ᠲᠤᠰᠬᠠᠶ ᠮᠡᠷᠭᠡᠵᠢᠯᠲᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠳᠤ ᠲᠠᠶᠢᠯᠤᠮᠵᠢ ᠬᠢᠵᠦ ᠪᠠᠴᠢᠮ ᠪᠠᠶᠢᠳᠠᠯ ᠢ ᠠᠷᠭᠠᠴᠠᠭᠠᠬᠤ ᠬᠠᠤᠯᠢᠵᠢᠯ ᠤᠨ ᠪᠠᠲᠤᠯᠠᠭ᠎ᠠ ᠪᠠᠨ ᠴᠢᠩᠭᠠᠳᠬᠠᠵᠤ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠶᠢᠨ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2024/9/29
    2024 ᠣᠨ ᠤ 6 ᠳ᠋ᠤᠭᠠᠷ ᠰᠠᠷ᠎ᠠ ᠶᠢᠨ 28 ᠤ ᠡᠳᠦᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠣᠷᠣᠭᠤᠯᠤᠭᠰᠠᠨ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︵ᠳᠣᠷᠣᠭᠰᠢ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠭᠡᠵᠦ ᠲᠣᠪᠴᠢᠯᠠᠨ᠎ᠠ︶ ᠶᠢ ᠥᠨᠳᠥᠷ ᠪᠢᠯᠧᠲ ᠢᠶᠠᠷ ᠪᠠᠲᠤᠯᠠᠵᠤ᠂ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠵᠠᠭᠤᠴᠢᠯᠠᠭᠤᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠷᠠᠳ ᠢᠷᠭᠡᠨ ᠵᠡᠷᠭᠡ ᠶᠢᠨ ᠬᠠᠤᠯᠢ ᠶᠣᠰᠣᠭᠠᠷ ᠡᠮᠬᠢ ᠵᠢᠷᠤᠮ ᠲᠠᠢ ᠣᠷᠣᠯᠴᠠᠬᠤ ᠶᠢ ᠵᠢᠷᠤᠮᠵᠢᠭᠤᠯᠵᠤ᠂ ᠬᠥᠮᠦᠨ ᠤ ᠡᠷᠬᠡ ᠶᠢᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠪᠠ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠢ  ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠵᠠᠮ ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠠᠰᠢᠭᠲᠠᠶ ᠶᠤᠮ᠃    ᠨᠢᠭᠡ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠤᠭᠰᠠᠨ ᠴᠢᠬᠤᠯᠠ ᠶᠡᠭᠡ ᠠᠴᠢ ᠬᠤᠯᠪᠣᠭᠳᠠᠯ    ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠪᠣᠯ ᠭᠡᠨᠡᠳᠲᠡ ᠶᠢᠨ ᠬᠡᠷᠡᠭ ᠢ ᠠᠷᠭᠠᠴᠠᠭᠠᠬᠤ ᠬᠦᠷᠢᠶᠡᠨ ᠳᠠᠬᠢ ᠰᠠᠭᠤᠷᠢᠯᠠᠬᠤ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠬᠠᠤᠯᠢ ᠴᠠᠭᠠᠵᠠ ᠮᠥᠨ᠂ ᠲᠣᠰ ᠤᠳᠠᠭ᠎ᠠ ᠪᠥᠬᠦ ᠲᠠᠯ᠎ᠠ ᠪᠠᠷ ᠵᠠᠰᠠᠪᠤᠷᠢ ᠣᠷᠣᠭᠤᠯᠤᠭᠰᠠᠨ ᠶᠠᠪᠤᠳᠠᠯ ᠪᠣᠯ ᠪᠠᠴᠢᠮ ᠪᠠᠶᠢᠳᠠᠯ ᠢ ᠠᠷᠭᠠᠴᠠᠭᠠᠬᠤ ᠬᠠᠤᠯᠢ ᠪᠠᠷ ᠵᠠᠰᠠᠬᠤ ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠪᠡᠯᠭᠡ ᠲᠡᠮᠳᠡᠭ ᠮᠥᠨ ᠪᠣᠯᠬᠤᠷ ᠣᠯᠠᠨ ᠲᠠᠯ᠎ᠠ ᠶᠢᠨ ᠴᠢᠬᠤᠯᠠ ᠠᠴᠢ ᠬᠤᠯᠪᠣᠭᠳᠠᠯ ᠲᠠᠢ ᠶᠤᠮ᠃    ᠨᠢᠭᠡᠳᠦᠭᠡᠷ ᠲᠤ᠂ ᠭᠡᠨᠡᠳᠲᠡ ᠡᠭᠦᠰᠦᠭᠰᠡᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠠᠮᠢᠳᠤᠯᠢᠭ ᠦᠢᠯᠡᠳᠦᠯᠭᠡ ᠮᠥᠨ᠃ ᠶᠡᠷᠦᠩᠬᠡᠢ ᠱᠦᠵᠢ ᠰᠢ ᠶᠢᠨ ᠫᠢᠩ᠄ ︽ᠪᠢᠳᠡ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠪᠠᠶᠢᠭᠤᠯᠤᠯ ᠤᠨ ᠰᠦᠷ ᠬᠦᠴᠦᠨ ᠢᠶᠠᠷ ᠠᠶᠤᠯ ᠲᠦᠭᠰᠢᠭᠦᠷᠢ ᠥᠷᠢᠰᠥᠯᠳᠦᠭᠡᠨ ᠤ ᠳᠠᠭᠠᠷᠢᠯᠲᠠ ᠶᠢ ᠠᠷᠭᠠᠴᠠᠭᠠᠬᠤ ᠬᠡᠷᠡᠭᠲᠡᠢ᠃ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠶᠢ 2007 ᠣᠨ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠭᠡᠨᠡᠳᠲᠡ ᠶᠢᠨ ᠬᠡᠷᠡᠭ ᠠᠴᠠ ᠪᠣᠯᠤᠭᠰᠠᠨ ᠬᠦᠨᠳᠦ ᠨᠣᠴᠢᠲᠠᠶ ᠨᠡᠶᠢᠭᠡᠮ ᠤᠨ ᠬᠤᠤᠷ ᠬᠥᠨᠥᠭᠡᠯ ᠢ ᠬᠢᠵᠠᠭᠠᠷᠯᠠᠬᠤ᠂ ᠪᠠᠭᠠᠰᠬᠠᠬᠤ ᠪᠠ ᠠᠷᠢᠯᠭᠠᠬᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠴᠢᠬᠤᠯᠠ  ᠦᠢᠯᠡᠳᠦᠯ ᠦᠵᠡᠭᠦᠯᠵᠦ᠂ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠣᠨᠴᠠᠯᠢᠭ ᠪᠣᠯᠤᠨ ᠳᠠᠪᠠᠭᠤᠯᠢᠭ ᠢ  ᠭᠦᠢᠴᠡᠳ ᠢᠯᠡᠷᠡᠭᠦᠯᠦᠭᠰᠡᠨ ᠪᠠᠶᠢᠨ᠎ᠠ᠃ ᠭᠡᠪᠡᠴᠦ ᠠᠵᠤ ᠠᠬᠤᠶ ᠨᠡᠶᠢᠭᠡᠮ ᠤᠨ ᠲᠠᠰᠤᠷᠠᠯᠲᠠ ᠦᠭᠡᠶ ᠬᠥᠭᠵᠢᠬᠦ ᠶᠢ ᠳᠠᠭᠠᠯᠳᠤᠨ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠤᠨ ᠳᠤᠮᠳᠠ ᠪᠠᠰᠠ ᠵᠠᠷᠢᠮ ᠠᠰᠠᠭᠤᠳᠠᠯ ᠢᠯᠡᠷᠡᠭᠰᠡᠨ ᠪᠠᠶᠢᠨ᠎ᠠ᠃ ᠲᠣᠰ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠪᠠᠲᠤᠯᠠᠭ᠎ᠠ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠣᠷᠳᠣ ᠬᠤᠭᠤᠴᠠᠭᠠᠨ ᠤ ᠲᠤᠷᠰᠢ ᠬᠡᠷᠡᠭᠵᠢᠭᠦᠯᠦᠭᠰᠡᠭᠡᠷ ᠢᠷᠡᠭᠰᠡᠨ ᠪᠦᠲᠦᠮᠵᠢᠲᠡᠶ ᠬᠠᠤᠯᠢ ᠴᠠᠭᠠᠵᠠ ᠶᠢᠨ ᠲᠦᠷᠢᠮ ᠢ ᠰᠠᠶᠢᠲᠤᠷ ᠪᠠᠷᠢᠮᠲᠠᠯᠠᠵᠤ ᠰᠠᠶᠢᠲᠤᠷ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠴᠤᠤᠷᠢᠶᠠᠲᠤᠨ ᠳᠠᠭᠠᠬᠤ ᠲᠦᠷᠢᠮ᠂ ᠰᠦᠯᠵᠢᠶ᠎ᠡ ᠪᠠᠷ ᠰᠢᠭᠤᠳ ᠮᠡᠳᠡᠭᠦᠯᠬᠦ ᠪᠠ ᠠᠦ᠋ᠲ᠋ᠣ᠋ ᠲᠦᠷᠭᠡᠨ ᠮᠡᠳᠡᠭᠦᠯᠬᠦ ᠲᠦᠷᠢᠮ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠦᠷᠢᠮ᠂ ᠰᠣᠨᠢᠨ ᠮᠡᠳᠡᠭᠡᠨ ᠤ ᠰᠤᠷᠪᠤᠯᠵᠢᠯᠠᠭ᠎ᠠ ᠮᠡᠳᠡᠭᠡᠯᠡᠯ ᠤᠨ ᠲᠦᠷᠢᠮ᠂ ᠰᠡᠳᠬᠢᠴᠡ ᠶᠢᠨ ᠲᠤᠰᠠᠯᠠᠮᠵᠢ ᠶᠢᠨ ᠲᠦᠷᠢᠮ ᠵᠡᠷᠭᠡ ᠶᠢ ᠪᠠᠶᠢᠭᠤᠯᠤᠭᠰᠠᠨ ᠨᠢ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠲᠦ ᠳᠤ ᠠᠰᠢᠭᠲᠠᠶ ᠪᠠᠶᠢᠯᠭᠠᠬᠤ ᠪᠠᠲᠤᠯᠠᠭ᠎ᠠ ᠶᠢᠨ  ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠰᠢᠭᠲᠠᠶ ᠶᠤᠮ᠃    ᠬᠤᠶᠠᠳᠤᠭᠠᠷ ᠲᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠬᠠᠤᠯᠢ ᠪᠠᠷ ᠵᠠᠰᠠᠬᠤ ᠵᠠᠮ ᠳᠡᠭᠡᠷ᠎ᠡ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠃ ᠨᠢᠭᠡ ᠲᠠᠯ᠎ᠠ ᠪᠠᠷ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠪᠡ᠃ 2018 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠢ ᠪᠠᠶᠢᠭᠤᠯᠵᠤ᠂ ᠣᠶᠢᠷ᠎ᠠ ᠶᠢᠨ ᠵᠢᠯ ᠤᠨ ᠬᠥᠭᠵᠢᠯᠲᠡ ᠪᠠᠷ ᠳᠡᠮᠵᠢᠨ᠂ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠳᠤ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠨᠢᠭᠡᠳᠦᠯᠲᠡᠶ ᠵᠢᠯᠣᠭᠤᠳᠤᠭᠰᠠᠨ᠂ ᠲᠤᠰᠬᠠᠶ ᠪᠠ ᠪᠠᠶᠢᠩᠭᠤ ᠶᠢ ᠬᠤᠤᠰᠯᠠᠭᠤᠯᠤᠭᠰᠠᠨ᠂ ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠳᠤᠮᠳᠠᠳᠤ ᠤᠯᠤᠰ ᠤᠨ ᠣᠨᠴᠠᠯᠢᠭ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠢ ᠦᠨᠳᠦᠰᠦᠨ ᠳᠡᠭᠡᠨ ᠪᠣᠶ ᠪᠣᠯᠭᠠᠪᠠ᠃ ᠲᠣᠰ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ ᠬᠡᠮᠵᠢᠶ᠎ᠡ ᠰᠢᠨ᠎ᠡ ᠲᠤᠷᠰᠢᠯᠭ᠎ᠠ ᠶᠢ ᠴᠠᠭ ᠲᠤᠬᠠᠶ ᠳᠤᠨᠢ ᠬᠠᠤᠯᠢ ᠴᠠᠭᠠᠵᠠ ᠶᠢᠨ ᠬᠡᠯᠪᠡᠷᠢ ᠪᠠᠷ ᠲᠣᠭᠲᠠᠪᠤᠷᠢᠵᠢᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠴᠠᠭᠠᠵᠠ ᠶᠢᠨ ᠲᠦᠷᠢᠮ ᠤᠨ ᠰᠢᠨ᠎ᠡ ᠶᠢ ᠡᠭᠦᠳᠬᠦ ᠪᠠ ᠲᠡᠭᠦᠯᠳᠡᠷᠵᠢᠬᠦ ᠶᠢ ᠬᠦᠴᠦᠲᠡᠶ ᠳᠥᠯᠭᠢᠨ ᠠᠬᠢᠭᠤᠯᠵᠤ᠂ ᠣᠷᠣᠶ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠ ᠬᠠᠤᠯᠢ ᠲᠣᠭᠲᠠᠭᠠᠯᠲᠠ ᠶᠢᠨ ᠰᠢᠢᠳᠪᠦᠷᠢᠲᠦ ᠪᠣᠳᠣᠯᠭ᠎ᠠ ᠶᠢᠨ ᠨᠢᠭᠡᠳᠦᠯᠲᠡᠶ ᠪᠠᠶᠢᠬᠤ ᠶᠢ ᠪᠡᠶᠡᠯᠡᠭᠦᠯᠦᠭᠰᠡᠨ ᠨᠢ ᠬᠠᠤᠯᠢ ᠲᠣᠭᠲᠠᠭᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ᠂ ᠳᠥᠯᠭᠢᠨ ᠠᠬᠢᠭᠤᠯᠬᠤ  ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠳᠤ ᠠᠰᠢᠭᠲᠠᠶ ᠶᠤᠮ᠃ ᠨᠦᠬᠦᠭᠡ ᠲᠠᠯ᠎ᠠ ᠪᠠᠷ᠂ ᠭᠡᠨᠡᠳᠲᠡ ᠡᠭᠦᠰᠦᠭᠰᠡᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠶᠢᠨ ᠴᠢᠬᠤᠯᠠ ᠨᠢᠭᠡ ᠭᠤᠭᠴᠤᠭ᠎ᠠ ᠮᠥᠨ᠃ ᠲᠣᠰ ᠤᠳᠠᠭᠠᠨ ᠤ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠵᠡᠷᠭᠡ ᠲᠣᠰ ᠬᠦᠷᠢᠶᠡᠨ ᠳᠠᠬᠢ ᠪᠤᠰᠤᠳ ᠲᠤᠰᠬᠠᠢ ᠬᠠᠤᠯᠢ ᠲᠣᠭᠲᠠᠭᠠᠯᠲᠠ ᠯᠤᠭ᠎ᠠ ᠶᠢᠨ ᠵᠣᠯᠭᠠᠯᠳᠤᠭᠤᠯᠬᠤ ᠬᠠᠷᠢᠴᠠᠭ᠎ᠠ ᠶᠢ ᠲᠣᠬᠢᠲᠠᠢ ᠰᠢᠢᠳᠪᠦᠷᠢᠯᠡᠭᠰᠡᠨ ᠤ ᠬᠠᠮᠲᠤ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ᠂ ᠠᠶᠤᠯ ᠠᠴᠠ ᠪᠠᠴᠢᠮ ᠵᠠᠶᠢᠯᠠᠭᠤᠯᠬᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠵᠡᠷᠭᠡ ᠪᠤᠰᠤᠳ ᠬᠦᠷᠢᠶᠡᠨ ᠳᠠᠬᠢ ᠬᠠᠤᠯᠢ ᠴᠠᠭᠠᠵᠠ ᠯᠤᠭ᠎ᠠ ᠶᠢᠨ ᠵᠣᠯᠭᠠᠯᠳᠤᠭᠤᠯᠬᠤ ᠴᠢᠨᠠᠷᠲᠠᠢ ᠲᠣᠭᠲᠠᠭᠠᠯ ᠢ ᠨᠡᠮᠡᠵᠦ᠂ ᠬᠡᠪ ᠤᠨ ᠪᠠᠶᠢᠳᠠᠯ ᠳᠣᠣᠷᠠᠬᠢ ᠬᠠᠤᠯᠢ ᠪᠠ ᠬᠡᠪ ᠤᠨ ᠪᠤᠰᠤ ᠪᠠᠶᠢᠳᠠᠯ ᠳᠣᠣᠷᠠᠬᠢ ᠬᠠᠤᠯᠢ ᠶᠢᠨ ᠬᠤᠭᠤᠷᠣᠨᠳᠣ ᠵᠦᠢ ᠵᠣᠬᠢᠰᠲᠠᠢ ᠲᠣᠬᠢᠷᠠᠭᠤᠯᠣᠯᠳᠠ ᠬᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ  ᠠᠷᠭᠠᠴᠠᠭᠠᠬᠤ ᠬᠠᠤᠯᠢ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠬᠠᠤᠯᠢ ᠵᠡᠷᠭᠡ ᠬᠠᠤᠯᠢ ᠴᠠᠭᠠᠵᠠ ᠶᠢ ᠲᠣᠭᠲᠠᠭᠠᠬᠤ ᠳᠤ ᠣᠷᠣᠨ ᠵᠠᠢ ᠦᠯᠡᠳᠡᠭᠡᠵᠦ ᠥᠭᠭᠦᠭᠰᠡᠨ ᠢᠶᠠᠷ ᠪᠠᠷᠠᠬᠤ ᠥᠭᠡᠢ᠂ ᠪᠠᠰᠠ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠨᠡᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ᠂ ᠨᠡᠩ ᠨᠢᠭᠡᠳᠦᠯᠲᠡᠢ ᠪᠥᠭᠡᠳ ᠡᠷᠬᠡ ᠰᠥᠷ ᠲᠠᠢ ᠴᠢᠭᠯᠡᠯ ᠢᠶᠠᠷ ᠤᠷᠤᠭᠰᠢᠯᠠᠬᠤ ᠳᠤ ᠠᠰᠢᠭᠲᠠᠢ ᠶᠤᠮ᠃    ᠭᠤᠷᠪᠠᠳᠤᠭᠠᠷ ᠲᠤ᠂ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ᠄ ︽ᠬᠠᠤᠯᠢ ᠪᠠᠷ ᠵᠠᠰᠠᠬᠤ ᠪᠣᠯ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠴᠢᠬᠤᠯᠠ ᠲᠦᠰᠢᠭ ᠮᠥᠨ᠃ ᠭᠠᠭᠴᠠ ᠬᠦ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠪᠠᠯ ᠰᠠᠶ᠋ᠢ ᠤᠯᠤᠰ ᠤᠨ ᠵᠠᠰᠠᠯᠲᠠ ᠶᠢᠨ ᠰᠢᠰᠲ᠋ᠧᠮ ᠤᠨ ᠰᠢᠰᠲ᠋ᠧᠮᠲᠦ ᠴᠢᠨᠠᠷ᠂ ᠵᠢᠷᠤᠮᠵᠢᠯᠳᠤ ᠴᠢᠨᠠᠷ᠂ ᠵᠣᠬᠢᠴᠠᠩᠭᠤᠢ ᠴᠢᠨᠠᠷ ᠢ ᠪᠦᠲᠦᠮᠵᠢᠲᠡᠢ ᠪᠠᠲᠤᠯᠠᠵᠤ᠂ ᠰᠠᠶ᠋ᠢ ᠨᠡᠶᠢᠭᠡᠮ ᠤᠨ ᠬᠠᠮᠲᠤ ᠶᠢᠨ ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ ᠴᠢᠳᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠦᠷᠦᠯ ᠤᠨ ᠭᠠᠢ ᠭᠠᠮᠰᠢᠭ ᠤᠨ ᠠᠳᠡᠯ ᠢ ᠴᠠᠭ ᠲᠤᠬᠠᠢ ᠳᠤᠨᠢ ᠠᠷᠭᠠᠴᠠᠨ ᠰᠢᠢᠳᠪᠦᠷᠢᠯᠡᠬᠦ ᠴᠢᠬᠤᠯᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ᠃ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢᠵᠢᠯ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠭᠡᠨᠡᠳᠲᠡ ᠶᠢᠨ ᠬᠡᠷᠡᠭ ᠢ  ᠠᠷᠭᠠᠴᠠᠭᠠᠬᠤ ᠬᠠᠤᠯᠢ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠬᠢᠵᠦ ᠪᠠᠢᠨ᠎ᠠ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ ᠵᠡᠷᠭᠡ ᠲᠠᠯ᠎ᠠ ᠪᠠᠷ ᠴᠥᠮ ᠠᠳᠠᠯᠢ ᠪᠤᠰᠤ ᠬᠡᠮᠵᠢᠶ᠎ᠡ ᠪᠠᠷ ᠵᠠᠰᠠᠪᠤᠷᠢ ᠣᠷᠣᠭᠤᠯᠪᠠ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠳᠦᠷᠢᠮ ᠤᠨ ᠰᠢᠰᠲ᠋ᠧᠮ ᠢ ᠪᠦᠬᠦ ᠶᠠᠪᠤᠴᠠ ᠳᠤ ᠲᠡᠭᠦᠯᠳᠡᠷᠵᠢᠭᠦᠯᠪᠡ᠂ ᠣᠨᠴᠠᠭᠠᠶᠢᠯᠠᠨ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠲᠤᠰᠬᠠᠶᠢᠯᠠᠨ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠪᠦᠯᠦᠭ ᠬᠡᠰᠡᠭ ᠢ ᠭᠤᠤᠯᠳᠠᠯᠭ᠎ᠠ ᠲᠠᠢ ᠲᠡᠭᠦᠯᠳᠡᠷᠵᠢᠭᠦᠯᠪᠡ᠂ ᠴᠠᠭ ᠲᠤᠬᠠᠶ ᠳᠤ ᠨᠢ ᠠᠶᠤᠯ ᠢ ᠠᠷᠢᠯᠭᠠᠬᠤ ᠳᠤ ᠠᠰᠢᠭᠲᠠᠶ᠂ ᠭᠡᠨᠡᠳᠲᠡ ᠶᠢᠨ ᠬᠡᠷᠡᠭ ᠭᠠᠷᠬᠤ ᠠᠴᠠ ᠵᠠᠶᠢᠯᠠᠰᠬᠢᠬᠦ᠂ ᠬᠦᠨᠳᠦ ᠶᠡᠭᠡ ᠭᠡᠨᠡᠳᠲᠡ ᠶᠢᠨ ᠬᠡᠷᠡᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠂ ᠪᠠᠰᠠ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠬᠦ ᠶᠢᠨ ᠲᠥᠯᠥᠭᠡ᠂ ᠨᠢᠭᠲᠠ ᠴᠢᠩᠭ᠎ᠠ ᠬᠠᠤᠯᠢᠵᠢᠯ ᠤᠨ ᠬᠢᠨᠠᠯᠲᠠ ᠲᠠᠯᠪᠢᠬᠤ ᠰᠢᠰᠲ᠋ᠧᠮ᠂ ᠬᠦᠴᠦᠲᠡᠶ ᠬᠠᠤᠯᠢ ᠪᠠᠷ ᠵᠠᠰᠠᠬᠤ ᠪᠠᠲᠤᠯᠠᠭ᠎ᠠ ᠶᠢᠨ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃    ᠬᠤᠶᠠᠷ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠶᠢ ᠪᠠᠷᠢᠮᠲᠠᠯᠠᠵᠤ᠂ ᠬᠥᠮᠦᠨ ᠤ ᠡᠷᠬᠡ ᠶᠢ ᠬᠦᠨᠳᠦᠳᠬᠡᠨ ᠪᠠᠲᠤᠯᠠᠪᠠ᠃ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠪᠣᠯ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠢᠭᠡᠨ ᠴᠢᠬᠤᠯᠠ ᠬᠠᠤᠯᠢ ᠴᠠᠭᠠᠵᠠ ᠮᠥᠨ᠂ ᠢᠯᠠᠩᠭᠤᠶ᠎ᠠ ᠵᠠᠰᠠᠭ ᠤᠨ ᠣᠷᠳᠣᠨ ᠤ ᠠᠪᠴᠤ ᠪᠣᠯᠬᠤ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠠᠷᠭ᠎ᠠ  ᠬᠡᠮᠵᠢᠶ᠎ᠡ ᠨᠢ ᠠᠷᠠᠳ ᠢᠷᠭᠡᠨ ᠤ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠡᠷᠭᠡ ᠦᠨᠳᠦᠰᠦᠨ ᠡᠷᠬᠡ ᠳᠤ ᠬᠤᠯᠪᠣᠭᠳᠠᠵᠤ ᠮᠡᠳᠡᠬᠦ ᠤᠴᠢᠷ ᠠᠴᠠ ᠡᠷᠬᠡᠪᠰᠢ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠮᠦᠨ ᠤ ᠡᠷᠬᠡ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠲᠣᠰ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ︽ᠬᠥᠮᠦᠨ ᠤ ᠡᠷᠬᠡ ᠶᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ  ᠠᠷᠭᠠᠴᠠᠭᠠᠬᠤ᠂ ᠬᠦᠨᠳᠦᠳᠬᠡᠨ ᠪᠠᠲᠤᠯᠠᠬᠤ ᠶᠢ ᠪᠠᠷᠢᠮᠲᠠᠯᠠᠬᠤ︾ ᠶᠢ ᠵᠠᠷᠴᠢᠮ ᠪᠣᠯᠭᠠᠨ ᠶᠡᠷᠦᠩᠬᠡᠶ ᠲᠦᠷᠢᠮ ᠳᠤ ᠪᠢᠴᠢᠨ ᠣᠷᠣᠭᠤᠯᠤᠭᠰᠠᠨ ᠪᠥᠭᠡᠳ ᠬᠠᠤᠯᠢ ᠳᠤ ᠵᠠᠰᠠᠪᠤᠷᠢ ᠣᠷᠣᠭᠤᠯᠬᠤ ᠢᠮᠠᠭᠲᠠ ᠲᠤᠤᠱᠯᠠᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠦᠶ᠋ᠴᠡᠳ ᠡᠷᠬᠡ ᠣᠯᠭᠤᠭᠰᠠᠨ ᠤ ᠬᠠᠮᠲᠤ᠂ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠦᠯᠲᠡ ᠶᠢᠨ ᠲᠦᠷᠢᠮ ᠪᠠ ᠡᠮᠬᠢ ᠵᠢᠷᠤᠮ ᠢ ᠲᠡᠭᠦᠯᠳᠡᠷᠵᠢᠭᠦᠯᠵᠦ᠂ ᠬᠥᠮᠦᠨ ᠤ ᠡᠷᠬᠡ ᠶᠢᠨ ᠬᠠᠮᠠᠭᠠᠯᠠᠯᠲᠠ ᠶᠢ ᠨᠠᠩ ᠴᠢᠬᠤᠯᠠᠴᠢᠯᠠᠬᠤ᠂ ᠲᠥᠪ ᠭᠤᠤᠯᠴᠢ ᠪᠠ ᠦᠷ᠎ᠡ ᠪᠦᠲᠦᠮᠵᠢ ᠶᠢ ᠨᠠᠩ ᠬᠥᠭᠡᠭᠡᠴᠡᠯᠳᠦᠬᠦ ᠥᠷᠲᠡᠭ ᠤᠨ ᠬᠠᠨᠳᠤᠰᠢ ᠶᠢ ᠢᠯᠡᠷᠡᠭᠦᠯᠪᠡ᠃    ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠵᠠᠷᠴᠢᠮ ᠢ ᠪᠠᠷᠢᠮᠲᠠᠯᠠᠵᠤ᠂ ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠤ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠭᠡᠨᠡᠳᠲᠡ ᠡᠭᠦᠰᠦᠭᠰᠡᠨ ᠬᠡᠷᠡᠭ ᠢ  ᠠᠷᠭᠠᠴᠠᠭᠠᠬᠤ ᠴᠢᠳᠠᠪᠤᠷᠢ ᠪᠠ ᠬᠢᠷᠢ  ᠬᠡᠮᠵᠢᠶ᠎ᠡ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃ ᠡᠨᠡ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠵᠠᠰᠠᠭ ᠤᠨ ᠣᠷᠳᠣᠨ ᠤ ᠡᠷᠬᠡ ᠪᠠᠨ ᠬᠡᠷᠡᠭᠵᠢᠭᠦᠯᠬᠦ ᠲᠤᠬᠠᠢ ᠮᠠᠰᠢ ᠤᠯᠠᠨ ᠵᠢᠷᠤᠮᠵᠢᠯ ᠭᠠᠷᠭᠠᠵᠤ᠂ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ ᠨᠢᠭᠡ ᠳᠤ ᠬᠠᠷᠢᠴᠠᠯ ᠢ ᠲᠤᠪᠤᠶᠢᠯᠭᠠᠬᠤ ᠵᠠᠷᠴᠢᠮ᠂ ᠤᠯᠠᠨ ᠵᠦᠢᠯ ᠤᠨ ᠠᠷᠭ᠎ᠠ ᠬᠡᠮᠵᠢᠶ᠎ᠡ ᠰᠣᠩᠭᠤᠵᠤ ᠪᠣᠯᠬᠤ ᠶᠢ ᠲᠣᠭᠲᠠᠭᠠᠭᠰᠠᠨ ᠪᠠᠶᠢᠪᠠᠯ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠳᠤ ᠠᠰᠢᠭᠲᠠᠢ ᠪᠥᠭᠡᠳ ᠪᠤᠰᠤᠳ ᠤᠨ ᠡᠷᠬᠡ ᠠᠰᠢᠭ ᠢ ᠬᠤᠬᠢᠷᠠᠭᠤᠯᠬᠤ ᠪᠠ ᠠᠮᠢ ᠠᠬᠤᠢ ᠶᠢᠨ ᠣᠷᠴᠢᠨ ᠨᠥᠬᠦᠴᠡᠯ ᠢ ᠨᠥᠯᠥᠭᠡᠯᠡᠬᠦ ᠪᠠᠷ ᠨᠡᠯᠢᠶᠡᠳ ᠪᠠᠭ᠎ᠠ ᠠᠷᠭ᠎ᠠ ᠬᠡᠮᠵᠢᠶ᠎ᠡ ᠶᠢ ᠰᠣᠩᠭᠤᠬᠤ ᠬᠡᠷᠡᠭᠲᠡᠢ ᠪᠥᠭᠡᠳ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠲᠤᠬᠢᠷᠠᠭᠤᠯᠵᠤ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ᠂ ᠪᠦᠲᠦᠮᠵᠢᠲᠡᠢ ᠪᠠᠶᠢᠯᠭᠠᠬᠤ ᠬᠡᠷᠡᠭᠲᠡᠢ᠃ ᠬᠤᠶᠠᠷ ᠲᠤ ᠵᠢᠷᠤᠮ ᠤᠨ ᠰᠢᠳᠤᠷᠭᠤ ᠶᠣᠰᠣ ᠶᠢ ᠴᠢᠬᠤᠯᠠᠴᠢᠯᠠᠵᠤ᠂ ᠰᠡᠷᠡᠮᠵᠢ ᠶᠢᠨ ᠳᠣᠬᠢᠶ᠎ᠠ ᠨᠡᠶᠢᠲᠡᠯᠡᠬᠦ᠂ ᠪᠠᠴᠢᠮ ᠪᠠᠶᠢᠳᠠᠯ ᠢ  ᠠᠷᠭᠠᠴᠠᠭᠠᠬᠤ ᠶᠢ ᠳᠠᠭᠠᠬᠤ ᠶᠢ ᠡᠬᠢᠯᠡᠭᠦᠯᠬᠦ ᠳᠤ ᠵᠡᠷᠭᠡ ᠳᠡᠰ᠂ ᠴᠠᠭ᠂ ᠠᠪᠬᠤ ᠶᠣᠰᠣᠲᠠᠶ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠭᠡᠨᠡᠳᠲᠡ ᠡᠭᠦᠰᠬᠦ ᠬᠡᠷᠡᠭ ᠤᠨ ᠰᠦᠷᠳᠡᠭᠦᠯᠦᠯ ᠪᠣᠯᠤᠨ ᠬᠤᠣᠷ ᠬᠥᠨᠥᠭᠡᠯ ᠢ ᠬᠢᠵᠠᠭᠠᠷᠯᠠᠭᠰᠠᠨ ᠪᠤᠶᠤ ᠠᠷᠢᠯᠭᠠᠭᠰᠠᠨ ᠤ ᠳᠠᠷᠠᠭ᠎ᠠ᠂ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠶᠢ ᠬᠦᠴᠦᠨ ᠦᠭᠡᠶ ᠪᠣᠯᠭᠠᠬᠤ ᠪᠠᠷ ᠨᠡᠶᠢᠲᠡᠯᠡᠬᠦ ᠳᠡᠰ ᠳᠠᠷᠠᠭᠠᠯᠠᠯ ᠢ ᠨᠡᠮᠡᠬᠦ ᠬᠡᠷᠡᠭᠲᠡᠶ᠃ ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠤᠨ ᠵᠠᠭᠠᠯᠳᠤᠬᠤ᠂ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠠᠷᠠᠳ ᠤᠯᠠᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠵᠡᠷᠭᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ ᠡᠳᠡᠭᠡᠷ ᠨᠢ ᠴᠥᠮ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠰᠡ ᠦᠢᠯᠡᠳᠬᠦᠢ᠂ ᠳᠤᠷ᠎ᠠ ᠪᠠᠷ ᠢᠶᠠᠨ ᠦᠢᠯᠡᠳᠬᠦᠢ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠶᠢᠨ ᠬᠠᠤᠯᠢ ᠪᠠᠷ ᠵᠠᠰᠠᠬᠤ᠂ ᠵᠢᠷᠤᠮᠵᠢᠭᠤᠯᠬᠤ ᠬᠢᠷᠢ  ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠳᠤ ᠠᠰᠢᠭᠲᠠᠢ ᠶᠤᠮ᠃    ᠬᠥᠮᠦᠨ ᠤ ᠡᠷᠬᠡ ᠶᠢ ᠬᠦᠨᠳᠦᠳᠬᠡᠨ ᠪᠠᠲᠤᠯᠠᠬᠤ ᠵᠠᠷᠴᠢᠮ ᠢ ᠪᠠᠷᠢᠮᠲᠠᠯᠠᠵᠤ᠂ ᠤᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠬᠤ ᠶᠢ ᠴᠢᠬᠤᠯᠠᠴᠢᠯᠠᠪᠠ᠃ ᠡᠨᠡ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠦᠨᠳᠦᠰᠦᠨ ᠬᠠᠤᠯᠢ ᠶᠢ ᠦᠨᠳᠦᠰᠦᠯᠡᠨ ᠠᠷᠠᠳ ᠢᠷᠭᠡᠳ ᠤᠨ ᠦᠨᠳᠦᠰᠦᠨ ᠡᠷᠬᠡ ᠶᠢ ᠬᠠᠮᠠᠭᠠᠯᠠᠬᠤ ᠲᠤᠬᠠᠢ ᠮᠠᠰᠢ ᠤᠯᠠᠨ ᠪᠣᠳᠠᠲᠠᠢ ᠲᠣᠭᠲᠠᠭᠠᠯ ᠨᠡᠮᠡᠪᠡ᠃ ᠨᠢᠭᠡ ᠳᠤ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠳᠤᠮᠳᠠ ᠪᠤᠰᠤᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠣᠯᠵᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ ᠭᠡᠨᠡᠳᠲᠡ ᠶᠢᠨ ᠬᠡᠷᠡᠭ ᠲᠤ ᠠᠳᠡᠭᠳᠡᠭᠰᠡᠳ ᠤᠨ ᠴᠢᠨᠳᠠᠷ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠢᠢᠳᠪᠦᠷᠢᠯᠡᠵᠦ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠨᠥᠭᠴᠢᠭᠰᠡᠳ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠢ᠃ ᠭᠤᠷᠪᠠ ᠳᠤ ᠰᠡᠳᠬᠢᠴᠡ ᠶᠢᠨ ᠡᠷᠡᠭᠦᠯ ᠮᠡᠨᠳᠦ ᠶᠢᠨ ᠦᠶ᠋ᠯᠡᠴᠢᠯᠡᠭᠡᠨ ᠤ ᠰᠢᠰᠲ᠋ᠧᠮ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠲᠤ ᠨᠥᠯᠥᠭᠡᠯᠡᠭᠳᠡᠭᠰᠡᠨ ᠡᠯ᠎ᠡ ᠲᠥᠷᠥᠯ ᠤᠨ ᠬᠥᠮᠦᠰ ᠲᠤ ᠰᠡᠳᠬᠢᠴᠡ ᠶᠢᠨ ᠲᠤᠰᠠᠯᠠᠮᠵᠢ ᠦᠵᠡᠭᠦᠯᠬᠦ ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ ᠳᠥᠷᠪᠡ ᠳᠤ᠂ ᠨᠠᠰᠤᠨ ᠳᠤ ᠥᠯᠥ ᠭᠦᠷᠦᠭᠰᠡᠳ᠂ ᠨᠠᠰᠤᠲᠠᠶᠢᠴᠤᠳ᠂ ᠵᠡᠮᠳᠡᠭᠴᠦᠳ᠂ ᠵᠢᠷᠮᠦᠰᠦᠨ ᠬᠥᠩᠭᠡᠵᠢᠬᠦ ᠬᠤᠭᠤᠴᠠᠭ᠎ᠠ ᠪᠠ ᠬᠥᠬᠦᠭᠦᠯᠬᠦ ᠬᠤᠭᠤᠴᠠᠭᠠᠨ ᠤ ᠡᠮᠡᠭᠲᠡᠶᠢᠴᠦᠳ ᠵᠡᠷᠭᠡ ᠬᠠᠮᠲᠤᠯᠢᠭ ᠢ ᠤᠷᠢᠳ ᠢᠶᠠᠷ ᠬᠠᠮᠠᠭᠠᠯᠠᠬᠤ ᠶᠢᠨ ᠬᠠᠮᠲᠤ ᠭᠡᠨᠡᠳᠲᠡ ᠶᠢᠨ ᠬᠡᠷᠡᠭ ᠲᠤ ᠨᠥᠯᠥᠭᠡᠯᠡᠭᠳᠡᠭᠰᠡᠨ ᠬᠠᠷᠠᠭᠠᠯᠵᠠᠬᠤ ᠬᠥᠮᠦᠨ ᠥᠬᠡᠶ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠥᠬᠡᠶ ᠬᠥᠮᠦᠨ ᠪᠠ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠬᠥᠮᠦᠨ ᠢ ᠬᠠᠯᠠᠮᠵᠢᠯᠠᠨ ᠬᠠᠶᠢᠷᠠᠯᠠᠵᠤ᠂ ᠴᠠᠭ ᠲᠤᠬᠠᠶ ᠳᠤᠨᠢ ᠪᠦᠲᠦᠮᠵᠢᠲᠡᠶ ᠬᠠᠪᠰᠤᠷᠤᠯᠭ᠎ᠠ ᠬᠠᠩᠭᠠᠬᠤ ᠶᠢ ᠱᠠᠭᠠᠷᠳᠠᠨ᠎ᠠ᠃ ᠲᠣᠰ ᠤᠳᠠᠭᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮ ᠲᠤᠯᠭᠠᠮ ᠪᠠ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ ᠤᠨ ᠠᠰᠠᠭᠤᠳᠠᠯ ᠢ ᠰᠡᠳᠬᠢᠯ ᠳᠡᠯᠪᠢᠨ ᠬᠦᠴᠦ ᠳᠡᠯᠪᠢᠨ ᠰᠢᠢᠳᠪᠦᠷᠢᠯᠡᠵᠦ ᠂ ᠠᠷᠠᠳ ᠢᠷᠭᠡᠨ ᠤ ᠦᠨᠳᠦᠰᠦᠨ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠰᠢᠨ᠎ᠡ ᠨᠢᠭᠡᠨ ᠦᠨᠳᠦᠷᠴᠡ ᠳᠤ ᠬᠦᠷᠭᠡᠵᠦ᠂ ᠠᠷᠠᠳ ᠲᠦᠮᠡᠨ ᠤ ᠲᠥᠯᠥᠭᠡ ᠭᠡᠬᠦ ᠣᠷᠭᠢᠯᠤᠮ᠎ᠠ ᠬᠠᠯᠠᠭᠤᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃    ᠭᠤᠷᠪᠠ᠂ ᠭᠡᠨᠡᠳᠲᠡ ᠶᠢᠨ ᠬᠡᠷᠡᠭ ᠢ ᠠᠷᠭᠠᠴᠠᠬᠤ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠡᠭᠦᠰᠬᠦ ᠳᠤ ᠨᠢᠭᠤᠴᠠᠭᠠᠢ ᠴᠢᠨᠠᠷ᠂ ᠭᠡᠨᠡᠳᠲᠡ ᠶᠢᠨ ᠴᠢᠨᠠᠷ᠂ ᠪᠤᠳᠤᠯᠢᠶᠠᠨᠲᠤ ᠴᠢᠨᠠᠷ᠂ ᠠᠪᠴᠠᠯᠳᠤᠩᠭᠤᠢ ᠴᠢᠨᠠᠷ ᠲᠠᠢ ᠪᠠᠶᠢᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠦᠴᠢᠷᠳᠡᠯ ᠢ ᠨᠡᠮᠡᠭᠳᠡᠭᠦᠯᠵᠦ᠂ ᠣᠷᠣᠨ ᠪᠦᠰᠡ ᠪᠠ ᠰᠠᠯᠠᠭ᠎ᠠ ᠮᠥᠴᠢᠷ ᠠᠯᠤᠰᠯᠠᠨ ᠵᠣᠬᠢᠴᠠᠯᠳᠤᠨ ᠬᠤᠯᠪᠣᠯᠳᠤᠨ ᠬᠥᠳᠡᠯᠦᠯᠴᠡᠬᠦ ᠶᠠᠪᠤᠳᠠᠯ ᠡᠳᠦᠷ ᠢᠷᠡᠬᠦᠶ᠎ᠡ ᠪᠠᠶᠢᠩᠭᠤ ᠢᠯᠡᠷᠡᠵᠦ᠂ ᠤᠯᠠᠨ ᠲᠠᠯ᠎ᠠ ᠶᠢᠨ ᠬᠢᠨ ᠣᠷᠣᠯᠴᠠᠬᠤ᠂ ᠪᠦᠬᠦ ᠲᠠᠯ᠎ᠠ ᠪᠠᠷ ᠬᠠᠮᠵᠢᠯᠴᠠᠬᠤ ᠱᠠᠭᠠᠷᠳᠠᠯᠭ᠎ᠠ ᠲᠠᠰᠤᠷᠠᠯᠳᠠ ᠦᠭᠡᠢ ᠲᠤᠪᠤᠶᠢᠮ᠎ᠠ ᠢᠯᠡᠷᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠶᠡᠭᠡ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠪᠣᠷᠣ ᠲᠥᠯᠥᠪ ᠢ ᠪᠠᠶᠢᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠡᠭᠦᠨ ᠤ ᠲᠤᠯᠠᠳᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠨᠢ ᠲᠤᠰᠬᠠᠶ ᠶᠡᠷᠦᠩᠬᠡᠶ ᠲᠦᠷᠢᠮ ᠳᠤ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠦᠵᠡᠭᠦᠯᠬᠦ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ︾ ᠶᠡᠷᠦᠩᠬᠡᠶ ᠰᠡᠳᠬᠢᠮᠵᠢ ᠶᠢ ᠲᠣᠳᠣᠷᠬᠠᠶᠢᠯᠠᠭᠰᠠᠨ ᠪᠥᠭᠡᠳ ᠪᠤᠰᠤᠳ ᠪᠦᠯᠦᠭ ᠬᠡᠰᠡᠭ ᠲᠤ ᠡᠯ᠎ᠡ ᠲᠠᠯ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠡᠭᠦᠷᠭᠡ ᠶᠢᠨ ᠲᠤᠬᠠᠶ ᠪᠣᠳᠠᠲᠠᠶ ᠲᠣᠭᠲᠠᠭᠠᠯ ᠭᠠᠷᠭᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠣᠯᠠᠨ ᠨᠡᠶᠢᠲᠡ ᠶᠢᠨ ᠠᠮᠤᠷ ᠲᠦᠪᠰᠢᠨ ᠤ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠶᠢ ᠪᠦᠷᠢᠨᠰᠢᠬᠦᠯᠵᠡᠶ᠃    ᠨᠢᠭᠡᠳᠦᠭᠡᠷ ᠲᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠲᠣᠰ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠡᠨᠡᠳᠲᠡ ᠶᠢᠨ ᠬᠡᠷᠡᠭ ᠢ  ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠵᠠᠰᠠᠭ ᠵᠠᠬᠢᠷᠭᠠᠨ ᠤ ᠤᠳᠤᠷᠢᠳᠬᠤ ᠪᠠᠶᠢᠭᠤᠯᠭ᠎ᠠ ᠶᠢᠨ ᠲᠦᠷᠢᠮ ᠤᠨ ᠲᠣᠬᠢᠷᠠᠭᠤᠯᠤᠯᠲᠠ ᠶᠢ ᠦᠯᠡᠳᠡᠭᠡᠵᠡᠶ᠂ ᠲᠡᠭᠡᠬᠦ ᠮᠥᠷᠲᠡᠭᠡᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠤᠨ ᠳᠤᠮᠳᠠᠬᠢ ᠠᠯᠢ ᠣᠯᠠᠨ ᠪᠣᠳᠠᠲᠠᠶ ᠡᠭᠦᠷᠭᠡ ᠴᠢᠳᠠᠪᠤᠷᠢ᠂ ᠡᠷᠬᠡ ᠮᠡᠳᠡᠯ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠬᠠᠤᠯᠢ ᠪᠠᠷ ᠲᠣᠭᠲᠠᠭᠠᠬᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠪᠠᠭᠲᠠᠭᠠᠨ᠎ᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠭᠠᠵᠠᠷ ᠤᠨ ᠲᠥᠯᠥᠪᠵᠢᠭᠦᠯᠭᠡ ᠶᠢ ᠬᠠᠷᠢᠭᠤᠴᠠᠨ᠎ᠠ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠠᠶᠤᠯ ᠤᠨ ᠡᠬᠢ ᠰᠤᠷᠪᠤᠯᠵᠢ ᠶᠢ ᠴᠠᠭ ᠲᠤᠬᠠᠶ ᠳᠤᠨᠢ ᠲᠣᠬᠢᠷᠠᠭᠤᠯᠬᠤ᠂ ᠠᠶᠤᠯᠲᠠᠶ ᠣᠷᠣᠨ ᠤ ᠳᠠᠩᠰᠠᠯᠠᠯᠲᠠ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠦᠯ ᠳᠤ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠬᠤ ᠳᠡᠰ ᠢ ᠲᠣᠭᠲᠠᠭᠠᠨ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠪᠠ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠂ ᠪᠠᠴᠢᠮ ᠠᠪᠤᠷᠠᠯᠳᠠ ᠶᠢᠨ ᠡᠮᠴᠢᠯᠡᠭᠡᠨ ᠤ  ᠦᠢᠯᠡᠴᠢᠯᠡᠭᠡ ᠶᠢᠨ ᠲᠤᠤᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠴᠢᠬᠤᠯᠠ ᠲᠠᠸᠠᠷ ᠪᠠ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠨ᠎ᠠ᠂ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠮᠡᠳᠡᠭᠡ ᠵᠠᠩᠭᠢ ᠶᠢ ᠬᠠᠮᠲᠤᠪᠠᠷ ᠡᠳᠯᠡᠬᠦ ᠪᠠ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠂ ᠨᠡᠶᠢᠭᠡᠮ ᠤᠨ ᠬᠦᠴᠦᠨ ᠤ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠳᠤ ᠣᠷᠣᠯᠴᠠᠬᠤ ᠬᠢᠭᠡᠳ ᠠᠪᠤᠷᠠᠨ ᠲᠤᠰᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠴᠢᠯᠡᠭᠡ ᠵᠢᠯᠣᠭᠤᠳᠣᠯᠭ᠎ᠠ ᠶᠢ ᠰᠠᠶᠢᠲᠤᠷ ᠬᠢᠨ᠎ᠠ᠂ ᠣᠨᠣᠪᠴᠢᠲᠠᠶ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ ᠬᠤᠳᠠᠯ ᠬᠠᠭᠤᠷᠮᠠᠭ ᠪᠤᠶᠤ ᠪᠦᠷᠢᠨ ᠪᠤᠰᠤ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠶ ᠂ ᠲᠡᠭᠦᠨ ᠤ ᠪᠠᠶᠢᠭᠤᠯᠤᠭᠰᠠᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠶᠢᠲᠡᠯᠡᠭᠰᠡᠨ ᠲᠣᠭᠲᠠᠭᠠᠯ ᠢ ᠬᠠᠤᠯᠢ ᠶᠣᠰᠣᠭᠠᠷ ᠡᠭᠦᠷᠭᠡᠯᠡᠨ᠎ᠡ᠂ ᠵᠠᠷᠯᠢᠭ᠂ ᠠᠷᠭ᠎ᠠ ᠬᠡᠮᠵᠢᠶᠡᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠪᠦᠬᠦ ᠲᠠᠯ᠎ᠠ ᠪᠠᠷ ᠵᠥᠪ ᠣᠨᠣᠪᠴᠢᠲᠠᠶ ᠭᠦᠢᠴᠡᠳᠬᠡᠬᠦ ᠳᠤ ᠠᠰᠢᠭᠲᠠᠶ᠂ ᠬᠠᠷᠢᠭᠤᠴᠠᠬᠤ ᠶᠣᠰᠣᠲᠠᠶ ᠤᠴᠢᠷ ᠢᠶᠠᠨ ᠢᠳᠡᠪᠬᠢᠲᠡᠶ ᠰᠠᠶᠢᠲᠤᠷ ᠬᠠᠮᠢᠶᠠᠷᠬᠤ ᠬᠡᠷᠡᠭᠲᠡᠶ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠬᠤᠶᠠᠳᠤᠭᠠᠷ ᠲᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠤᠨ᠎ᠡ᠃ ᠲᠤᠰ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠠᠷᠭᠠᠴᠠᠭᠠᠬᠤ ᠦᠢᠯᠡᠳᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠰᠠᠯᠠᠭ᠎ᠠ ᠮᠥᠴᠢᠷ ᠤᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠬᠤ ᠲᠠᠯ᠎ᠠ ᠪᠠᠷ ᠪᠣᠳᠠᠲᠠᠢ ᠲᠣᠭᠲᠠᠭᠠᠯ ᠭᠠᠷᠭᠠᠵᠠᠢ᠃ ᠵᠢᠱᠢᠶᠡᠯᠡᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠴᠤ᠂ ᠪᠠᠴᠢᠮ ᠪᠠᠶᠢᠳᠠᠯ ᠢ  ᠠᠷᠭᠠᠴᠠᠭᠠᠵᠤ ᠠᠶᠤᠯ ᠠᠴᠠ ᠵᠠᠶᠢᠯᠠᠬᠤ ᠭᠠᠵᠠᠷ ᠤᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠮᠡᠷᠭᠡᠵᠢᠯ ᠤᠨ ᠬᠢᠷᠢ ᠬᠡᠮ ᠤᠨ ᠪᠣᠳᠠᠲᠠᠢ ᠠᠷᠭ᠎ᠠ ᠶᠢ ᠲᠣᠭᠲᠠᠭᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠨᠥᠭᠡᠴᠡ ᠡᠳ᠋ ᠪᠣᠳᠠᠰ ᠤᠨ ᠲᠦᠷᠦᠯ ᠵᠦᠢᠯ ᠤᠨ ᠭᠠᠷᠴᠠᠭ᠂ ᠶᠡᠷᠦᠩᠬᠡᠢ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠥᠪᠵᠢᠭᠦᠯᠭᠡ᠂ ᠲᠦᠷᠦᠯ ᠵᠦᠢᠯ ᠤᠨ ᠭᠠᠷᠴᠠᠭ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠨᠢ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠭᠠᠬᠤ ᠰᠤᠷᠭᠠᠨ ᠬᠥᠮᠦᠵᠢᠯ ᠥᠷᠨᠢᠭᠦᠯᠬᠦ ᠳᠤ ᠵᠢᠯᠣᠭᠤᠳᠣᠯᠭ᠎ᠠ ᠪᠠ ᠬᠢᠨᠠᠯᠲᠠ ᠲᠠᠯᠪᠢᠬᠤ ᠬᠡᠷᠡᠭᠲᠡᠶ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠳᠡᠮᠵᠢᠯᠭᠡ ᠦᠵᠡᠭᠦᠯᠬᠦ ᠬᠡᠷᠡᠭᠲᠡᠶ ᠭᠡᠬᠦ ᠮᠡᠲᠦ᠃ ᠲᠣᠰ ᠤᠳᠠᠭᠠᠨ ᠤ ᠬᠠᠤᠯᠢ ᠳᠤ ᠵᠠᠰᠠᠪᠤᠷᠢ ᠣᠷᠣᠭᠤᠯᠤᠭᠰᠠᠨ ᠨᠢ ᠡᠯ᠎ᠡ ᠰᠠᠯᠠᠭ᠎ᠠ ᠮᠥᠴᠢᠷ ᠤᠨ ᠭᠡᠨᠡᠳᠲᠡ ᠶᠢᠨ ᠬᠡᠷᠡᠭ ᠢ  ᠠᠷᠭᠠᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠩ ᠲᠣᠳᠣᠷᠬᠠᠶ ᠪᠣᠯᠭᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号