ᠶᠢᠨ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠡᠷᠬᠡ ᠲᠡᠭᠰᠢ ᠪᠠᠷ ᠬᠦᠷᠲᠡᠭᠡᠪᠡ᠃ ᠤᠷᠢᠳ ᠬᠤᠵᠢᠳ 3 ᠪᠦᠯᠦᠭ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠨᠡᠶᠢᠲᠡ 1 . 71 ᠳ᠋ᠦᠩᠰᠢᠭᠤᠷ ᠲᠥᠭᠦᠷᠢᠭ ᠣᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠤᠢᠭᠡᠢ ᠰᠠᠶᠢᠵᠢᠷᠠᠭᠤᠯᠵᠤ᠂ ᠣᠯᠠᠨ ᠲᠦᠮᠡᠨ ᠢ ᠨᠡᠩ ᠴᠢᠩᠭ᠎ᠠ ᠡᠵᠡᠨ ᠬᠥᠮᠦᠨ ᠤ ᠦᠵᠡᠯ ᠤᠬᠠᠮᠰᠠᠷ ᠢᠶᠠᠷ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠪᠠ᠃ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ  ᠰᠢᠢᠳᠪᠦᠷᠢᠯᠡᠬᠦ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ  ᠵᠦᠢᠯ ᠤᠨ ᠠᠵᠤ ᠠᠬᠤᠶᠢᠯᠠᠯ ᠤᠨ ᠳᠠᠮ ᠬᠦᠦ ᠲᠠᠢ ᠪᠠᠯᠠ ᠮᠥᠩᠭᠦ ᠶᠢ 3217 ᠲᠦᠮᠡᠨ ᠲᠥᠭᠦᠷᠢᠭ ᠭᠤᠶᠤᠴᠢᠯᠠᠪᠠ᠃ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤ︾ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ ᠤᠨ ᠬᠦᠷᠢᠶᠡᠨ ᠳᠤ ᠰᠠᠨᠠᠭᠠᠴᠢᠯᠠᠭ᠎ᠠ ᠠᠴᠠ ᠪᠠᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ  ᠵᠦᠢᠯ ᠤᠨ ᠠᠵᠤ ᠠᠬᠤᠶᠢᠯᠠᠯ ᠬᠢᠭᠡᠳ ᠬᠢᠯᠢ ᠬᠢᠵᠠᠭᠠᠷ ᠲᠤ ᠬᠥᠷᠬᠦ ᠭᠠᠴᠠᠭ᠎ᠠ ᠶᠢ ᠵᠣᠬᠢᠶᠠᠨ ᠪᠠᠶᠢᠭᠤᠯᠵᠤ ᠬᠤᠤᠰᠯᠠᠯ ᠪᠠᠶᠢᠭᠤᠯᠤᠨ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠨᠢᠭᠡᠨᠲᠡ 17 ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ ᠤᠨ ᠠᠵᠤ ᠠᠬᠤᠶᠢᠯᠠᠯ ᠢ ᠰᠢᠯᠢᠨ ᠰᠣᠩᠭᠤᠵᠤ ᠬᠢᠯᠢ ᠬᠢᠵᠠᠭᠠᠷ ᠲᠤ ᠬᠥᠷᠬᠦ ᠭᠠᠴᠠᠭ᠎ᠠ ᠲᠠᠢ ᠬᠤᠤᠰᠯᠠᠯ ᠪᠠᠶᠢᠭᠤᠯᠤᠨ ᠬᠠᠮᠲᠤ ᠪᠠᠷ ᠪᠠᠶᠢᠭᠤᠯᠬᠤ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ  ᠵᠦᠢᠯ ᠤᠨ ᠠᠵᠤ ᠠᠬᠤᠶᠢᠯᠠᠯ ᠬᠢᠭᠡᠳ ᠬᠢᠯᠢ ᠬᠢᠵᠠᠭᠠᠷ ᠲᠤ ᠬᠥᠷᠬᠦ ᠭᠠᠴᠠᠭ᠎ᠠ ᠶᠢᠨ ᠬᠠᠷᠢᠯᠴᠠᠨ ᠠᠬᠢᠭᠤᠯᠵᠤ ᠬᠠᠮᠲᠤ ᠪᠠᠷ ᠠᠰᠢᠭ ᠭᠥᠷᠳᠡᠬᠦ ᠶᠢ ᠠᠬᠢᠭᠤᠯᠪᠠ᠃    ᠬᠥᠭᠵᠢᠯᠲᠡ ᠪᠠᠷ ᠠᠷᠠᠳ ᠤᠨ ᠠᠮᠢᠳᠤᠷᠠᠯ ᠢ ᠠᠬᠢᠭᠤᠯᠵᠤ᠂ ᠠᠷᠠᠳ ᠤᠨ ᠠᠮᠢᠳᠤᠷᠠᠯ ᠢᠶᠠᠷ ᠪᠦᠯᠬᠦᠮᠳᠡᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠡᠴᠡᠭ ᠲᠠᠰᠤᠷᠠᠯᠳᠠ ᠦᠭᠡᠢ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃    ᠤᠬᠠᠭᠤᠯᠭ᠎ᠠ ᠪᠠᠨ ᠴᠢᠩᠭᠠᠳᠬᠠᠵᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠶ᠎ᠠ᠃ ᠦᠨᠳᠦᠰᠦᠲᠡᠨ ᠤ ᠪᠦᠯᠬᠦᠮᠳᠡᠯ ᠪᠣᠯ ᠬᠥᠮᠦᠨ ᠬᠥᠮᠦᠨ ᠤ ᠬᠤᠭᠤᠷᠣᠨᠳᠣᠬᠢ ᠪᠦᠯᠬᠦᠮᠳᠡᠯ ᠮᠥᠨ᠂ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠬᠤ ᠴᠢᠬᠤᠯᠠᠲᠠᠢ᠃    ᠴᠢᠬᠢᠨ ᠳᠤ ᠠᠶᠠᠲᠠᠶ ᠲᠡᠮᠡᠭᠡᠨ ᠵᠢᠩ ᠤᠨ ᠬᠤᠩᠬᠤᠨ ᠳᠤᠮᠳᠠ᠂ ᠨᠢᠭᠡᠨ ᠤᠯᠠᠭᠠᠨ ᠲᠡᠮᠡᠭᠡᠨ ᠤ ᠤᠬᠠᠭᠤᠯᠤᠨ ᠲᠠᠶᠢᠯᠪᠤᠷᠢᠯᠠᠬᠤ ᠠᠩᠭᠢ ᠳᠣᠪᠣᠴᠠᠭ ᠳᠣᠪᠣᠴᠠᠭ ᠢ ᠳᠠᠪᠠᠵᠤ᠂ ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠦᠷ ᠪᠠᠯᠭᠠᠰᠤᠨ ᠤ ᠰᠢᠨ᠎ᠡ ᠤᠰᠤ ᠭᠠᠴᠠᠭ᠎ᠠ ᠳᠤ ᠢᠷᠡᠪᠡ᠃ ᠤᠯᠠᠭᠠᠨ ᠲᠡᠮᠡᠭᠡᠨ ᠤ ᠤᠬᠠᠭᠤᠯᠤᠨ ᠲᠠᠶᠢᠯᠪᠤᠷᠢᠯᠠᠬᠤ ᠠᠩᠭᠢ ᠨᠢ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ᠂ ᠨᠠᠮ ᠤᠨ ᠰᠤᠷᠭᠠᠭᠤᠯᠢ ᠶᠢᠨ ᠪᠠᠭᠰᠢ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠵᠡᠷᠭᠡ 21 ᠬᠥᠮᠦᠨ ᠢᠶᠠᠷ ᠪᠦᠷᠢᠯᠳᠦᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠨᠠᠮ ᠤᠨ ᠲᠠᠭᠤᠨ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠮᠠᠯᠴᠢᠳ ᠤᠨ ᠳᠡᠷᠭᠡᠳᠡ ᠬᠦᠷᠭᠡᠵᠦ᠂ ᠬᠢᠯᠢ ᠶᠢᠨ ᠮᠠᠯᠴᠢᠳ ᠤᠨ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ︽ᠤᠬᠠᠭᠤᠯᠤᠨ ᠲᠠᠶᠢᠯᠪᠤᠷᠢᠯᠠᠬᠤ ᠠᠩᠬᠢ ᠢᠷᠡᠬᠦ ᠪᠣᠯᠭᠠᠨ ᠲᠦᠷᠦ ᠶᠢᠨ ᠪᠤᠳᠤᠯᠭ᠎ᠠ ᠶᠢ ᠶᠠᠷᠢᠬᠤ ᠪᠠᠷ ᠪᠠᠷᠠᠬᠤ ᠦᠭᠡᠢ᠂ ᠪᠠᠰᠠ ᠪᠢᠳᠡᠨ ᠢ ᠬᠠᠪᠰᠤᠷᠤᠨ ᠡᠯ᠎ᠡ ᠵᠦᠢᠯ ᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠢᠳᠡᠰᠢᠨ ᠨᠣᠭᠤᠭ᠎ᠠ᠂ ᠡᠮ ᠲᠠᠩ ᠵᠡᠷᠭᠡ ᠶᠢ ᠣᠷᠣᠯᠠᠨ ᠬᠤᠳᠠᠯᠳᠤᠨ ᠠᠪᠴᠤ ᠦᠭᠳᠡᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号