ᠰᠢᠯᠢ ᠶᠢᠨ ᠭᠤᠤᠯ ᠠᠶᠢᠮᠠᠭ ᠨᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠥᠨᠥᠭᠡᠬᠦ ᠲᠠᠶᠢᠯᠠᠯᠳᠤᠭᠠᠨ ᠢ ᠮᠦᠩᠬᠦᠨ ᠬᠦᠢᠯᠭᠡᠭᠡᠨ ᠢᠶᠠᠷ ᠳᠡᠮᠵᠢᠪᠡ
ᠨᠡᠶᠢᠲᠡᠯᠡᠭᠰᠡᠨ ᠴᠠᠭ᠄
2024/9/3
    ᠨᠡᠶᠢᠭᠡᠮ ᠤᠨ ᠬᠥᠷᠥᠩᠭᠡ ᠮᠥᠩᠭᠦ ᠣᠷᠣᠯᠴᠠᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠶᠡᠷᠦᠩᠬᠡᠢ ᠢᠲᠡᠭᠡᠮᠵᠢ ᠣᠯᠭᠤᠬᠤ᠂ ᠲᠤᠰᠬᠠᠶ ᠵᠦᠢᠯ ᠢᠶᠠᠷ ᠪᠡᠯᠡ ᠲᠣᠬᠢᠷᠠᠭᠤᠯᠬᠤ᠂ ᠪᠡᠯᠡ ᠮᠥᠩᠭᠦ ᠳ᠋ᠦᠩᠨᠡᠨ ᠪᠣᠳᠣᠬᠤ ᠶᠢ ᠨᠢᠭᠡ ᠴᠣᠭᠴᠠᠵᠢᠭᠤᠯᠤᠭᠰᠠᠨ ᠲᠤᠰᠬᠠᠶ ᠵᠦᠢᠯᠲᠦ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠥᠰᠦᠯ ᠢ ᠲᠣᠭᠲᠠᠭᠠᠨ᠎ᠠ ᠁ ᠥᠨᠥ ᠵᠢᠯ ᠰᠢᠯᠢ ᠶᠢᠨ ᠭᠤᠤᠯ ᠠᠶᠢᠮᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠨ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ ᠪᠤᠢ᠃    ᠲᠥᠷᠥᠭᠦᠬᠡᠨ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠪᠠᠩᠬᠢ ᠨᠢ ᠰᠢᠯᠢ ᠶᠢᠨ ᠭᠤᠣᠯ ᠠᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠳᠤ ᠮᠥᠩᠭᠦᠨ ᠭᠦᠢᠯᠭᠡᠭᠡ ᠪᠠᠷ ᠬᠦᠴᠦᠨ ᠣᠯᠭᠤᠬᠤ ᠬᠠᠮᠲᠤᠷᠠᠯᠴᠠᠭᠠᠨ ᠤ ᠵᠥᠪᠯᠡᠯᠴᠡᠭᠡᠷ ᠳᠣᠬᠢᠷᠠᠯᠴᠠᠬᠤ ᠶᠣᠰᠣᠯᠠᠯ ᠶᠠᠪᠤᠭᠳᠠᠭᠤᠯᠵᠠᠢ᠂ ᠲᠤᠰ ᠤᠳᠠᠭᠠᠨ ᠤ ᠬᠠᠮᠲᠤᠷᠠᠯᠴᠠᠭᠠᠨ ᠢᠶᠠᠷ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠡᠯ᠎ᠡ ᠲᠥᠷᠥᠯ ᠤᠨ ᠭᠤᠣᠯ ᠴᠣᠭᠴᠠ ᠳᠤ ᠮᠥᠩᠭᠦᠨ ᠭᠦᠢᠯᠭᠡᠭᠡᠨ ᠤ ᠯᠠᠪᠳᠠᠭᠤᠨ ᠪᠠᠲᠤᠲᠠᠢ ᠳᠡᠮᠵᠢᠯᠭᠡ ᠬᠠᠩᠭᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠥᠨᠥᠭᠡᠬᠦ ᠲᠠᠶᠢᠯᠠᠯᠳᠤᠭᠠᠨ ᠳᠤ ᠮᠥᠩᠭᠦᠨ ᠭᠦᠢᠯᠭᠡᠭᠡᠨ ᠢᠶᠠᠷ ᠬᠦᠴᠦᠨ ᠣᠯᠭᠤᠬᠤ ᠪᠣᠯᠣᠨ᠎ᠠ᠃    ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠤᠯ ᠠᠶᠢᠮᠠᠭ ᠲᠠᠬᠢ ᠬᠤᠪᠢᠶᠠᠷᠢ ᠪᠠᠩᠬᠢ ᠶᠢᠨ ᠳᠠᠷᠤᠭ᠎ᠠ ᠶᠣᠣ ᠶᠢᠩ ᠬᠡᠯᠡᠬᠦ ᠳᠤ ᠪᠠᠨ᠂ ᠢᠷᠡᠭᠡᠳᠦᠶ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠨᠢᠭᠡ ᠴᠣᠭᠴᠠᠵᠢᠭᠤᠯᠤᠭᠰᠠᠨ ᠬᠤᠯᠪᠤᠭᠳᠠᠯ ᠪᠥᠬᠦᠶ ᠠᠵᠤ ᠠᠬᠤᠶᠢᠯᠠᠯ ᠳᠤ ᠪᠥᠬᠦ ᠲᠠᠯ᠎ᠠ ᠶᠢᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠤᠯᠬᠤ ᠳᠤ ᠪᠠᠩᠬᠢ ᠶᠢᠨ ᠦᠢᠯᠡᠰ ᠤᠨ ᠬᠦᠴᠦᠨ ᠴᠢᠳᠠᠯ ᠢᠶᠠᠨ ᠡᠷᠭᠦᠨ᠎ᠡ ᠭᠡᠯ᠎ᠡ᠃    ᠰᠢᠯᠢ ᠶᠢᠨ ᠭᠤᠤᠯ ᠠᠶᠢᠮᠠᠭ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠵᠢᠭᠡᠯᠡᠯᠭᠡ᠂ ᠲᠥᠷᠥᠯ ᠵᠦᠢᠯ ᠤᠨ ᠵᠢᠭᠡᠯᠡᠯᠭᠡ ᠵᠡᠷᠭᠡ ᠪᠠᠷ ᠭᠠᠷᠳᠠᠴᠠ ᠪᠣᠯᠭᠠᠨ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ 2.17 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠪᠠ᠃ ᠡᠭᠦᠨ ᠤ ᠬᠠᠮᠲᠤ᠂ ︽ᠤᠶᠤᠨᠲᠤ ᠮᠠᠯ ᠠᠵᠤ ᠠᠬᠤᠶ ᠶᠢᠨ ᠵᠢᠭᠡᠯᠡᠯᠭᠡ︾ ︽ᠲᠦᠢᠯ ᠤᠨ ᠬᠤᠷᠳᠤᠴᠠᠲᠤ ᠵᠢᠭᠡᠯᠡᠯᠭᠡ︾ ᠵᠡᠷᠭᠡ ᠵᠢᠭᠡᠯᠡᠯᠭᠡ ᠶᠢᠨ ᠰᠢᠨ᠎ᠡ ᠦᠢᠯᠡᠳᠬᠦᠨ ᠤᠳ ᠢ ᠡᠭᠦᠳᠦᠨ ᠭᠠᠷᠭᠠᠭᠠᠳ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠬᠡᠪᠡᠯᠢ ᠳᠠᠬᠢ ᠵᠢᠴᠢ ᠡᠷᠬᠢᠨ ᠲᠣᠭᠤᠷᠢᠨ ᠤ 3455 ᠡᠷᠦᠬᠡ ᠶᠢᠨ ᠮᠠᠯᠴᠢᠨ ᠲᠠᠷᠢᠶᠠᠴᠢᠨ ᠳᠤ 6.79 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠬᠠᠩᠭᠠᠵᠤ᠂ 1692.42 ᠲᠦᠮᠡᠨ ᠮᠥ ᠣᠶ ᠮᠣᠳᠣ ᠶᠢ ᠲᠦᠭᠰᠢᠭᠦᠷᠢ ᠠᠴᠠ ᠰᠡᠷᠭᠡᠶᠢᠯᠡᠬᠦ ᠳᠤ ᠨᠢ 164.07 ᠳ᠋ᠦᠩᠰᠢᠭᠤᠷ ᠲᠦᠭᠦᠷᠢᠭ ᠤᠨ ᠪᠠᠲᠤᠯᠠᠭ᠎ᠠ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号