ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ 2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ ᠶᠢᠨ ᠬᠢᠷᠢ ᠪᠦᠲᠦᠮᠵᠢ᠂ ᠬᠢᠷᠢ ᠲᠡᠩᠴᠡᠬᠦ ᠬᠤᠪᠢ ᠶᠢ ᠨᠡᠶᠢᠲᠡᠯᠡᠬᠦ ᠪᠠ ᠪᠡᠶᠡᠴᠢ ᠰᠡᠳᠦᠪ ᠤᠨ ᠰᠢᠯᠭᠠᠯᠲᠠ ᠳᠤ ᠨᠡᠷ᠎ᠡ ᠮᠡᠳᠡᠭᠦᠯᠬᠦ᠂ ᠰᠦᠢᠳᠬᠡᠯ ᠲᠤᠰᠢᠶᠠᠬᠤ ᠵᠡᠷᠭᠡ ᠵᠦᠢᠯᠡᠰ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/9/30
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠶᠠᠮᠤᠨ ᠤ ᠠᠯᠪᠠᠨ ᠵᠠᠷ︾ ︵2024 ᠣᠨ ᠤ 7 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ 2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ ᠶᠢᠨ ᠬᠢᠷᠢ ᠪᠦᠲᠦᠮᠵᠢ᠂ ᠬᠢᠷᠢ ᠲᠡᠩᠴᠡᠬᠦ ᠬᠤᠪᠢ ᠶᠢ ᠨᠡᠶᠢᠲᠡᠯᠡᠬᠦ ᠪᠠ ᠪᠡᠶᠡᠴᠢ ᠰᠡᠳᠦᠪ ᠤᠨ ᠰᠢᠯᠭᠠᠯᠲᠠ ᠳᠤ ᠨᠡᠷ᠎ᠡ ᠮᠡᠳᠡᠭᠦᠯᠬᠦ᠂ ᠰᠦᠢᠳᠬᠡᠯ ᠲᠤᠰᠢᠶᠠᠬᠤ ᠵᠡᠷᠭᠡ ᠵᠦᠢᠯᠡᠰ ᠢ ᠳᠣᠣᠷᠠᠬᠢ ᠮᠡᠲᠦ ᠵᠠᠷᠯᠠᠶ᠎ᠠ᠃    ᠨᠢᠭᠡ᠂ ᠪᠤᠰᠤᠳᠴᠢ ᠰᠡᠳᠦᠪ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ᠂ ᠪᠠᠶᠢᠴᠠᠭᠠᠨ ᠯᠠᠪᠯᠠᠬᠤ    2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ ᠶᠢᠨ ᠬᠢᠷᠢ ᠪᠦᠲᠦᠮᠵᠢ ᠶᠢ 9 ᠰᠠᠷ᠎ᠠ ᠶᠢᠨ 26 ᠤ ᠡᠳᠦᠷ ᠨᠡᠶᠢᠲᠡᠯᠡᠨ᠎ᠡ᠃ ᠰᠢᠯᠭᠠᠯᠲᠠ ᠳᠤ ᠣᠷᠣᠯᠴᠠᠭᠰᠠᠳ 9 ᠰᠠᠷ᠎ᠠ ᠶᠢᠨ 26 ᠤ ᠡᠳᠦᠷ ᠤᠨ 0 ᠴᠠᠭ ᠠᠴᠠ ᠡᠬᠢᠯᠡᠨ᠂ ᠬᠠᠤᠯᠢ ᠴᠠᠭᠠᠵᠠ ᠶᠢᠨ ᠶᠠᠮᠤᠨ ᠤ ᠠᠯᠪᠠᠨ ᠰᠦᠯᠵᠢᠶ᠎ᠡ᠂ ᠬᠠᠤᠯᠢ ᠴᠠᠭᠠᠵᠠ ᠶᠢᠨ ᠶᠠᠮᠤᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠪᠠ ᠳᠤᠮᠳᠠᠳᠤ ᠤᠯᠤᠰ ᠤᠨ ᠬᠠᠤᠯᠢ ᠲᠦᠭᠡᠮᠡᠯᠵᠢᠭᠦᠯᠬᠦ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠡᠮᠵᠢᠨ ᠬᠤᠪᠢ ᠬᠥᠮᠥᠨ ᠤ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ᠂ ᠬᠠᠤᠯᠢ ᠴᠠᠭᠠᠵᠠ ᠶᠢᠨ ᠶᠠᠮᠤᠨ ᠤ ᠠᠯᠪᠠᠨ ᠰᠦᠯᠵᠢᠶ᠎ᠡ ᠳᠤ ᠭᠠᠷᠴᠤ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠶᠢ ᠥᠪᠡᠰᠦᠪᠡᠨ ᠪᠠᠭᠤᠯᠭᠠᠨ ᠠᠪᠴᠤ ᠳᠠᠷᠤᠮᠠᠯᠯᠠᠨ᠎ᠠ᠃    ᠬᠤᠶᠠᠷ᠂ ᠪᠤᠰᠤᠳᠴᠢ ᠰᠡᠳᠦᠪ ᠤᠨ ᠰᠢᠯᠭᠠᠯᠲᠠ ᠶᠢᠨ ᠬᠢᠷᠢ ᠲᠡᠩᠴᠡᠬᠦ ᠬᠤᠪᠢ    ᠬᠠᠤᠯᠢ ᠴᠠᠭᠠᠵᠠ ᠶᠢᠨ ᠶᠠᠮᠤᠨ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠵᠦᠪᠳᠡᠯᠴᠡᠬᠦ ᠪᠠᠷ ᠳᠠᠮᠵᠢᠨ 2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ ᠶᠢᠨ ᠬᠢᠷᠢ ᠲᠡᠩᠴᠡᠬᠦ ᠬᠤᠪᠢ ᠶᠢ ᠲᠣᠭᠲᠠᠭᠠᠵᠠᠢ᠃ ᠪᠦᠬᠦ ᠤᠯᠤᠰ ᠤᠨ ᠨᠢᠭᠡᠳᠦᠯᠲᠡᠢ ᠬᠢᠷᠢ ᠲᠡᠩᠴᠡᠬᠦ ᠬᠤᠪᠢ ᠨᠢ 180 ᠬᠤᠪᠢ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠪᠠᠭᠠᠷᠢᠨ ᠵᠡᠭᠦᠨ ᠬᠤᠰᠢᠭᠤ᠂ ᠬᠦᠷᠢᠶ᠎ᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠱᠠᠩᠳᠤ ᠰᠢᠶᠠᠨ᠂ ᠬᠤᠸᠠᠳᠧ ᠰᠢᠶᠠᠨ᠂ ᠳᠥᠷᠪᠡᠳ ᠬᠤᠰᠢᠭᠤ ᠵᠡᠷᠭᠡ 10 ᠬᠤᠰᠢᠭᠤ ᠰᠢᠶᠠᠨ ᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠣᠷᠣᠭᠤᠯᠵᠤ᠂ ᠬᠢᠷᠢ ᠲᠡᠩᠴᠡᠬᠦ ᠬᠤᠪᠢ ᠶᠢ 150 ᠬᠤᠪᠢ ᠪᠣᠯᠭᠠᠨ ᠠᠭᠤᠵᠢᠭᠤ ᠲᠠᠯᠪᠢᠵᠤ᠂ ᠪᠤᠰᠤᠳ ᠲᠣᠭᠲᠠᠭᠠᠯ ᠳᠤ ᠠᠭᠤᠵᠢᠭᠤ ᠲᠠᠯᠪᠢᠭᠰᠠᠨ ᠭᠠᠵᠠᠷ ᠣᠷᠣᠨ ᠤ ᠬᠢᠷᠢ ᠲᠡᠩᠴᠡᠬᠦ ᠬᠤᠪᠢ ᠶᠢ 160 ᠬᠤᠪᠢ ᠪᠣᠯᠭᠠᠪᠠ᠃    2024 ᠣᠨ ᠤ ᠪᠤᠰᠤᠳᠴᠢ ᠰᠡᠳᠦᠪ ᠤᠨ ᠰᠢᠯᠭᠠᠯᠲᠠ ᠳᠤ ᠬᠢᠷᠢ ᠲᠡᠩᠴᠡᠭᠰᠡᠨ ᠬᠢᠷᠢ ᠪᠦᠲᠦᠮᠵᠢ ᠨᠢ 2024 ᠣᠨ ᠪᠠ ᠲᠠᠷᠠᠭᠠᠴᠢ ᠶᠢᠨ ᠰᠢᠯᠭᠠᠯᠲᠠ ᠶᠢᠨ ᠣᠨ ᠳᠤ ᠬᠦᠴᠦᠨ ᠲᠠᠢ᠃    ᠭᠤᠷᠪᠠ᠂ ᠪᠡᠶᠡᠴᠢ ᠰᠡᠳᠦᠪ ᠤᠨ ᠰᠢᠯᠭᠠᠯᠲᠠ ᠶᠢᠨ ᠬᠠᠮᠢᠶ᠎ᠠ ᠪᠦᠬᠦᠢ ᠵᠦᠢᠯᠡᠰ    ︵ᠨᠢᠭᠡ︶ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ    2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠡᠶᠡᠴᠢ ᠰᠡᠳᠦᠪ ᠤᠨ ᠰᠢᠯᠭᠠᠯᠲᠠ ᠳᠤ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠴᠠᠭ ᠨᠢ 9 ᠰᠠᠷ᠎ᠠ ᠶᠢᠨ 26 ᠤ ᠡᠳᠦᠷ ᠤᠨ 8 ᠴᠠᠭ ᠠᠴᠠ 9 ᠰᠠᠷ᠎ᠠ ᠶᠢᠨ 30 ᠤ ᠡᠳᠦᠷ ᠤᠨ 18 ᠴᠠᠭ ᠪᠣᠯᠣᠨ᠎ᠠ᠃ 2023 ᠣᠨ ᠤ ᠪᠤᠰᠤᠳᠴᠢ ᠰᠡᠳᠦᠪ ᠤᠨ ᠰᠢᠯᠭᠠᠯᠲᠠ ᠳᠤ ᠬᠦᠴᠦᠨ ᠪᠦᠬᠦᠢ ᠬᠢᠷᠢ ᠪᠦᠲᠦᠮᠵᠢ ᠲᠠᠢ ᠬᠥᠮᠥᠰ ᠢ ᠦᠯᠡᠳᠡᠭᠡᠵᠦ᠂ 2024 ᠣᠨ ᠤ ᠪᠤᠰᠤᠳᠴᠢ ᠰᠡᠳᠦᠪ ᠤᠨ ᠰᠢᠯᠭᠠᠯᠲᠠ ᠳᠤ ᠬᠢᠷᠢ ᠲᠡᠩᠴᠡᠭᠰᠡᠨ ᠬᠥᠮᠥᠰ ᠢ ᠲᠣᠭᠲᠠᠭᠰᠠᠨ ᠬᠤᠭᠤᠴᠠᠭᠠᠨ ᠳᠣᠲᠣᠷ᠎ᠠ ᠬᠠᠤᠯᠢ ᠴᠠᠭᠠᠵᠠ ᠶᠢᠨ ᠶᠠᠮᠤᠨ ᠤ ᠠᠯᠪᠠᠨ ᠰᠦᠯᠵᠢᠶ᠎ᠡ ᠳᠤ ᠭᠠᠷᠴᠤ ᠪᠡᠶᠡᠴᠢ ᠰᠡᠳᠦᠪ ᠤᠨ ᠰᠢᠯᠭᠠᠯᠲᠠ ᠳᠤ ᠣᠷᠣᠯᠴᠠᠭᠰᠠᠨ ᠢᠶᠠᠨ ᠨᠤᠲᠠᠯᠠᠬᠤ ᠶᠢᠨ ᠬᠠᠮᠲᠤ ᠲᠣᠭᠲᠠᠭᠠᠯ ᠶᠣᠰᠣᠭᠠᠷ 90 ᠲᠥᠭᠦᠷᠢᠭ ᠤᠨ ᠰᠢᠯᠭᠠᠯᠲᠠ ᠶᠢᠨ ᠰᠦᠢᠳᠬᠡᠯ ᠲᠤᠰᠢᠶᠠᠬᠤ ᠬᠡᠷᠡᠭᠲᠡᠢ᠂ ᠬᠤᠭᠤᠴᠠᠭ᠎ᠠ ᠥᠩᠭᠡᠷᠡᠪᠡᠯ ᠨᠥᠬᠦᠵᠦ ᠮᠡᠳᠡᠭᠦᠯᠬᠦ ᠦᠭᠡᠢ᠃    ︵ᠬᠤᠶᠠᠷ︶ ᠰᠢᠯᠭᠠᠯᠲᠠ ᠶᠢᠨ ᠲᠣᠭᠤᠷᠢᠭ ᠢ ᠰᠣᠩᠭᠤᠬᠤ    2023 ᠣᠨ ᠤ ᠪᠤᠰᠤᠳᠴᠢ ᠰᠡᠳᠦᠪ ᠤᠨ ᠰᠢᠯᠭᠠᠯᠲᠠ ᠳᠤ ᠪᠦᠲᠦᠮᠵᠢᠲᠡᠶ ᠬᠢᠷᠢ ᠪᠦᠲᠦᠮᠵᠢ ᠦᠯᠡᠳᠡᠭᠡᠭᠰᠡᠨ ᠬᠥᠮᠥᠰ᠂ 2024 ᠣᠨ ᠤ ᠪᠤᠰᠤᠳᠴᠢ ᠰᠡᠳᠦᠪ ᠤᠨ ᠰᠢᠯᠭᠠᠯᠲᠠ ᠳᠤ ᠬᠢᠷᠢ ᠲᠡᠩᠴᠡᠭᠰᠡᠨ ᠬᠥᠮᠥᠰ᠂ ᠪᠤᠰᠤᠳᠴᠢ ᠰᠡᠳᠦᠪ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠭᠠᠵᠠᠷ ᠪᠤᠶᠤ ᠠᠵᠢᠯᠯᠠᠵᠤ ᠪᠠᠶᠢᠭ᠎ᠠ ᠭᠠᠵᠠᠷ᠂ ᠠᠮᠢᠳᠤᠷᠠᠵᠤ ᠪᠠᠶᠢᠭ᠎ᠠ ᠭᠠᠵᠠᠷ ᠤᠨ ᠮᠤᠵᠢ ︵ᠣᠷᠣᠨ᠂ ᠬᠤᠲᠠ︶ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠬᠢᠷᠠᠭᠤᠯᠤᠭᠰᠠᠨ ᠰᠢᠯᠭᠠᠯᠲᠠ ᠶᠢᠨ ᠲᠣᠭᠤᠷᠢᠭ ᠢ ᠰᠣᠩᠭᠤᠵᠤ᠂ 2024 ᠣᠨ ᠤ ᠪᠡᠶᠡᠴᠢ ᠰᠡᠳᠦᠪ ᠤᠨ ᠰᠢᠯᠭᠠᠯᠲᠠ ᠳᠤ ᠣᠷᠣᠯᠴᠠᠬᠤ ᠪᠠᠷ ᠨᠤᠲᠠᠯᠠᠨ ᠲᠣᠭᠲᠠᠭᠠᠵᠤ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠳᠤ ᠴᠥᠮ ᠺᠣᠮᠫᠢᠦ᠋ᠲ᠋ᠧᠷ᠂ ᠪᠢᠷ ᠴᠠᠭᠠᠰᠤ ᠪᠠᠷ ᠰᠡᠳᠦᠪ ᠬᠠᠷᠢᠭᠤᠯᠬᠤ ᠠᠷᠭ᠎ᠠ ᠮᠠᠶ᠋ᠢᠭ ᠤᠨ ᠰᠢᠯᠭᠠᠯᠲᠠ ᠶᠢᠨ ᠲᠣᠭᠤᠷᠢᠭ᠂ ᠰᠢᠯᠭᠠᠯᠲᠠ ᠶᠢᠨ ᠴᠡᠭ ᠢ ᠲᠣᠬᠢᠷᠠᠭᠤᠯᠪᠠ᠃ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠨᠢ ᠪᠣᠳᠠᠲᠠᠢ ᠪᠠᠶᠢᠭ᠎ᠠ ᠰᠠᠭᠤᠳᠠᠯ ᠤᠨ ᠲᠣᠭᠠᠨ ᠤ ᠬᠢᠵᠠᠭᠠᠷᠯᠠᠯ ᠠᠴᠠ ᠪᠣᠯᠵᠤ᠂ ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠭᠠᠵᠠᠷ ᠢ ᠰᠣᠩᠭᠤᠬᠤ ᠳᠤ᠂ ᠬᠡᠷᠪᠡ ᠲᠣᠰ ᠨᠡᠷ᠎ᠡ ᠮᠡᠳᠡᠭᠦᠯᠦᠭᠰᠡᠨ ᠭᠠᠵᠠᠷ ᠤᠨ ᠪᠠᠶᠢᠭ᠎ᠠ ᠰᠢᠯᠭᠠᠯᠲᠠ ᠶᠢᠨ ᠲᠣᠭᠤᠷᠢᠭ ᠤᠨ ᠬᠥᠮᠥᠨ ᠤ ᠲᠤᠭ᠎ᠠ ᠨᠢ ᠳᠦᠭᠦᠷᠦᠭᠰᠡᠨ ᠪᠠᠶᠢᠪᠠᠯ᠂ ᠪᠤᠰᠤᠳ ᠬᠥᠮᠥᠨ ᠤ ᠲᠤᠭ᠎ᠠ ᠨᠢ ᠳᠦᠭᠦᠷᠦᠭᠡᠳᠦᠢ ᠨᠡᠷ᠎ᠡ ᠮᠡᠳᠡᠭᠦᠯᠬᠦ ᠭᠠᠵᠠᠷ ᠢ ᠰᠣᠩᠭᠤᠵᠤ ᠨᠡᠷ᠎ᠡ ᠮᠡᠳᠡᠭᠦᠯᠦᠭᠡᠷᠡᠢ᠃    ︵ᠭᠤᠷᠪᠠ︶ ᠰᠢᠯᠭᠠᠭᠤᠯᠬᠤ ᠦᠨᠡᠮᠯᠡᠯ ᠢ ᠳᠠᠷᠤᠮᠠᠯᠯᠠᠬᠤ    ᠪᠡᠶᠡᠴᠢ ᠰᠡᠳᠦᠪ ᠤᠨ ᠰᠢᠯᠭᠠᠯᠲᠠ ᠳᠤ ᠣᠷᠣᠯᠴᠠᠭᠰᠠᠳ 2024 ᠣᠨ ᠤ 10 ᠰᠠᠷ᠎ᠠ ᠶᠢᠨ 15 ᠤ ᠡᠳᠦᠷ ᠠᠴᠠ 19 ᠤ ᠡᠳᠦᠷ ᠪᠣᠯᠲᠠᠯ᠎ᠠ ᠬᠠᠤᠯᠢ ᠴᠠᠭᠠᠵᠠ ᠶᠢᠨ ᠶᠠᠮᠤᠨ ᠤ ᠠᠯᠪᠠᠨ ᠰᠦᠯᠵᠢᠶ᠎ᠡ ᠳᠤ ᠭᠠᠷᠴᠤ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠥᠪᠡᠰᠦᠪᠡᠨ ᠳᠠᠷᠤᠮᠠᠯᠯᠠᠨ᠎ᠠ᠃    ︵ᠳᠥᠷᠪᠡ︶ ᠰᠢᠯᠭᠠᠬᠤ ᠴᠠᠭ ᠪᠠ ᠠᠷᠭ᠎ᠠ ᠮᠠᠶ᠋ᠢᠭ ᠪᠡᠶᠡᠴᠢ ᠰᠡᠳᠦᠪ ᠤᠨ ᠰᠢᠯᠭᠠᠯᠲᠠ ᠶᠢᠨ ᠴᠠᠭ ᠨᠢ 2024 ᠣᠨ ᠤ 10 ᠰᠠᠷ᠎ᠠ ᠶᠢᠨ 20 ᠤ ᠡᠳᠦᠷ ᠤᠨ 9᠄ 00 — 13᠄ 00᠂ ᠰᠢᠯᠭᠠᠯᠲᠠ ᠶᠢᠨ ᠴᠠᠭ ᠨᠢ 240 ᠮᠢᠨᠦ᠋ᠲ ᠪᠣᠯᠣᠨ᠎ᠠ᠃    2024 ᠣᠨ ᠳᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠡᠶᠡᠴᠢ ᠰᠡᠳᠦᠪ ᠤᠨ ᠰᠢᠯᠭᠠᠯᠲᠠ ᠳᠤ ᠺᠣᠮᠫᠢᠦ᠋ᠲ᠋ᠧᠷᠴᠢᠯᠡᠭᠰᠡᠨ ᠰᠢᠯᠭᠠᠯᠲᠠ ᠶᠢ ᠬᠡᠷᠡᠭᠵᠢᠭᠦᠯᠦᠨ᠎ᠡ᠃ ᠰᠢᠯᠭᠠᠯᠲᠠ ᠶᠢᠨ ᠰᠡᠳᠦᠪ᠂ ᠰᠡᠳᠦᠪ ᠬᠠᠷᠢᠭᠤᠯᠬᠤ ᠱᠠᠭᠠᠷᠳᠠᠯᠭ᠎ᠠ ᠪᠠ ᠰᠡᠳᠦᠪ ᠬᠠᠷᠢᠭᠤᠯᠬᠤ ᠨᠢᠭᠤᠷ ᠨᠢ ᠴᠥᠮ ᠺᠣᠮᠫᠢᠦ᠋ᠲ᠋ᠧᠷ ᠤᠨ ᠳᠡᠯᠭᠡᠴᠡ ᠳᠡᠭᠡᠷ᠎ᠡ ᠢᠯᠡᠷᠡᠵᠦ᠂ ᠰᠢᠯᠭᠠᠯᠲᠠ ᠳᠤ ᠣᠷᠣᠯᠴᠠᠭᠰᠠᠳ ᠺᠣᠮᠫᠢᠦ᠋ᠲ᠋ᠧᠷ ᠤᠨ ᠰᠡᠳᠦᠪ ᠬᠠᠷᠢᠭᠤᠯᠬᠤ ᠨᠢᠭᠤᠷ ᠳᠡᠭᠡᠷ᠎ᠡ ᠰᠢᠭᠤᠳ ᠬᠠᠷᠢᠭᠤᠯᠬᠤ ᠬᠡᠷᠡᠭᠲᠡᠢ᠃    ᠰᠢᠯᠭᠠᠯᠲᠠ ᠳᠤ ᠣᠷᠣᠯᠴᠠᠭᠰᠠᠳ ᠪᠡᠶ᠎ᠡ ᠮᠠᠬᠠᠪᠤᠳ᠂ ᠨᠠᠰᠤ ᠵᠢᠯ ᠵᠡᠷᠭᠡ ᠰᠢᠯᠲᠠᠭᠠᠨ ᠠᠴᠠ ᠪᠣᠯᠵᠤ ᠺᠣᠮᠫᠢᠦ᠋ᠲ᠋ᠧᠷ ᠤᠨ ᠰᠢᠯᠭᠠᠯᠲᠠ ᠳᠤ ᠣᠷᠣᠯᠴᠠᠬᠤ ᠳᠤ ᠦᠨᠡᠬᠡᠷ ᠬᠦᠴᠢᠷᠲᠡᠢ ᠪᠠᠶᠢᠪᠠᠯ᠂ ᠪᠡᠶᠡᠴᠢ ᠰᠡᠳᠦᠪ ᠤᠨ ᠰᠢᠯᠭᠠᠯᠲᠠ ᠳᠤ ᠨᠡᠷ᠎ᠡ ᠮᠡᠳᠡᠭᠦᠯᠬᠦ ᠳᠡᠭᠡᠨ ᠪᠢᠷ ᠴᠠᠭᠠᠰᠤ ᠪᠠᠷ ᠰᠡᠳᠦᠪ ᠬᠠᠷᠢᠭᠤᠯᠬᠤ ᠠᠷᠭ᠎ᠠ ᠶᠢ ᠬᠡᠷᠡᠭᠯᠡᠬᠦ ᠪᠠᠷ ᠭᠤᠶᠤᠴᠢᠯᠠᠵᠤ ᠪᠣᠯᠣᠨ᠎ᠠ᠂ ᠰᠢᠯᠭᠠᠯᠲᠠ ᠶᠢᠨ ᠰᠡᠳᠦᠪ᠂ ᠰᠡᠳᠦᠪ ᠬᠠᠷᠢᠭᠤᠯᠬᠤ ᠱᠠᠭᠠᠷᠳᠠᠯᠭ᠎ᠠ ᠶᠢ ᠴᠥᠮ ᠺᠣᠮᠫᠢᠦ᠋ᠲ᠋ᠧᠷ ᠤᠨ ᠳᠡᠯᠭᠡᠴᠡ ᠳᠡᠭᠡᠷ᠎ᠡ ᠦᠵᠡᠭᠦᠯᠵᠦ᠂ ᠰᠢᠯᠭᠠᠯᠲᠠ ᠳᠤ ᠣᠷᠣᠯᠴᠠᠭᠰᠠᠳ ᠰᠡᠳᠦᠪ ᠬᠠᠷᠢᠭᠤᠯᠬᠤ ᠴᠠᠭᠠᠰᠤᠨ ᠳᠡᠭᠡᠷ᠎ᠡ ᠬᠠᠷᠢᠭᠤᠯᠲᠠ ᠥᠭᠭᠦᠨ᠎ᠡ᠃ ᠪᠡᠶᠡᠴᠢ ᠰᠡᠳᠦᠪ ᠤᠨ ᠰᠢᠯᠭᠠᠯᠲᠠ ᠨᠢ ᠰᠢᠯᠭᠠᠯᠲᠠ ᠰᠣᠩᠭᠤᠬᠤ ᠶᠢ ᠭᠠᠷᠭᠠᠭᠰᠠᠨ ᠪᠠᠶᠢᠪᠠᠯ᠂ ᠰᠢᠯᠭᠠᠯᠲᠠ ᠳᠤ ᠣᠷᠣᠯᠴᠠᠭᠰᠠᠳ ᠨᠢᠭᠡ ᠶᠢ ᠨᠢ ᠰᠣᠩᠭᠤᠵᠤ ᠬᠠᠷᠢᠭᠤᠯᠬᠤ ᠬᠡᠷᠡᠭᠲᠡᠢ᠃    ᠪᠡᠶᠡᠴᠢ ᠰᠡᠳᠦᠪ ᠤᠨ ᠰᠢᠯᠭᠠᠯᠲᠠ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠢᠯᠭᠠᠯᠲᠠ ᠳᠤ ᠣᠷᠣᠯᠴᠠᠭᠰᠠᠳ ᠲᠤ ᠡᠯᠧᠺᠲᠷᠣᠨ ᠬᠠᠤᠯᠢ ᠴᠠᠭᠠᠵᠠ ᠬᠠᠤᠯᠢ ᠲᠣᠭᠲᠠᠭᠠᠯ ᠢ ᠨᠢᠭᠡᠳᠦᠯᠲᠡᠢ ᠬᠠᠩᠭᠠᠵᠤ ᠂ ᠰᠢᠯᠭᠠᠯᠲᠠ ᠳᠤ ᠣᠷᠣᠯᠴᠠᠭᠰᠠᠳ ᠺᠣᠮᠫᠢᠦ᠋ᠲ᠋ᠧᠷ ᠳᠡᠭᠡᠷ᠎ᠡ ᠠᠴᠠ ᠡᠷᠢᠵᠦ ᠦᠵᠡᠨ᠎ᠡ᠃    ︵ᠲᠠᠪᠤ︶ ᠮᠣᠩᠭᠤᠯ ᠬᠡᠯᠡ ᠪᠠᠷ ᠬᠠᠷᠢᠭᠤᠯᠬᠤ    ᠪᠤᠰᠤᠳᠴᠢ ᠰᠡᠳᠦᠪ ᠤᠨ ᠰᠢᠯᠭᠠᠯᠲᠠ ᠳᠤ ᠮᠣᠩᠭᠤᠯ ᠬᠡᠯᠡᠨ ᠤ ᠬᠢᠷᠢ ᠪᠦᠲᠦᠮᠵᠢ ᠪᠠᠷ ᠬᠢᠷᠢ ᠲᠡᠩᠴᠡᠭᠰᠡᠳ ᠬᠢᠲᠠᠳ ᠬᠡᠯᠡᠨ ᠤ ᠰᠢᠯᠭᠠᠯᠲᠠ ᠶᠢᠨ ᠬᠠᠭᠤᠳᠠᠰᠤ ᠪᠤᠶᠤ ᠮᠣᠩᠭᠤᠯ ᠬᠡᠯᠡᠨ ᠤ ᠰᠢᠯᠭᠠᠯᠲᠠ ᠶᠢᠨ ᠬᠠᠭᠤᠳᠠᠰᠤ ᠶᠢ ᠰᠣᠩᠭᠤᠨ ᠬᠡᠷᠡᠭᠯᠡᠵᠦ ᠪᠡᠶᠡᠴᠢ ᠰᠡᠳᠦᠪ ᠤᠨ ᠰᠢᠯᠭᠠᠯᠲᠠ ᠳᠤ ᠣᠷᠣᠯᠴᠠᠵᠤ ᠪᠣᠯᠣᠨ᠎ᠠ᠃    ᠪᠡᠶᠡᠴᠢ ᠰᠡᠳᠦᠪ ᠤᠨ ᠰᠢᠯᠭᠠᠯᠲᠠ ᠶᠢ ᠮᠣᠩᠭᠤᠯ ᠬᠡᠯᠡ ᠪᠠᠷ ᠬᠠᠷᠢᠭᠤᠯᠬᠤ ᠰᠢᠯᠭᠠᠯᠲᠠ ᠳᠤ ᠣᠷᠣᠯᠴᠠᠭᠰᠠᠳ ᠲᠤ ᠪᠢᠷ ᠴᠠᠭᠠᠰᠤ ᠪᠠᠷ ᠰᠡᠳᠦᠪ ᠬᠠᠷᠢᠭᠤᠯᠬᠤ ᠠᠷᠭ᠎ᠠ ᠶᠢ ᠬᠡᠷᠡᠭᠵᠢᠭᠦᠯᠵᠦ᠂ ᠰᠢᠯᠭᠠᠯᠲᠠ ᠶᠢᠨ ᠰᠡᠳᠦᠪ᠂ ᠰᠡᠳᠦᠪ ᠬᠠᠷᠢᠭᠤᠯᠬᠤ ᠱᠠᠭᠠᠷᠳᠠᠯᠭ᠎ᠠ ᠶᠢ ᠴᠥᠮ ᠺᠣᠮᠫᠢᠦ᠋ᠲ᠋ᠧᠷ ᠤᠨ ᠳᠡᠯᠭᠡᠴᠡ ᠳᠡᠭᠡᠷ᠎ᠡ ᠢᠯᠡᠷᠡᠭᠦᠯᠵᠦ᠂ ᠰᠢᠯᠭᠠᠯᠲᠠ ᠳᠤ ᠣᠷᠣᠯᠴᠠᠭᠰᠠᠳ ᠰᠡᠳᠦᠪ ᠬᠠᠷᠢᠭᠤᠯᠬᠤ ᠴᠠᠭᠠᠰᠤᠨ ᠳᠡᠭᠡᠷ᠎ᠡ ᠬᠠᠷᠢᠭᠤᠯᠲᠠ ᠥᠭᠭᠦᠨ᠎ᠡ᠃    ᠳᠥᠷᠪᠡ᠂ ᠪᠤᠰᠤᠳ ᠵᠦᠢᠯ ᠤᠳ    ᠰᠢᠯᠭᠠᠯᠲᠠ ᠳᠤ ᠣᠷᠣᠯᠴᠠᠭᠰᠠᠳ ᠤᠨ 2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠪᠡᠶᠡᠴᠢ ᠰᠡᠳᠦᠪ ᠤᠨ ᠰᠢᠯᠭᠠᠯᠲᠠ ᠳᠤ ᠣᠷᠣᠯᠴᠠᠬᠤ ᠪᠤᠰᠤᠳ ᠵᠦᠢᠯᠡᠰ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠶᠠᠮᠤᠨ ᠤ ᠠᠯᠪᠠᠨ ᠵᠠᠷ ︾ ︵2024 ᠣᠨ ᠤ 4 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ 2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠠᠯᠪᠠᠨ ᠵᠠᠷ︾ ︵2024 ᠣᠨ ᠤ 6 ᠳ᠋ᠤᠭᠠᠷ ᠰᠠᠷ᠎ᠠ ᠶᠢᠨ 11 ᠤ ᠡᠳᠦᠷ ᠨᠡᠶᠢᠲᠡᠯᠡᠪᠡ︶ ᠶᠣᠰᠣᠭᠠᠷ ᠬᠡᠷᠡᠭᠵᠢᠭᠦᠯᠦᠨ᠎ᠡ᠃ ᠰᠢᠯᠭᠠᠭᠤᠯᠤᠭᠴᠢ ᠬᠠᠤᠯᠢ ᠴᠠᠭᠠᠵᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠠᠯᠪᠠᠨ ᠤ ᠰᠦᠯᠵᠢᠶ᠎ᠡ ᠳᠤ ᠭᠠᠷᠴᠤ ᠪᠠᠶᠢᠴᠠᠭᠠᠨ ᠯᠠᠪᠯᠠᠬᠤ ᠪᠤᠶᠤ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠨᠡᠷ᠎ᠡ ᠮᠡᠳᠡᠭᠦᠯᠦᠭᠰᠡᠨ ᠭᠠᠵᠠᠷ ᠤᠨ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠠᠰᠠᠭᠤᠨ ᠯᠠᠪᠯᠠᠵᠤ ᠪᠣᠯᠣᠨ᠎ᠠ᠃    ᠰᠢᠯᠭᠠᠯᠲᠠ ᠳᠤ ᠣᠷᠣᠯᠴᠠᠭᠰᠠᠳ ᠤᠨ ᠪᠡᠶᠡᠴᠢ ᠰᠡᠳᠦᠪ ᠤᠨ ᠰᠢᠯᠭᠠᠯᠲᠠ ᠶᠢᠨ ᠬᠢᠷᠢ ᠪᠦᠲᠦᠮᠵᠢ᠂ ᠬᠢᠷᠢ ᠲᠡᠩᠴᠡᠬᠦ ᠬᠤᠪᠢ ᠶᠢᠨ ᠱᠤᠭᠤᠮ ᠢ ᠨᠡᠶᠢᠲᠡᠯᠡᠬᠦ ᠵᠢᠴᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠬᠤ ᠪᠠᠷ ᠭᠤᠶᠤᠴᠢᠯᠠᠬᠤ ᠵᠦᠢᠯᠡᠰ ᠢ ᠬᠠᠤᠯᠢ ᠴᠠᠭᠠᠵᠠ ᠶᠢᠨ ᠶᠠᠮᠤᠨ ᠠᠴᠠ ᠠᠰ ᠲᠤᠨᠢ ᠵᠠᠷᠯᠠᠨ ᠨᠡᠶᠢᠲᠡᠯᠡᠨ᠎ᠡ᠃    ᠰᠢᠯᠭᠠᠯᠲᠠ ᠳᠤ ᠣᠷᠣᠯᠴᠠᠭᠰᠠᠳ ᠬᠠᠤᠯᠢ ᠴᠠᠭᠠᠵᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠵᠢᠴᠢ ᠨᠡᠷ᠎ᠡ ᠮᠡᠳᠡᠭᠦᠯᠦᠭᠰᠡᠨ ᠭᠠᠵᠠᠷ ᠤᠨ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠮᠡᠳᠡᠭᠳᠡᠯ ᠤᠨ ᠠᠯᠪᠠᠨ ᠵᠠᠷ ᠢ ᠴᠠᠭ ᠲᠤᠬᠠᠢ ᠳᠤᠨᠢ ᠠᠩᠬᠠᠷᠴᠤ᠂ ᠰᠢᠯᠭᠠᠯᠲᠠ ᠳᠤ ᠨᠠᠷᠢᠨ ᠬᠢᠨᠠᠮᠠᠭᠠᠢ ᠳᠠᠪᠲᠠᠨ ᠪᠡᠯᠡᠳᠬᠡᠭᠡᠷᠡᠢ᠃    ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠰᠠᠭᠤᠨ ᠯᠠᠪᠯᠠᠬᠤ ᠤᠲᠠᠰᠤ᠄    ᠬᠥᠬᠡᠬᠤᠲᠠ᠄ 0471 — 6649591    ᠪᠤᠭᠤᠲᠤ ᠬᠤᠲᠠ᠄ 0472 — 2898078    ᠦᠬᠠᠢ ᠬᠤᠲᠠ᠄ 0473 — 8992112    ᠤᠯᠠᠭᠠᠨᠬᠠᠳᠠ ᠬᠤᠲᠠ᠄ 0476 — 5680105    ᠲᠦᠩᠯᠢᠶᠣᠣ ᠬᠤᠲᠠ᠄ 0475 — 8835223    ᠣᠷᠳᠣᠰ ᠬᠤᠲᠠ᠄ 0477 — 8588587    ᠬᠥᠯᠥᠨ ᠪᠤᠶᠢᠷ ᠬᠤᠲᠠ᠄ 0470 — 8217972    ᠪᠠᠶᠠᠨᠨᠠᠭᠤᠷ ᠬᠤᠲᠠ᠄ 0478 — 7988838    ᠤᠯᠠᠭᠠᠨᠴᠠᠪ ᠬᠤᠲᠠ᠄ 0474 — 8985078    ᠬᠢᠩᠭᠠᠨ ᠠᠶᠢᠮᠠᠭ᠄ 0482 — 8269017    ᠰᠢᠯᠢ ᠶᠢᠨ ᠭᠤᠣᠯ ᠠᠶᠢᠮᠠᠭ᠄ 0479 — 8267177    ᠠᠯᠠᠱᠠ ᠠᠶᠢᠮᠠᠭ᠄ 0483 — 8331643    ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠄ 0471 — 5301421                  ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ                         2024 ᠣᠨ ᠤ 9 ᠰᠠᠷ᠎ᠠ ᠶᠢᠨ 25 ᠤ ᠡᠳᠦᠷ
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号