︽ᠥᠪᠥᠷ ᠮᠣᠩᠭᠤᠯ ᠤᠨ ᠰᠠᠭᠤᠭᠳᠠᠯ᠄ ᠤᠷᠳᠤ ᠴᠠᠭᠠᠨ ᠬᠡᠷᠡᠮ ᠪᠣᠯᠤᠨ ᠬᠠᠳᠤᠨ ᠭᠤᠣᠯ ᠠᠳᠡ ᠬᠦᠷᠢᠶᠡᠯᠡᠭᠳᠡᠨ᠎ᠡ︾ ᠬᠠᠮ ᠵᠠᠭᠤᠴᠢᠯᠠᠭᠤᠷ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/9/3
    9 ᠰᠠᠷ᠎ᠠ ᠶᠢᠨ 3 ᠤ ᠡᠳᠦᠷ᠂ ︽ᠥᠪᠥᠷ ᠮᠣᠩᠭᠤᠯ ᠤᠨ ᠰᠠᠭᠤᠭᠳᠠᠯ᠄ ᠣᠷᠳᠣ ᠴᠠᠭᠠᠨ ᠬᠡᠷᠡᠮ ᠬᠢᠭᠡᠳ ᠬᠠᠲᠤᠨ ᠭᠤᠤᠯ ᠠᠳᠡ ᠬᠦᠷᠢᠶᠡᠯᠡᠨ᠎ᠡ︾ ᠭᠡᠬᠦ ᠬᠠᠮ ᠵᠠᠭᠤᠴᠢᠯᠠᠭᠤᠷ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠥᠪᠥᠷ ᠮᠣᠩᠭᠤᠯ ᠤᠨ ᠬᠥᠬᠡᠬᠤᠲᠠ ᠳᠤ ᠡᠬᠢᠯᠡᠵᠦ᠂ ᠪᠥᠬᠦ ᠤᠯᠤᠰ ᠤᠨ 11 ᠮᠤᠵᠢ ᠣᠷᠣᠨ ᠬᠤᠲᠠ ᠶᠢᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠨᠠᠶᠢᠷᠠᠭᠤᠯᠤᠭᠴᠢ᠂ ᠰᠤᠷᠪᠤᠯᠵᠢᠯᠠᠭᠴᠢ ᠨᠡᠶᠢᠲᠡ 30 ᠭᠠᠷᠤᠶ ᠬᠥᠮᠦᠨ ᠣᠷᠣᠯᠴᠠᠵᠠᠶ᠃    ᠲᠣᠰ ᠤᠳᠠᠭ᠎ᠠ ᠶᠢᠨ ᠠᠵᠢᠯᠯᠠᠭ᠎ᠠ ᠶᠢ ᠦᠢᠯᠡᠳᠦᠯᠭᠡ ᠰᠡᠳᠬᠦᠯ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠥᠪᠥᠷ ᠮᠣᠩᠭᠤᠯ ᠤᠨ ᠰᠤᠷᠤᠯᠴᠠᠯᠭ᠎ᠠ ᠶᠢᠨ ᠲᠠᠪᠴᠠᠩ ᠳᠠᠭᠠᠭᠠᠴᠢᠯᠠᠨ ᠡᠷᠭᠢᠯᠡᠵᠦ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠮᠵᠢᠯᠴᠠᠨ ᠡᠷᠭᠢᠯᠡᠵᠦ᠂ ᠱᠠᠨ ᠰᠢ᠂ ᠱᠠᠩᠬᠠᠶ᠂ ᠱᠠᠨᠳᠦ᠋ᠩ᠂ ᠾᠧᠨᠠᠨ᠂ ᠹᠦᠵᠢᠶᠠᠨ᠂ ᠭᠤᠸᠠᠩᠳᠦ᠋ᠩ᠂ ᠬᠠᠶᠢᠨᠠᠨ᠂ ᠱᠠᠨᠰᠢ᠂ ᠭᠠᠨᠰᠦ᠂ ᠬᠥᠬᠡᠨᠠᠭᠤᠷ᠂ ᠰᠢᠨᠵᠢᠶᠠᠩ ᠤᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠮᠤᠵᠢ ᠶᠢᠨ ᠲᠠᠰ ᠤᠨ 11 ᠲᠠᠪᠴᠠᠩ ᠬᠤᠯᠪᠣᠭᠠᠯᠠᠨ ᠬᠥᠳᠡᠯᠦᠯᠴᠡᠬᠦ ᠳᠤ ᠣᠷᠣᠯᠴᠠᠪᠠ᠃
b4c33d21abd880996346e5971f96a39734bd45.jpg
    ᠤᠷᠲᠤ ᠴᠠᠭᠠᠨ ᠬᠡᠷᠡᠮ ᠮᠤᠷᠤᠯᠵᠠᠨ ᠮᠤᠷᠤᠯᠵᠠᠨ᠂ ᠶᠡᠭᠡ ᠭᠤᠣᠯ ᠨᠠᠶᠢᠭᠤᠨ᠎ᠠ᠃ ᠥᠪᠥᠷ ᠮᠣᠩᠭᠤᠯ ᠳᠤ ᠤᠳᠤ 7500 ᠭᠠᠷᠤᠢ ᠺᠢᠯᠤᠮᠧᠳ᠋ᠷ ᠤᠷᠳᠤ ᠴᠠᠭᠠᠨ ᠬᠡᠷᠡᠮ ᠪᠠᠶᠢᠵᠤ᠂ ᠤᠷᠳᠤ ᠶᠢᠨ ᠬᠡᠮᠵᠢᠶ᠎ᠡ ᠪᠠ ᠲᠦᠷᠦ ᠶᠢᠨ ᠠᠯᠭᠠᠰᠠᠯ ᠨᠢ ᠴᠥᠮ ᠪᠦᠬᠦ ᠤᠯᠤᠰ ᠲᠤ ᠲᠡᠷᠢᠭᠦᠯᠡᠪᠡ᠃ ᠬᠠᠲᠤᠨ ᠭᠤᠤᠯ ᠥᠪᠥᠷ ᠮᠣᠩᠭᠤᠯ ᠢᠶᠠᠷ ᠤᠷᠤᠰᠤᠨ ᠥᠩᠭᠡᠷᠡᠬᠦ 843 . 5 ᠺᠢᠯᠣᠮᠧᠲᠷ ᠪᠠᠶᠢᠵᠤ᠂ ᠬᠠᠲᠤᠨ ᠭᠤᠤᠯ ᠤᠨ ︽ᠬᠡᠳᠦᠨ ᠥᠰᠥᠭ ᠤᠨ ᠮᠤᠷᠦ᠋ᠢᠯᠲᠠ︾ ᠶᠢᠨ ᠭᠤᠤᠯ ᠪᠦᠰᠡ ᠪᠣᠯᠤᠨ᠎ᠠ᠃ ᠥᠪᠥᠷ ᠮᠣᠩᠭᠤᠯ ᠣᠷᠣᠨ ᠳᠤ᠂ ᠤᠷᠳᠤ ᠴᠠᠭᠠᠨ ᠬᠡᠷᠡᠮ ᠪᠣᠯᠤᠨ ᠬᠠᠳᠤᠨ ᠭᠤᠣᠯ ᠲᠠᠪᠤ ᠤᠳᠠᠭ᠎ᠠ ᠲᠡᠪᠡᠷᠢᠯᠳᠦᠵᠦ᠂ ᠤᠷᠳᠤ ᠴᠠᠭᠠᠨ ᠬᠡᠷᠡᠮ ᠤᠨ ᠰᠣᠶᠣᠯ ᠪᠣᠯᠤᠨ ᠬᠠᠳᠤᠨ ᠭᠤᠣᠯ ᠤᠨ ᠰᠣᠶᠣᠯ ᠢ ᠠᠭᠤᠰᠤᠯᠴᠠᠭᠤᠯᠤᠨ ᠬᠥᠭᠵᠢᠭᠦᠯᠦᠭᠰᠡᠨ ᠭᠠᠶᠢᠬᠠᠮᠰᠢᠭᠲᠤ ᠵᠢᠷᠤᠭ ᠢ ᠵᠢᠷᠤᠭᠯᠠᠪᠠ᠃ ᠳᠠᠷᠠᠭᠠᠴᠢ ᠶᠢᠨ ᠬᠡᠳᠦᠨ ᠡᠳᠦᠷ ᠲᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠡᠯ᠎ᠡ ᠮᠤᠵᠢ ᠣᠷᠣᠨ ᠬᠤᠲᠠ ᠶᠢᠨ ᠨᠠᠶᠢᠷᠠᠭᠤᠯᠤᠭᠴᠢ ᠰᠤᠷᠪᠤᠯᠵᠢᠯᠠᠭᠴᠢ ᠬᠥᠬᠡᠬᠤᠲᠠ ᠳᠤ ᠬᠦᠷᠴᠦ ᠢᠷᠡᠨ᠎ᠡ᠂ ᠪᠤᠭᠤᠲᠤ ᠬᠤᠲᠠ᠂ ᠣᠷᠳᠣᠰ ᠬᠤᠲᠠ᠂ ᠥᠪᠥᠷ ᠮᠣᠩᠭᠤᠯ ᠤᠨ ᠮᠦᠽᠧᠶ ᠳᠤ ᠲᠤᠬᠠᠶ ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠪᠡ᠂ ᠭᠦᠶᠡᠩ ᠰᠢᠶᠠᠨ ᠤ ᠴᠢᠨ ᠴᠠᠩ ᠴᠧᠩ ᠤᠯᠤᠰ ᠤᠨ ᠰᠣᠶᠣᠯ ᠤᠨ ᠴᠡᠴᠡᠷᠯᠢᠭ᠂ ᠵᠡᠭᠦᠨᠭᠠᠷ ᠤᠨ ᠬᠠᠲᠤᠨ ᠭᠤᠤᠯ ᠤᠨ ᠶᠡᠭᠡ ᠬᠠᠪᠴᠢᠯ᠂ ᠴᠢᠩ ᠱᠦᠶ᠋ᠾᠧ ᠰᠢᠶᠠᠨ ᠤ ᠯᠤᠤ ᠨᠵᠤ ᠸᠠᠨ᠂ ᠴᠢᠩ ᠱᠦᠶ ᠾᠧ ᠰᠢᠶᠠᠨ ᠤ ᠮᠢᠩ ᠴᠠᠩ ᠴᠧᠩ ᠤᠯᠤᠰ ᠠᠴᠠ ᠰᠣᠶᠣᠯ ᠤᠨ ᠴᠡᠴᠡᠷᠯᠢᠭ ᠵᠡᠷᠭᠡ ᠭᠠᠵᠠᠷ᠂ ᠤᠷᠲᠤ ᠴᠠᠭᠠᠨ ᠬᠡᠷᠡᠮ ᠤᠨ ᠳᠣᠲᠣᠨ᠎ᠠ ᠭᠠᠳᠠᠨᠠᠬᠢ ᠶᠢ ᠬᠠᠮᠲᠤ ᠪᠠᠷ ᠶᠠᠷᠢᠶ᠎ᠠ᠂ ᠬᠠᠲᠤᠨ ᠭᠤᠤᠯ ᠤᠨ ᠬᠤᠶᠠᠷ ᠡᠷᠭᠢ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠡᠳᠬᠢᠯ ᠬᠥᠳᠡᠯᠭᠡᠮ᠎ᠡ ᠥᠯᠢᠭᠡᠷ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠶᠢᠳᠠᠯᠭ᠎ᠠ ᠶᠢ ᠪᠠᠲᠤ ᠴᠡᠭᠡᠵᠢᠯᠡᠭᠰᠡᠨ ᠢ ᠢᠯᠡᠷᠡᠭᠦᠯᠪᠡ᠂ ᠠᠴᠢ ᠬᠠᠷᠢᠭᠤᠯᠵᠤ ᠡᠷᠡᠯᠬᠡᠭᠯᠡᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠎ᠠ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠠᠮᠢᠳᠤᠯᠢᠭ  ᠦᠢᠯᠡᠳᠦᠯᠭᠡ ᠪᠣᠯᠪᠠ᠃    ︽ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ ᠪᠥᠬᠦ ᠤᠯᠤᠰ ᠤᠨ ᠡᠯ᠎ᠡ ᠭᠠᠵᠠᠷ ᠤᠨ ᠬᠥᠮᠦᠰ ᠥᠪᠥᠷ ᠮᠣᠩᠭᠤᠯ ᠢ ᠠᠩᠬᠠᠷᠴᠤ᠂ ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠰᠣᠶᠣᠯ ᠪᠠ ᠬᠠᠲᠤᠨ ᠭᠤᠤᠯ ᠤᠨ ᠰᠣᠶᠣᠯ ᠢ ᠨᠠᠩ ᠢᠯᠡᠭᠦᠦ ᠣᠶᠢᠯᠠᠭᠠᠵᠤ᠂ ᠮᠠᠨ ᠤ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢᠶᠠᠨ ᠤᠯᠠᠮ ᠨᠢᠭᠡ ᠠᠯᠬᠤᠮ ᠡᠭᠦᠳᠬᠦ ᠶᠢ ᠬᠦᠰᠡᠵᠦ ᠪᠠᠶᠢᠨ᠎ᠠ ᠭᠡᠵᠦ ᠥᠪᠥᠷ ᠮᠣᠩᠭᠤᠯ ᠤᠨ ᠦᠢᠯᠡᠳᠦᠯᠭᠡ ᠰᠡᠳᠬᠦᠯ ᠤᠨ ᠬᠤᠷᠢᠶᠠᠨ ᠤ ᠳᠡᠳ᠋ ᠶᠡᠷᠦᠩᠬᠡᠢ ᠨᠠᠶᠢᠷᠠᠭᠤᠯᠤᠭᠴᠢ᠂ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠥᠪᠥᠷ ᠮᠣᠩᠭᠤᠯ ᠤᠨ ᠰᠤᠷᠤᠯᠴᠠᠯᠭ᠎ᠠ ᠶᠢᠨ ᠲᠠᠪᠴᠠᠩ ᠤᠨ ᠶᠡᠷᠦᠩᠬᠡᠢ ᠨᠠᠶᠢᠷᠠᠭᠤᠯᠤᠭᠴᠢ ᠲᠠᠩ ᠶᠦᠩ ᠬᠡᠯᠡᠪᠡ᠃
1d1b1ccf48aeaf6f7341d8a3f8fed95dfc90c1.jpg
    ︽ᠪᠢ ᠠᠩᠬ᠎ᠠ ᠤᠳᠠᠭ᠎ᠠ ᠥᠪᠥᠷ ᠮᠣᠩᠭᠤᠯ ᠳᠤ ᠢᠷᠡᠵᠦ ᠪᠠᠶᠢᠭ᠎ᠠ ᠶᠤᠮ᠂ ᠰᠠᠶ᠋ᠢᠬᠠᠨ ᠥᠪᠥᠷ ᠮᠣᠩᠭᠤᠯ ᠤᠨ ᠮᠦᠽᠧᠶ ᠶᠢ ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ᠂ ᠠᠳᠡ ᠨᠢᠭᠡᠨᠲᠡ ᠥᠪᠥᠷ ᠮᠣᠩᠭᠤᠯ ᠤᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ ᠮᠡᠳᠡᠷᠡᠵᠡᠶ᠂ ᠤᠯᠠᠮ ᠨᠢᠭᠡ ᠠᠯᠬᠤᠮ ᠪᠠᠶᠢᠴᠠᠭᠠᠨ ᠰᠤᠳᠤᠯᠵᠤ ᠰᠤᠷᠪᠤᠯᠵᠢᠯᠠᠬᠤ ᠪᠠᠷ ᠳᠡᠮᠵᠢᠨ᠂ ᠥᠪᠡᠷ ᠤᠨ ᠦᠵᠡᠭᠳᠡᠯ ᠪᠠ ᠵᠢᠷᠤᠯᠭ᠎ᠠ ᠪᠠᠷ ᠢᠶᠠᠨ ᠭᠦᠨ ᠵᠤᠵᠠᠭᠠᠨ ᠤᠳᠬ᠎ᠠ ᠠᠭᠤᠯᠭ᠎ᠠ ᠲᠠᠢ ᠥᠪᠥᠷ ᠮᠣᠩᠭᠤᠯ ᠤᠨ ᠰᠣᠶᠣᠯ ᠢ ᠮᠠᠨ ᠤ ᠱᠠᠨᠰᠢ ᠶᠢᠨ ᠬᠡᠷᠡᠭᠯᠡᠭᠴᠢᠳ ᠲᠤ ᠠᠪᠴᠢᠷᠠᠬᠤ ᠶᠢ ᠬᠦᠰᠡᠵᠦ ᠪᠠᠶᠢᠨ᠎ᠠ᠃︾ ᠭᠡᠵᠦ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠱᠠᠨᠰᠢ ᠶᠢᠨ ᠰᠤᠷᠤᠯᠴᠠᠯᠭ᠎ᠠ ᠶᠢᠨ ᠲᠠᠪᠴᠠᠩ ᠤᠨ ᠨᠠᠶᠢᠷᠠᠭᠤᠯᠤᠭᠴᠢ ᠵᠠᠩ ᠴᠢᠶᠠᠨ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号