ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ — ᠪᠠᠭᠰᠢ ᠰᠤᠷᠤᠭᠴᠢ ᠭᠡᠷ ᠤᠨ ᠠᠬᠠᠮᠠᠳ ᠲᠤ ᠥᠭᠬᠦ 43 ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/9/30
    ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ 43 ᠠᠮᠤᠷ ᠲᠦᠪᠰᠢᠨ ᠤ ᠰᠠᠨᠠᠭᠤᠯᠤᠮᠵᠢ ᠶᠢ ᠬᠠᠮᠲᠤ ᠳᠤ ᠪᠠᠨ ᠦᠵᠡᠵᠡᠭᠡᠶ᠎ᠡ᠃    2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ     ᠰᠤᠷᠭᠠᠭᠤᠯᠢ ᠶᠢᠨ ᠰᠤᠷᠤᠭᠴᠢᠳ  ᠤᠨ ᠠᠮᠤᠷ ᠲᠦᠪᠰᠢᠨ ᠤ ᠰᠠᠨᠠᠭᠤᠯᠤᠮᠵᠢ     ᠨᠢᠭᠡ᠂ ᠡᠷᠡᠭᠦᠯ ᠮᠡᠨᠳᠦ ᠶᠢᠨ ᠬᠠᠮᠢᠶᠠᠷᠤᠯᠲᠠ     1. ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠬᠤ ᠶᠢᠨ ᠬᠠᠮᠲᠤ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠥᠪᠡᠷ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠨ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠨ᠎ᠠ᠃ ᠬᠡᠦᠬᠡᠳ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠵᠦ᠂ ᠡᠪᠡᠳᠴᠢᠯᠡᠪᠡᠯ ᠰᠤᠷᠭᠠᠭᠤᠯᠢ ᠳᠤ ᠬᠦᠷᠭᠡᠬᠦ ᠦᠭᠡᠢ᠃    2. ︽ᠭᠤᠷᠪᠠ ᠦᠭᠡᠢ︾ ᠢᠳᠡᠭᠡᠨ ᠢ ᠢᠳᠡᠬᠦ ᠦᠭᠡᠢ᠂ ᠤᠬᠢᠶᠠᠵᠤ ᠴᠡᠪᠡᠷᠯᠡᠭᠰᠡᠨ ᠦᠭᠡᠢ ᠢᠳᠡᠭᠡᠨ ᠢ ᠢᠳᠡᠬᠦ ᠦᠭᠡᠢ᠂ ᠲᠦᠭᠦᠬᠡᠢ ᠤᠰᠤ ᠤᠤᠭᠤᠬᠤ ᠦᠭᠡᠢ᠃ ᠳᠠᠪᠤᠰᠤ ᠲᠠᠢ᠂ ᠰᠢᠬᠢᠷ ᠲᠠᠢ᠂ ᠲᠣᠰᠣ ᠲᠠᠢ᠂ ᠤᠲᠤᠭᠰᠠᠨ ᠢᠳᠡᠭᠡᠨ ᠳᠤᠲᠠᠭᠤ ᠢᠳᠡᠨ᠎ᠡ᠃    3. ᠬᠡᠦᠬᠡᠳ ᠤᠨ ᠭᠦᠢᠴᠡᠳ ᠤᠨᠲᠠᠬᠤ ᠴᠠᠭ ᠢ ᠦᠨᠡᠨ ᠬᠦ ᠪᠠᠲᠤᠯᠠᠵᠤ᠂ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠢ ᠬᠠᠮᠤᠭ ᠤᠨ ᠪᠠᠭ᠎ᠠ ᠳᠤ ᠪᠠᠨ 10 ᠴᠠᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠢ ᠬᠠᠮᠤᠭ ᠤᠨ ᠪᠠᠭ᠎ᠠ ᠳᠤ ᠪᠠᠨ 9 ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠢ ᠬᠠᠮᠤᠭ ᠤᠨ ᠪᠠᠭ᠎ᠠ ᠳᠤ ᠪᠠᠨ 8 ᠴᠠᠭ ᠪᠠᠶᠢᠯᠭᠠᠨ᠎ᠠ᠃    4. ᠠᠮᠤᠷ ᠲᠦᠪᠰᠢᠨ ᠬᠥᠳᠡᠯᠭᠡᠭᠡᠨ ᠤ ᠲᠥᠷᠥᠯ ᠵᠦᠢᠯ ᠢ ᠰᠣᠩᠭᠤᠨ᠂ ᠵᠣᠬᠢᠰᠲᠠᠢ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠶᠢ ᠪᠠᠷᠢᠮᠲᠠᠯᠠᠵᠤ᠂ ᠴᠤᠭ ᠵᠢᠪᠬᠤᠭ᠎ᠠ ᠲᠡᠭᠦᠯᠳᠡᠷ ᠪᠠᠶᠢᠬᠤ ᠶᠢ ᠪᠠᠲᠤᠯᠠᠨ᠎ᠠ᠃    ᠬᠤᠶᠠᠷ᠂ ᠰᠤᠷᠭᠠᠭᠤᠯᠢ ᠳᠤ ᠣᠴᠢᠬᠤ ᠪᠠ ᠰᠤᠷᠭᠠᠭᠤᠯᠢ ᠠᠴᠠ ᠪᠤᠴᠠᠬᠤ ᠠᠮᠤᠷ ᠲᠦᠪᠰᠢᠨ     5. ᠬᠢᠴᠢᠶᠡᠯ ᠬᠤᠴᠣᠷᠬᠤ ᠦᠭᠡᠢ᠂ ᠡᠷᠲᠡ ᠪᠤᠴᠠᠬᠤ ᠦᠭᠡᠢ᠂ ᠴᠠᠭ ᠲᠤ ᠪᠠᠨ ᠰᠤᠷᠭᠠᠭᠤᠯᠢ ᠳᠤ ᠣᠴᠢᠵᠤ ᠳᠡᠶᠢᠯᠬᠦ ᠦᠭᠡᠢ ᠪᠤᠶᠤ ᠰᠤᠷᠭᠠᠭᠤᠯᠢ ᠠᠴᠠ ᠡᠷᠲᠡ ᠪᠤᠴᠠᠬᠤ ᠦᠶ᠎ᠡ ᠴᠢᠯᠥᠭᠡ ᠭᠤᠶᠤᠨ᠎ᠠ᠃ ᠰᠦᠯᠵᠢᠶᠡᠨ ᠪᠠᠭᠠᠷ᠂ ᠠᠷᠢᠬᠢᠨ ᠪᠠᠭᠠᠷ᠂ ᠳᠠᠭᠤᠤ ᠪᠥᠵᠢᠭ ᠤᠨ ᠲᠢᠩᠬᠢᠮ᠂ ᠨᠠᠭᠠᠳᠤᠮ ᠤᠨ ᠲᠢᠩᠬᠢᠮ ᠵᠡᠷᠭᠡ ᠲᠠᠯᠠᠪᠤᠷ ᠲᠤ ᠣᠴᠢᠬᠤ ᠦᠭᠡᠢ᠃    6. ᠶᠠᠪᠠᠭᠠᠨ ᠤ ᠵᠠᠮ ᠢᠶᠠᠷ ᠶᠠᠪᠤᠬᠤ ᠳᠤ ᠪᠠᠨ ᠪᠠᠷᠠᠭᠤᠨ ᠲᠠᠯ᠎ᠠ ᠶᠢ ᠳᠠᠭᠠᠵᠤ ᠶᠠᠪᠤᠨ᠎ᠠ᠃ ᠵᠠᠮ ᠣᠭᠲᠤᠯᠬᠤ ᠳᠤ ᠡᠷᠢᠶᠡᠨ ᠱᠤᠭᠤᠮ᠂ ᠱᠠᠲᠤᠲᠤ ᠬᠥᠭᠦᠷᠭᠡ ᠪᠤᠶᠤ ᠭᠠᠵᠠᠷ ᠳᠣᠣᠷᠠᠬᠢ ᠵᠠᠮ ᠢᠶᠠᠷ ᠶᠠᠪᠤᠨ᠎ᠠ᠃ ᠤᠯᠠᠭᠠᠨ ᠳ᠋ᠧᠩ ᠢ ᠥᠩᠭᠡᠷᠡᠬᠦ ᠦᠭᠡᠢ᠂ ᠬᠠᠯᠬᠠᠪᠴᠢ ᠬᠡᠷᠡᠰᠬᠡ ᠶᠢ ᠳᠠᠪᠠᠭ᠋ᠤ ᠦᠭᠡᠢ︔ ᠵᠠᠰᠠᠮᠠᠯ ᠵᠠᠮ ᠳᠡᠭᠡᠷ᠎ᠡ ᠪᠤᠶᠤ ᠲᠡᠷᠭᠡ ᠬᠥᠰᠬᠡ ᠶᠢᠨ ᠲᠣᠭᠤᠷᠢᠨ ᠳᠤ ᠨᠠᠭᠠᠳᠬᠤ ᠦᠭᠡᠢ᠃    7. ᠰᠤᠷᠭᠠᠭᠤᠯᠢ ᠶᠢᠨ ᠲᠡᠷᠭᠡᠨ ᠳᠤ ᠰᠠᠭᠤᠬᠤ ᠳᠤ ᠠᠶᠤᠯ ᠦᠭᠡᠢ ᠶᠢᠨ ᠪᠥᠰᠡ ᠶᠢ ᠪᠦᠰᠡᠯᠡᠨ᠎ᠡ︔ ᠰᠤᠷᠭᠠᠭᠤᠯᠢ ᠳᠤ ᠬᠦᠷᠪᠡᠯ ᠳᠠᠷᠦ᠋ᠢᠬᠠᠨ ᠲᠡᠷᠭᠡᠨ ᠠᠴᠠ ᠪᠠᠭᠤᠵᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠭᠡᠷ ᠲᠤ ᠪᠠᠨ ᠬᠠᠷᠢᠬᠤ ᠦᠶ᠎ᠡ ᠳᠤ ᠭᠡᠷ ᠤᠨ ᠠᠬᠠᠮᠠᠳ ᠬᠠᠷᠠᠭᠳᠠᠬᠤ ᠦᠭᠡᠢ ᠪᠣᠯ ᠲᠡᠷᠭᠡᠨ ᠠᠴᠠ ᠪᠠᠭᠤᠬᠤ ᠦᠭᠡᠢ᠂ ᠭᠤᠷᠪᠠᠨ ᠬᠦᠷᠳᠦᠲᠦ ᠲᠡᠷᠭᠡ᠂ ᠲᠠᠷᠢᠶᠠᠯᠠᠩ ᠳᠤ ᠬᠡᠷᠡᠭᠯᠡᠬᠦ ᠲᠡᠷᠭᠡᠨ ᠳᠤ ᠰᠠᠭᠤᠬᠤ ᠦᠭᠡᠢ᠂ ᠠᠶᠠᠨᠴᠢᠳ ᠤᠨ ᠲᠡᠭᠡᠭᠡᠪᠦᠷᠢ ᠶᠢᠨ ᠬᠢᠷᠢ ᠭᠡᠮ ᠦᠭᠡᠢ ᠲᠡᠷᠭᠡ ᠪᠤᠶᠤ ᠲᠠᠨᠢᠯ ᠪᠤᠰᠤ ᠬᠥᠮᠦᠨ ᠤ ᠲᠡᠷᠭᠡᠨ ᠳᠤ ᠰᠠᠭᠤᠬᠤ ᠦᠭᠡᠢ᠃    8. ᠪᠦᠬᠦᠯᠢ 12 ᠨᠠᠰᠤ ᠬᠦᠷᠦᠭᠡᠳᠦᠢ ᠪᠣᠯ ᠳᠤᠭᠤᠢ ᠲᠡᠷᠭᠡ ᠤᠨᠤᠭᠠᠳ ᠵᠠᠰᠠᠮᠠᠯ ᠵᠠᠮ ᠳᠡᠭᠡᠷ᠎ᠡ ᠭᠠᠷᠬᠤ ᠦᠭᠡᠢ᠂ ᠪᠦᠬᠦᠯᠢ 16 ᠨᠠᠰᠤ ᠬᠦᠷᠦᠭᠡᠳᠦᠢ ᠪᠣᠯ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠦᠭᠡᠢ᠃ ᠶᠠᠪᠠᠭᠠᠨ ᠶᠠᠪᠤᠬᠤ ᠪᠤᠶᠤ ᠳᠤᠭᠤᠢ ᠣᠨᠣᠬᠤ ᠳᠤ ᠪᠠᠨ ᠭᠠᠷ ᠤᠲᠠᠰᠤ ᠦᠵᠡᠬᠦ ᠦᠭᠡᠢ᠂ ᠳᠠᠭᠤᠤ ᠰᠣᠨᠣᠰᠬᠤ ᠦᠭᠡᠢ᠂ ᠮᠠᠰᠢᠨ ᠲᠡᠷᠭᠡᠨ ᠤ ᠵᠠᠮ ᠢᠶᠠᠷ ᠶᠠᠪᠤᠬᠤ ᠦᠭᠡᠢ᠃    9. ᠰᠤᠷᠭᠠᠭᠤᠯᠢ ᠳᠤ ᠣᠴᠢᠬᠤ ᠪᠤᠶᠤ ᠰᠤᠷᠭᠠᠭᠤᠯᠢ ᠠᠴᠠ ᠪᠤᠴᠠᠬᠤ ᠳᠤ ᠪᠠᠨ ᠰᠢᠷᠦᠭᠦᠨ ᠪᠣᠷᠣᠭᠠᠨ᠂ ᠠᠶᠤᠩᠭ᠎ᠠ ᠴᠠᠬᠢᠯᠭᠠᠨ᠂ ᠮᠥᠨᠳᠥᠷ ᠵᠡᠷᠭᠡ ᠬᠡᠴᠡᠭᠦᠦ ᠠᠭᠤᠷ ᠠᠮᠢᠰᠬᠤᠯ ᠢ ᠠᠩᠬᠠᠷᠤᠨ ᠰᠡᠷᠭᠡᠶᠢᠯᠡᠨ᠎ᠡ᠃      ᠭᠤᠷᠪᠠ᠂ ᠰᠤᠷᠭᠠᠭᠤᠯᠢ ᠳᠤ ᠪᠠᠶᠢᠬᠤ ᠠᠮᠤᠷ ᠲᠦᠪᠰᠢᠨ     10. ᠠᠮᠤᠷ ᠲᠦᠪᠰᠢᠨ ᠤ ᠮᠡᠳᠡᠯᠭᠡ ᠴᠢᠳᠠᠪᠤᠷᠢ ᠶᠢ ᠨᠠᠷᠢᠨ ᠬᠢᠨᠠᠮᠠᠭᠠᠢ ᠰᠤᠷᠤᠯᠴᠠᠵᠤ᠂ ᠰᠤᠷᠭᠠᠭᠤᠯᠢ ᠠᠴᠠ ᠵᠣᠬᠢᠶᠠᠨ ᠪᠠᠶᠢᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠷᠠᠭᠤᠯᠤᠨ᠂ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    11. ᠠᠰᠠᠷ ᠢ ᠳᠠᠪᠠᠵᠤ ᠪᠠᠭᠤᠬᠤ᠂ ᠠᠰᠠᠷ ᠤᠨ ᠨᠡᠪᠲᠡᠷᠡᠬᠦ ᠵᠠᠮ ᠢᠶᠠᠷ ᠶᠠᠪᠤᠬᠤ ᠳᠤ ᠪᠠᠨ ᠪᠠᠷᠠᠭᠤᠨ ᠲᠠᠯ᠎ᠠ ᠪᠠᠷ ᠠᠯᠭᠤᠷ ᠶᠠᠪᠤᠵᠤ᠂ ᠰᠢᠬᠠᠯᠳᠤᠬᠤ ᠦᠭᠡᠢ᠂ ᠬᠤᠭᠤᠯᠠᠨ ᠭᠡᠷ᠂ ᠶᠣᠰᠣᠯᠠᠯ ᠤᠨ ᠲᠠᠩᠬᠢᠮ ᠵᠡᠷᠭᠡ ᠬᠥᠮᠦᠨ ᠣᠯᠠᠨ ᠭᠠᠵᠠᠷ ᠲᠤ ᠰᠢᠬᠠᠯᠳᠤᠬᠤ ᠦᠭᠡᠢ᠂ ᠡᠮᠬᠢ ᠵᠢᠷᠤᠮ ᠢ ᠴᠢᠬᠤᠯᠠᠴᠢᠯᠠᠵᠤ᠂ ᠭᠢᠰᠬᠢᠯᠳᠦᠬᠦ ᠠᠴᠠ ᠵᠠᠶᠢᠯᠠᠰᠬᠢᠨ᠎ᠠ᠃    12. ᠠᠰᠠᠷ ᠤᠨ ᠱᠠᠲᠤ᠂ ᠠᠰᠠᠷ ᠤᠨ ᠬᠤᠩᠬᠢᠯ᠂ ᠤᠰᠤᠨ ᠴᠥᠭᠦᠷᠥᠮ ᠵᠡᠷᠭᠡ ᠣᠷᠣᠨ ᠪᠦᠰᠡ ᠶᠢᠨ ᠬᠠᠯᠬᠠᠪᠴᠢ ᠪᠡᠯᠡᠳᠬᠡᠮᠵᠢ ᠶᠢ ᠠᠪᠠᠷᠢᠬᠤ ᠦᠭᠡᠢ᠂ ᠬᠠᠯᠬᠠᠪᠴᠢ ᠬᠡᠷᠡᠰᠬᠡ ᠥᠬᠡᠶ ᠲᠠᠪᠴᠠᠩ ᠳᠤ ᠨᠠᠭᠠᠳᠬᠤ ᠦᠭᠡᠢ᠂ ᠤᠨᠠᠬᠤ ᠠᠴᠠ ᠰᠡᠷᠭᠡᠶᠢᠯᠡᠨ᠎ᠡ᠃    13. ᠬᠤᠨᠣᠭᠯᠠᠬᠤ ᠲᠣᠭᠲᠠᠭᠠᠯ ᠢ ᠴᠢᠩᠭ᠎ᠠ ᠵᠢᠷᠤᠮᠯᠠᠵᠤ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ᠂ ᠢᠯᠡ ᠭᠠᠯ ᠬᠡᠷᠡᠭᠯᠡᠬᠦ ᠦᠭᠡᠢ᠂ ᠪᠣᠰᠤᠳ ᠬᠥᠮᠦᠨ ᠢ ᠬᠤᠨᠣᠭᠤᠯᠬᠤ ᠦᠭᠡᠢ᠂ ᠤᠨᠲᠠᠬᠤ ᠥᠷᠦᠭᠡ ᠶᠢ ᠴᠡᠪᠡᠷᠬᠡᠨ ᠪᠠᠶᠢᠯᠭᠠᠵᠤ᠂ ᠠᠮᠢ ᠵᠢᠭᠤᠲᠠᠬᠤ ᠵᠠᠮ ᠢ ᠪᠠᠲᠤ ᠡᠵᠡᠮᠳᠡᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠵᠦ ᠰᠤᠷᠬᠤ ᠬᠡᠷᠡᠭᠲᠡᠢ᠃    14. ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠤ᠂ ᠲᠡᠷᠭᠡ ᠵᠣᠭᠰᠣᠭᠠᠬᠤ ᠭᠠᠵᠠᠷ ᠵᠡᠷᠭᠡ ᠣᠷᠣᠨ ᠵᠠᠢ ᠳᠤ ᠳᠤᠷ᠎ᠠ ᠪᠠᠷ ᠢᠶᠠᠨ ᠣᠷᠣᠵᠤ ᠪᠣᠯᠬᠤ ᠦᠭᠡᠢ᠂ ᠲᠡᠷᠭᠡ ᠬᠦᠰᠭᠡᠨ ᠤ ᠪᠠᠯᠠᠢ ᠣᠷᠣᠨ ᠢ ᠰᠡᠷᠡᠮᠵᠢᠯᠡᠨ᠎ᠡ᠃    15. ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠬᠤᠯᠪᠣᠭᠳᠠᠬᠤ ᠠᠮᠤᠷ ᠲᠦᠪᠰᠢᠨ ᠤ ᠵᠢᠷᠤᠮᠵᠢᠯ ᠢ ᠵᠢᠷᠤᠮᠯᠠᠵᠤ᠂ ᠠᠮᠤᠷ ᠲᠦᠪᠰᠢᠨ ᠤ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠲᠣᠭᠲᠠᠭᠠᠯ ᠶᠣᠰᠣᠭᠠᠷ ᠵᠣᠬᠢᠰᠲᠠᠢ ᠰᠢᠢᠳᠪᠦᠷᠢᠯᠡᠬᠦ ᠶᠢᠨ ᠬᠠᠮᠲᠤ ᠳᠠᠷᠤᠢ ᠳᠤ ᠨᠢ ᠪᠠᠭᠰᠢ ᠳᠤ ᠮᠡᠳᠡᠭᠦᠯᠦᠨ᠎ᠡ᠃    ᠳᠥᠷᠪᠡ᠂ ᠤᠰᠤᠨ ᠤ ᠠᠳᠡᠯ ᠢ ᠰᠡᠷᠭᠡᠶᠢᠯᠡᠬᠦ ᠠᠮᠤᠷ ᠲᠦᠪᠰᠢᠨ     16. ᠭᠤᠣᠯ ᠮᠥᠷᠡᠨ ᠨᠠᠭᠤᠷ ᠴᠥᠭᠦᠷᠥᠮ ᠵᠡᠷᠭᠡ ᠤᠰᠤᠨ ᠤ ᠵᠠᠬ᠎ᠠ᠂ ᠤᠰᠤ ᠵᠠᠯᠠᠬᠤ ᠲᠠᠪᠴᠠᠩ᠂ ᠪᠠᠷᠢᠯᠭ᠎ᠠ ᠶᠢᠨ ᠭᠠᠵᠠᠷ ᠤᠨ ᠤᠰᠤᠨ ᠨᠦᠬᠡ ᠵᠡᠷᠭᠡ ᠭᠠᠵᠠᠷ ᠲᠤ ᠨᠠᠭᠠᠳᠴᠤ ᠠᠯᠢᠶᠠᠯᠠᠬᠤ ᠦᠭᠡᠢ᠃ ᠭᠤᠣᠯ ᠤᠨ ᠤᠷᠤᠰᠬᠠᠯ ᠵᠡᠷᠭᠡ ᠤᠰᠤᠨ ᠣᠷᠣᠨ ᠤ ᠡᠳ᠋ ᠪᠣᠳᠠᠰ ᠢ ᠲᠡᠭᠦᠬᠦ ᠦᠭᠡᠢ᠂ ᠭᠤᠣᠯ ᠮᠥᠷᠡᠨ ᠨᠠᠭᠤᠷ ᠤᠨ ᠬᠥᠪᠡᠭᠡᠨ ᠳᠤ ᠭᠠᠷ ᠢᠶᠠᠨ ᠤᠬᠢᠶᠠᠬᠤ ᠦᠭᠡᠢ᠂ ᠶᠠᠭᠤᠮ᠎ᠠ ᠪᠠᠨ ᠤᠬᠢᠶᠠᠬᠤ ᠦᠭᠡᠢ᠂ ᠵᠢᠭᠠᠰᠤ ᠵᠢᠷᠠᠭᠠᠬᠠᠢ᠂ ᠮᠡᠯᠡᠬᠡᠢ ᠶᠢ ᠪᠠᠷᠢᠬᠤ ᠦᠭᠡᠢ᠃    17. ᠤᠰᠤᠨ ᠳᠤ ᠳᠤᠷ᠎ᠠ ᠪᠠᠷ ᠢᠶᠠᠨ ᠤᠮᠪᠠᠭ᠋ᠤ ᠦᠭᠡᠢ᠂ ᠳᠤᠷ᠎ᠠ ᠪᠠᠷ ᠢᠶᠠᠨ ᠪᠤᠰᠤᠳ ᠲᠠᠢ ᠬᠠᠮᠲᠤ ᠤᠮᠪᠠᠭ᠋ᠤ ᠦᠭᠡᠢ᠂ ᠭᠡᠷ ᠤᠨ ᠠᠬᠠᠮᠠᠳ ᠦᠭᠡᠢ ᠪᠤᠶᠤ ᠪᠠᠭᠰᠢ ᠶᠢᠨ ᠳᠠᠭᠠᠭᠤᠯᠭ᠎ᠠ ᠦᠭᠡᠢ ᠪᠠᠷ ᠤᠰᠤᠨ ᠳᠤ ᠤᠮᠪᠠᠭ᠋ᠤ ᠦᠭᠡᠢ᠂ ᠠᠮᠤᠷ ᠲᠦᠪᠰᠢᠨ ᠤ ᠲᠥᠬᠦᠭᠡᠷᠦᠮᠵᠢ ᠦᠭᠡᠢ᠂ ᠠᠪᠤᠷᠠᠨ ᠲᠤᠰᠠᠯᠠᠬᠤ ᠬᠥᠮᠦᠨ ᠦᠭᠡᠢ ᠤᠰᠤᠨ ᠤᠷᠤᠨ ᠳᠤ ᠤᠮᠪᠠᠭ᠋ᠤ ᠦᠭᠡᠢ᠂ ᠰᠠᠶᠢᠨ ᠮᠡᠳᠡᠬᠦ ᠦᠭᠡᠢ ᠤᠰᠤᠨ ᠣᠷᠣᠨ ᠳᠤ ᠤᠮᠪᠠᠭ᠋ᠤ ᠦᠭᠡᠢ᠃    18. ᠨᠠᠶᠢᠵᠠ ᠶᠢᠨ ᠢᠶᠠᠨ ᠤᠰᠤᠨ ᠳᠤ ᠤᠨᠠᠭᠰᠠᠨ ᠢ ᠣᠯᠵᠤ ᠮᠡᠳᠡᠪᠡᠯ᠂ ᠳᠠᠷᠤᠢ ᠳᠤ ᠨᠢ ᠨᠠᠰᠤᠨ ᠳᠤ ᠬᠦᠷᠦᠭᠰᠡᠳ ᠠᠴᠠ ᠬᠠᠪᠰᠤᠷᠤᠯᠭ᠎ᠠ ᠭᠤᠶᠤᠴᠢᠯᠠᠬᠤ ᠪᠤᠶᠤ 110᠂ 120 ᠳᠤ ᠤᠲᠠᠰᠤᠳᠠᠵᠤ ᠴᠠᠭᠳᠠᠭ᠎ᠠ ᠳᠤ ᠮᠡᠳᠡᠭᠦᠯᠦᠨ ᠲᠤᠰᠠᠯᠠᠮᠵᠢ ᠭᠤᠶᠤᠴᠢᠯᠠᠨ᠎ᠠ᠂ ᠰᠣᠬᠤᠷ ᠪᠠᠯᠠᠢ ᠪᠠᠷ ᠬᠠᠪᠰᠤᠷᠬᠤ ᠪᠤᠶᠤ ᠤᠰᠤᠨ ᠳᠤ ᠠᠪᠤᠷᠠᠬᠤ ᠪᠠᠷ ᠣᠷᠣᠵᠤ ᠪᠣᠯᠬᠤ ᠦᠭᠡᠢ᠃     ᠲᠠᠪᠤ᠂ ᠰᠡᠳᠬᠢᠴᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ     19. ᠢᠳᠡᠪᠬᠢᠲᠡᠢ ᠥᠭᠡᠳᠡᠷᠬᠡᠭ᠂ ᠪᠠᠶᠠᠷ ᠪᠠᠶᠠᠰᠬᠤᠯᠠᠩ ᠲᠠᠢ ᠣᠪᠤᠷ ᠢᠶᠠᠷ ᠪᠠᠭᠰᠢ᠂ ᠡᠴᠢᠭᠡ ᠡᠬᠡ᠂ ᠬᠠᠮᠲᠤ ᠰᠤᠷᠤᠭᠴᠢᠳ ᠲᠠᠢ ᠨᠡᠪᠲᠡᠷᠡᠨ ᠰᠣᠯᠢᠯᠴᠠᠵᠤ᠂ ᠰᠤᠷᠭᠠᠭᠤᠯᠢ ᠶᠢᠨ ᠬᠠᠮᠲᠤ ᠶᠢᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠬᠡᠷᠡᠭᠲᠡᠢ᠃    