ᠥᠪᠥᠷ ᠮᠣᠩᠭᠤᠯ 3 ᠵᠢᠯ ᠳᠤ ᠨᠡᠶᠢᠲᠡ 4 . 5 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠪᠠᠭᠤᠯᠭᠠᠵᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠳᠡᠮᠵᠢᠪᠡ
ᠨᠡᠶᠢᠲᠡᠯᠡᠭᠰᠡᠨ ᠴᠠᠭ᠄
2024/9/3
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ 2022 ᠣᠨ ᠠᠴᠠ 2024 ᠣᠨ ᠪᠣᠯᠲᠠᠯᠠᠬᠢ ᠲᠥᠰᠦᠪ ᠤᠨ ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3 ᠵᠢᠯ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ ᠨᠡᠶᠢᠲᠡ 4 . 5 ᠳ᠋ᠦᠩᠰᠢᠭᠤᠷ ᠲᠥᠭᠦᠷᠢᠭ ᠪᠠᠭᠤᠯᠭᠠᠵᠤ᠂ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ ᠳᠡᠮᠵᠢᠬᠦ ᠳᠤ ᠬᠡᠷᠡᠭᠯᠡᠪᠡ᠃    ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢᠶᠠᠷ 45 ᠪᠦᠬᠦᠯᠢ ᠨᠠᠰᠤᠨ ᠠᠴᠠ ᠳᠣᠷᠣᠭᠰᠢᠬᠢ ᠵᠠᠯᠠᠭᠤ ᠪᠠᠭᠰᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠳᠡᠮᠵᠢᠵᠦ᠂ ᠰᠤᠷᠭᠠᠭᠤᠯᠢ ᠳᠤ ᠪᠠᠶᠢᠭ᠎ᠠ ᠰᠢᠯᠢᠳᠡᠭ ᠰᠤᠷᠤᠭᠴᠢᠳ ᠤᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠳᠡᠮᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠣᠯᠠᠨ ᠰᠢᠨᠵᠢᠯᠡᠭᠡᠨ ᠤ ᠰᠠᠯᠠᠭ᠎ᠠ ᠰᠣᠯᠪᠢᠴᠠᠭᠰᠠᠨ ᠰᠠᠭᠤᠷᠢ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠤᠳᠤᠯᠭᠠᠨ ᠥᠷᠨᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠴᠢᠨᠠᠷᠲᠠᠶ ᠠᠵᠢᠯ ᠢ ᠴᠢᠩᠭᠠᠳᠬᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠪᠣᠳᠠᠲᠠᠶ ᠳᠤ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃    ᠪᠠᠯᠠ ᠮᠥᠩᠭᠦ ᠶᠢᠨ ᠳᠡᠮᠵᠢᠯᠭᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠪᠠᠲᠤᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠶᠢ ᠣᠯᠤᠭᠰᠠᠨ 45 ᠪᠦᠬᠦᠯᠢ ᠨᠠᠰᠤᠨ ᠠᠴᠠ ᠳᠣᠷᠣᠭᠰᠢᠬᠢ ᠵᠠᠯᠠᠭᠤ ᠪᠠᠭᠰᠢ ᠨᠠᠷ ᠦᠷᠭᠦᠯᠵᠢᠯᠡᠨ ᠨᠡᠮᠡᠭᠳᠡᠵᠦ᠂ ᠨᠢᠭᠡ ᠪᠦᠯᠦᠭ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ  ᠵᠦᠢᠯ ᠢ ᠴᠠᠭ ᠲᠤᠬᠠᠶ ᠳᠤᠨᠢ ᠡᠬᠢᠯᠡᠭᠦᠯᠬᠦ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠠᠷᠤᠳᠠᠯ ᠤᠨ ᠬᠠᠮᠢᠶᠠᠷᠤᠯᠲᠠ ᠶᠢᠨ ᠲᠣᠭᠲᠠᠴᠠ ᠶᠢ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ ᠦᠷᠭᠦᠯᠵᠢᠯᠡᠨ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号