ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠭᠤᠤ ᠷᠦᠨ ᠰᠢ ᠬᠥᠯᠥᠨ ᠪᠤᠶᠢᠷ ᠬᠤᠳᠠ ᠶᠢᠨ ᠳᠠᠷᠤᠭ᠎ᠠ ᠵᠢᠴᠢ ᠶᠦᠩ ᠴᠢᠶᠠᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 27 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠭᠤᠤ ᠷᠦᠨ ᠰᠢ ᠬᠥᠯᠥᠨ ᠪᠤᠶᠢᠷ ᠬᠤᠲᠠ ᠶᠢᠨ ᠳᠠᠷᠤᠭ᠎ᠠ ᠵᠢᠴᠢ ᠶᠦᠩ ᠴᠢᠶᠠᠨ ᠨᠠᠷ ᠲᠠᠢ ᠠᠭᠤᠯᠵᠠᠪᠠ᠃
W020240928433130590171.jpg
    ᠭᠤᠤ ᠷᠦᠨ ᠰᠢ ᠶᠦᠩ ᠴᠢᠶᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠥᠯᠥᠨ ᠪᠤᠶᠢᠷ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠤᠢᠢᠷ᠎ᠠ ᠶᠢᠨ ᠵᠢᠯ ᠠᠴᠠ ᠬᠥᠯᠥᠨ ᠪᠤᠶᠢᠷ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠲᠣᠭᠲᠠᠭᠤᠨ ᠢᠶᠠᠷ ᠠᠬᠢᠵᠦ᠂ ᠯᠠᠪᠳᠠᠭᠤᠨ ᠪᠠᠲᠤᠲᠠᠢ ᠪᠦᠲᠦᠮᠵᠢᠲᠡᠢ ᠶᠠᠪᠤᠭᠳᠠᠵᠤ ᠪᠠᠶᠢᠨ᠎ᠠ᠂ ᠬᠥᠭᠵᠢᠯᠲᠡ ᠪᠣᠯᠤᠨ ᠠᠮᠤᠷ ᠲᠦᠪᠰᠢᠨ ᠢ ᠤᠯᠠᠮ ᠴᠢᠨᠠᠭᠰᠢᠳᠠ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠬᠥᠯᠥᠨ ᠪᠤᠶᠢᠷ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠢᠯᠡᠳᠬᠡᠪᠡ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠥᠯᠥᠨ ᠪᠤᠶᠢᠷ ᠬᠤᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠦᠷᠭᠦᠯᠵᠢᠯᠡᠨ ᠳᠡᠮᠵᠢᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃    ᠵᠢᠴᠢ ᠶᠦᠩ ᠴᠢᠶᠠᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠬᠥᠯᠥᠨ ᠪᠤᠶᠢᠷ ᠬᠤᠳᠠ ᠶᠢᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠪᠦᠬᠦ ᠬᠤᠳᠠ ᠶᠢᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ ᠭᠡᠵᠦ ᠢᠯᠡᠳᠬᠡᠪᠡ᠃    ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠢᠶ ᠸᠤᠨ ᠮᠢᠩ᠂ ᠬᠤᠯᠪᠣᠭᠳᠠᠯ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᠰᠢᠶᠤᠤ ᠮᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠤᠷᠦᠯᠴᠠᠵᠠᠢ᠃
W020240928433131442028.jpg
 
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号