ᠰᠢᠯᠢ ᠶᠢᠨ ᠭᠤᠤᠯ ᠠᠶᠢᠮᠠᠭ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠠᠶᠢᠮᠠᠭ ᠤᠨ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠢᠵᠠᠭᠠᠷᠲᠤ ᠣᠷᠣᠨ ᠵᠠᠶ ᠳᠤ ᠠᠵᠢᠯᠯᠠᠬᠤ ᠲᠤᠰᠬᠠᠶ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/9/30
    9  ᠳ᠋ᠦ᠋ᠭᠡᠷ ᠰᠠᠷ᠎ᠠ ᠶᠢᠨ 19 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠢᠵᠠᠭᠠᠷᠲᠤ ᠣᠷᠣᠨ ᠵᠠᠶ ᠳᠤ ᠠᠵᠢᠯᠯᠠᠬᠤ ᠲᠤᠰᠬᠠᠶ ᠪᠣᠯᠪᠠᠰᠤᠷᠠᠭᠤᠯᠤᠯ ᠤᠨ ᠬᠤᠷᠠᠯ ᠰᠢᠯᠢ ᠶᠢᠨ ᠬᠤᠲᠠ ᠳᠤ ᠶᠠᠪᠤᠭᠳᠠᠵᠤ᠂ 13 ᠬᠤᠰᠢᠭᠤ ᠰᠢᠶᠠᠨ ᠬᠤᠲᠠ ︵ᠲᠣᠭᠤᠷᠢᠭ︶ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ 26 ᠬᠢᠵᠠᠭᠠᠷᠲᠤ ᠣᠷᠣᠨ ᠵᠠᠶ ᠳᠤ ᠠᠵᠢᠯᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠨᠡᠶᠢᠲᠡ 89 ᠬᠥᠮᠦᠨ ᠬᠤᠷᠠᠯ ᠳᠤ ᠣᠷᠣᠯᠴᠠᠵᠤ᠂ ᠰᠢᠯᠢ ᠶᠢᠨ ᠭᠤᠤᠯ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠠᠰᠲᠤᠩᠭᠠᠯᠠᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
W020240926389717558614.png
    ᠲᠣᠰ ᠤᠳᠠᠭᠠᠨ ᠤ ᠪᠣᠯᠪᠠᠰᠤᠷᠠᠭᠤᠯᠤᠯ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ  ᠤᠨ ᠲᠤᠬᠠᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠠᠷᠠᠯᠵᠢᠶ᠎ᠠ ᠶᠢᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠪᠠ ᠠᠵᠤ ᠦᠢᠯᠡᠳᠪᠦᠷᠢ ᠠᠷᠠᠯᠵᠢᠶ᠎ᠠ ᠶᠢᠨ ᠠᠵᠤ ᠠᠬᠤᠶᠢᠯᠠᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠲᠠᠯ᠎ᠠ ᠪᠠᠷ ᠬᠢ ᠲᠤᠰᠬᠠᠶ ᠮᠡᠷᠭᠡᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠦᠢᠯᠡᠳᠪᠦᠷᠢ ᠠᠷᠠᠯᠵᠢᠶ᠎ᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠢᠵᠠᠭᠠᠷᠲᠠᠶ ᠣᠷᠣᠨ ᠵᠠᠶ ᠳᠤ ᠠᠵᠢᠯᠯᠠᠬᠤ ᠲᠤᠰᠬᠠᠶ ᠮᠡᠷᠭᠡᠵᠢᠯᠲᠡᠨ ᠤ ᠵᠢᠯᠣᠭᠤᠳᠤᠨ ᠦᠢᠯᠡᠴᠢᠯᠡᠬᠦ ᠠᠵᠢᠯ ᠪᠠ ᠬᠢᠵᠠᠭᠠᠷᠲᠠᠶ ᠣᠷᠣᠨ ᠵᠠᠶ ᠳᠤ ᠠᠵᠢᠯᠯᠠᠬᠤ ᠭᠤᠤᠯᠳᠠᠯᠭ᠎ᠠ ᠲᠠᠢ ᠭᠠᠵᠠᠷ ᠣᠷᠣᠨ ᠤ ︽ᠠᠮᠤᠷ ᠲᠦᠪᠰᠢᠨ ᠤ ᠦᠨᠡᠯᠡᠨ ᠵᠢᠱᠢᠯᠲᠡ + ᠬᠠᠤᠯᠢ ᠬᠡᠷᠡᠭᠵᠢᠭᠦᠯᠦᠯᠲᠡ +  ᠦᠢᠯᠡᠴᠢᠯᠡᠭᠡ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃    ᠬᠤᠷᠠᠯ ᠳᠡᠭᠡᠷ᠎ᠡ᠂ ᠱᠠᠨᠳᠦ᠋ᠩ ᠮᠤᠵᠢ ᠶᠢᠨ ᠠᠶᠤᠯ ᠥᠬᠡᠶ ᠦᠢᠯᠡᠳᠪᠦᠷᠢᠯᠡᠯ  ᠤᠨ ᠲᠤᠰᠬᠠᠶ ᠮᠡᠷᠭᠡᠵᠢᠯᠲᠡᠨ᠂ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠲᠠᠩ ᠸᠧᠶ ᠡᠨᠡ ᠵᠢᠯ ᠤᠨ ᠰᠢᠯᠢ ᠶᠢᠨ ᠭᠤᠤᠯ ᠠᠶᠢᠮᠠᠭ ᠤᠨ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠭᠤᠤᠯᠳᠠᠯᠭ᠎ᠠ ᠲᠠᠢ ᠭᠠᠵᠠᠷ ᠣᠷᠣᠨ ᠤ ᠠᠮᠤᠷ ᠲᠦᠪᠰᠢᠨ ᠤ ᠦᠨᠡᠯᠡᠨ ᠵᠢᠱᠢᠯᠲᠡ ᠪᠠ ᠲᠤᠰᠬᠠᠶ ᠮᠡᠷᠭᠡᠵᠢᠯᠲᠡᠨ ᠤ ᠵᠢᠯᠣᠭᠤᠳᠤᠨ ᠦᠢᠯᠡᠴᠢᠯᠡᠬᠦ ᠬᠤᠭᠤᠴᠠᠭᠠᠨ ᠳᠤ ᠢᠯᠡᠷᠡᠭᠦᠯᠦᠭᠰᠡᠨ ᠨᠡᠶᠢᠲᠡᠴᠢ ᠴᠢᠨᠠᠷᠲᠠᠶ ᠠᠰᠠᠭᠤᠳᠠᠯ ᠵᠢᠴᠢ ᠪᠣᠳᠠᠲᠠᠶ ᠠᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠪᠠᠷᠢᠮᠵᠢᠶ᠎ᠠ᠂ ᠭᠤᠤᠯ ᠪᠣᠯᠬᠤ ᠠᠮᠤᠷ ᠲᠦᠪᠰᠢᠨ ᠤ ᠠᠶᠤᠯ ᠲᠦᠭᠰᠢᠭᠦᠷᠢ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠪᠡᠯᠡᠳᠬᠡᠮᠵᠢ ᠵᠢᠴᠢ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠬᠠᠷᠢᠭᠤᠴᠠᠯᠭᠠᠲᠠᠨ᠂ ᠬᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠣᠨᠣᠯ ᠤᠨ ᠲᠤᠯᠭᠠᠭᠤᠷᠢᠯᠠᠯ ᠬᠠᠩᠭᠠᠪᠠ᠃    ᠬᠤᠷᠠᠯ ᠳᠡᠭᠡᠷ᠎ᠡ᠂ ᠰᠢᠯᠢ ᠶᠢᠨ ᠭᠤᠤᠯ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠂ ᠡᠯ᠎ᠡ ᠭᠠᠵᠠᠷ ᠤᠨ ᠬᠤᠯᠪᠣᠭᠳᠠᠯ ᠪᠦᠬᠦᠢ ᠨᠢᠭᠡᠴᠡ ᠶᠢᠨ ᠠᠵᠤ ᠠᠬᠤᠶᠢᠯᠠᠯ ᠤᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠂ ᠦᠵᠡᠯ ᠰᠠᠨᠠᠭᠠᠨ ᠤ ᠭᠦᠨ ᠠᠴᠠ ᠨᠡᠶᠢᠲᠡᠯᠢᠭ ᠠᠳᠡᠯ ᠤᠨ ᠰᠤᠷᠭᠠᠮᠵᠢ ᠠᠪᠬᠤ᠂ ᠣᠳᠣᠬᠠᠨ ᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ  ᠤᠨ ᠠᠵᠢᠯ ᠤᠨ ᠬᠠᠲᠠᠭᠤ ᠴᠢᠩᠭ᠎ᠠ ᠪᠠᠶᠢᠳᠠᠯ ᠢ ᠰᠡᠷᠭᠡᠭ ᠢᠶᠠᠷ ᠲᠠᠨᠢᠬᠤ ᠬᠡᠷᠡᠭᠲᠡᠶ᠂ ᠰᠣᠬᠤᠷ ᠪᠠᠯᠠᠶ ᠪᠠᠷ ᠪᠠᠶᠠᠷᠯᠠᠬᠤ ᠶᠢ ᠬᠤᠷᠢᠭᠯᠠᠬᠤ᠂ ᠮᠢᠨᠴᠦᠭᠦᠷᠡᠨ ᠲᠠᠶᠢᠪᠤᠰᠢᠷᠠᠬᠤ ᠪᠤᠷᠤᠭᠤ ᠦᠵᠡᠯ ᠰᠠᠨᠠᠭ᠎ᠠ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ︽ᠬᠤᠶᠠᠷ ᠬᠦᠷᠢᠶ᠎ᠡ᠂ ᠭᠤᠷᠪᠠᠨ ᠭᠤᠭᠴᠤᠭ᠎ᠠ︾᠂ ᠳᠠᠭᠠᠯᠲᠠ ︽ᠬᠥᠮᠦᠨ︾᠂ ᠪᠣᠳᠠᠰ᠂ ᠴᠠᠭᠠᠷᠢᠭ᠂ ᠳᠥᠷᠪᠡᠨ ᠲᠠᠯ᠎ᠠ ᠶᠢ ᠬᠠᠮᠢᠶᠠᠷᠬᠤ᠂ ᠬᠠᠨᠳᠤᠯᠭᠠᠲᠤ ᠴᠢᠨᠠᠷᠲᠠᠶ ᠪᠠᠷ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ᠂ ᠠᠵᠤ ᠦᠢᠯᠡᠳᠪᠦᠷᠢ ᠠᠷᠠᠯᠵᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ᠂ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠂ ︽ᠴᠠᠭ ᠢᠮᠠᠭᠲᠠ ᠰᠡᠳᠬᠢᠯ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠢᠲᠤᠷ ᠠᠳᠬᠤᠨ᠎ᠠ᠂ ᠬᠦᠨᠳᠦ ᠣᠨᠴᠠ ᠶᠡᠭᠡ ᠠᠳᠡᠯ ᠭᠠᠷᠬᠤ ᠶᠢ ᠰᠡᠷᠭᠡᠶᠢᠯᠡᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号