︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 — 2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/9/30
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                ᠥᠪᠥᠷ ᠵᠠᠰᠠᠭ ᠦᠰᠦᠭ ︹2024 ︺ 160 ᠳ᠋ᠤᠭᠠᠷ ᠲᠣᠭᠠᠲᠤ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 — 2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄    ᠲᠠᠨ ᠤ ᠬᠤᠲᠠ ᠶᠢᠨ ︽︿ᠵᠢᠨᠢᠩ ᠲᠣᠭᠤᠷᠢᠭ ᠤᠨ ᠰᠢᠨ᠎ᠡ ᠲᠣᠭᠤᠷᠢᠭ ᠪᠠ ᠨᠠᠷᠠᠰᠤᠨ ᠭᠤᠣᠯ ᠤᠨ ᠵᠡᠭᠦᠨ ᠬᠡᠰᠡᠭ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ ᠤ 6 ᠳ᠋ᠤᠭᠠᠷ ᠰᠠᠷ᠎ᠠ — 2026 ᠣᠨ ᠤ 5 ᠳ᠋ᠤᠭᠠᠷ ᠰᠠᠷ᠎ᠠ︶﹀ ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠤᠯᠠᠭᠠᠨᠴᠠᠪ ᠵᠠᠰᠠᠭ ᠮᠡᠳᠡᠭᠦᠯᠦᠯᠲᠡ [2024 ] 73 ᠳ᠋ᠤᠭᠠᠷ ᠲᠣᠭᠠᠲᠤ ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄    ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024  — 2025 ᠣᠨ︶︾ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ [2023 ] 7 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠲᠠᠢ ᠨᠡᠶᠢᠴᠡᠵᠦ ᠪᠠᠶᠢᠭ᠎ᠠ ᠪᠣᠯᠬᠤᠷ᠂ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 — 2025 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃                                         2024 ᠣᠨ ᠤ 8 ᠳ᠋ᠤᠭᠠᠷ ᠰᠠᠷ᠎ᠠ ᠶᠢᠨ 26 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号