20. ᠨᠤᠭᠤᠷᠠᠯ ᠪᠦᠳᠦᠷᠢᠯ ᠳᠤ ᠤᠴᠠᠷᠠᠪᠠᠯ ᠰᠢᠨᠲᠠᠷᠠᠬᠤ ᠦᠭᠡᠢ᠂ ᠰᠢᠢᠳᠪᠦᠷᠢᠯᠡᠬᠦ ᠳᠤ ᠪᠡᠷᠬᠡᠲᠡᠢ ᠬᠦᠴᠢᠷᠳᠡᠯ ᠪᠠ ᠠᠰᠠᠭᠤᠳᠠᠯ ᠳᠤ ᠲᠤᠯᠭᠠᠷᠠᠪᠠᠯ ᠪᠤᠰᠤᠳ ᠠᠴᠠ ᠬᠠᠪᠰᠤᠷᠤᠯᠭ᠎ᠠ ᠡᠷᠢᠬᠦ ᠶᠢ ᠰᠤᠷᠬᠤ ᠬᠡᠷᠡᠭᠲᠡᠢ᠃    21. ᠬᠡᠷᠡᠭᠦᠯ ᠵᠣᠳᠣᠭᠠᠨ ᠬᠢᠬᠦ ᠦᠭᠡᠢ᠂ ᠪᠤᠰᠤᠳ ᠢ ᠳᠠᠷᠤᠯᠠᠬᠤ ᠦᠭᠡᠢ᠂ ᠲᠠᠮᠠᠬᠢ ᠲᠠᠲᠠᠵᠤ ᠠᠷᠢᠬᠢ ᠤᠤᠭᠤᠬᠤ ᠦᠭᠡᠢ᠂ ᠫᠠᠢ ᠨᠠᠭᠠᠳᠬᠤ ᠦᠭᠡᠢ᠂ ᠬᠤᠣᠷ ᠲᠠᠲᠠᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠮᠤᠬᠤᠷ ᠪᠢᠰᠢᠷᠡᠯ᠂ ᠭᠠᠵᠢᠭᠤ ᠨᠣᠮᠯᠠᠯ᠂ ᠳᠠᠮᠵᠢᠭᠤᠯᠤᠨ ᠪᠣᠷᠣᠯᠠᠭᠤᠯᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠣᠷᠣᠯᠴᠠᠬᠤ ᠦᠭᠡᠢ᠃ ᠢ ᠲᠦᠸᠧ ᠮᠢ ᠡᠰᠲ᠋ᠧᠷ ᠠᠭᠤᠯᠤᠭᠰᠠᠨ ︽ᠲᠣᠯᠤᠭᠠᠢ ᠳᠤ ᠭᠠᠷᠬᠤ ᠡᠯᠧᠺᠲᠷᠣᠨ ᠲᠠᠮᠠᠬᠢ︾ ᠵᠡᠷᠭᠡ ᠰᠢᠨ᠎ᠡ ᠬᠡᠯᠪᠡᠷᠢ ᠶᠢᠨ ᠬᠤᠣᠷᠲᠤ ᠡᠳ᠋ ᠪᠣᠯᠤᠨ ︽ᠰᠢᠶᠣᠣ ᠴᠢ︾ ︵ᠠᠽᠣᠲ ᠤᠨ ᠳᠠᠪᠬᠤᠷ ᠢᠰᠦᠯ︶ ᠵᠡᠷᠭᠡ ᠬᠠᠮᠢᠶᠠᠷᠤᠯᠲᠠ ᠳᠤ ᠣᠷᠣᠭᠤᠯᠤᠭᠰᠠᠨ ᠦᠭᠡᠢ ᠪᠣᠳᠠᠰ ᠢ ᠳᠤᠷ᠎ᠠ ᠪᠠᠷ ᠢᠶᠠᠨ ᠬᠡᠷᠡᠭᠯᠡᠬᠦ ᠶᠢᠨ ᠬᠦᠨᠳᠦ ᠨᠣᠴᠢᠲᠠᠢ ᠬᠤᠣᠷ ᠬᠥᠨᠥᠭᠡᠯ ᠢ ᠲᠠᠨᠢᠵᠤ᠂ ︽ᠲᠠᠷᠢᠬᠢ ᠰᠡᠷᠭᠦᠭᠡᠬᠦ︾᠂ ︽ᠮᠠᠷᠢᠶ᠎ᠠ ᠰᠢᠭᠤᠷᠠᠭᠤᠯᠬᠤ︾᠂ ︽ᠰᠢᠨᠤᠭᠤᠯᠬᠤ ᠦᠭᠡᠢ︾᠂ ︽ᠬᠤᠣᠷᠲᠠᠭᠤᠯᠬᠤ ᠦᠭᠡᠢ︾ ᠵᠡᠷᠭᠡ ᠨᠡᠷ᠎ᠡ ᠪᠠᠷ ᠬᠤᠣᠷ ᠲᠠᠲᠠᠭᠤᠯᠬᠤ ᠪᠠᠷ ᠥᠳᠥᠭᠡᠨ ᠲᠠᠲᠠᠬᠤ ᠶᠢ ᠠᠩᠬᠠᠷᠤᠨ ᠰᠡᠷᠭᠡᠶᠢᠯᠡᠬᠦ ᠬᠡᠷᠡᠭᠲᠡᠢ᠃    22. ᠰᠦᠯᠵᠢᠶᠡᠨ ᠤ ᠲᠣᠭᠯᠠᠭᠠᠮ ᠳᠤ ᠰᠢᠨᠤᠬᠤ ᠦᠭᠡᠢ᠂ ᠱᠠᠯᠢᠭ ᠵᠠᠪᠬᠠᠢ᠂ ᠬᠦᠴᠦᠷᠬᠡᠭᠯᠡᠯ᠂ ᠥᠪᠡᠷ ᠢ ᠢᠶᠠᠨ ᠦᠭᠡᠢ ᠬᠢᠬᠦ ᠵᠡᠷᠭᠡ ᠡᠷᠡᠭᠦᠯ ᠪᠤᠰᠤ ᠠᠭᠤᠯᠭ᠎ᠠ ᠶᠢᠨ ᠲᠣᠭᠯᠠᠭᠠᠮ ᠢ ᠨᠠᠭᠠᠳᠬᠤ ᠦᠭᠡᠢ᠂ ᠰᠦᠯᠵᠢᠶᠡᠨ ᠤ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠢ᠂ ᠲᠠᠨᠢᠯ ᠪᠤᠰᠤ ᠰᠦᠯᠵᠢᠶᠡᠨ ᠠᠨᠳᠠ ᠲᠠᠢ ᠠᠭᠤᠯᠵᠠᠬᠤ ᠦᠭᠡᠢ᠃    ᠵᠢᠷᠭᠤᠭ᠎ᠠ᠂ ᠭᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ     23. ᠰᠤᠷᠤᠭᠴᠢ ᠴᠠᠭ ᠳᠤ ᠪᠠᠨ ᠰᠤᠷᠭᠠᠭᠤᠯᠢ ᠳᠤ ᠬᠦᠷᠴᠦ ᠳᠡᠶᠢᠯᠬᠦ ᠦᠭᠡᠢ ᠪᠣᠯ ᠴᠢᠯᠥᠭᠡ ᠭᠤᠶᠤᠵᠤ᠂ ᠰᠤᠷᠭᠠᠭᠤᠯᠢ ᠠᠴᠠ ᠡᠷᠲᠡ ᠪᠤᠴᠠᠬᠤ ᠦᠶ᠎ᠡ ᠳᠤ ᠴᠢᠯᠦᠭᠡ ᠭᠤᠶᠤᠵᠤ᠂ ᠭᠡᠷ ᠪᠦᠯᠢ ᠪᠠ ᠰᠤᠷᠭᠠᠭᠤᠯᠢ ᠨᠡᠪᠲᠡᠷᠡᠬᠦ ᠬᠡᠷᠡᠭᠲᠡᠢ᠃ ᠬᠡᠦᠬᠡᠳ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠠᠳᠠᠭᠰᠢ ᠨᠠᠭᠠᠳᠬᠤ ᠪᠠᠷ ᠭᠠᠷᠬᠤ ᠦᠶ᠎ᠡ᠂ ᠭᠡᠷ ᠤᠨ ᠠᠬᠠᠮᠠᠳ ᠬᠠᠮᠢᠭ᠎ᠠ ᠣᠴᠢᠬᠤ᠂ ᠶᠠᠭᠤ ᠬᠢᠬᠦ᠂ ᠪᠤᠴᠠᠬᠤ ᠴᠠᠭ᠂ ᠬᠡᠨ ᠲᠠᠢ ᠬᠠᠮᠲᠤ ᠶᠠᠪᠤᠬᠤ ᠶᠢ ᠣᠶᠢᠯᠠᠭᠠᠵᠤ ᠂ ᠠᠮᠤᠷ ᠲᠦᠪᠰᠢᠨ ᠤ ᠬᠥᠮᠦᠵᠢᠯ ᠢ ᠤᠷᠢᠳᠴᠢᠯᠠᠨ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃    24. ᠭᠡᠷ ᠤᠨ ᠠᠬᠠᠮᠠᠳ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠪᠠ ᠴᠢᠳᠠᠪᠤᠷᠢ ᠶᠢ ᠰᠤᠷᠤᠯᠴᠠᠵᠤ᠂ ᠭᠡᠷ ᠪᠦᠯᠢ ᠶᠢᠨ ᠠᠮᠤᠷ ᠲᠦᠪᠰᠢᠨ ᠤ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠬᠡᠷᠡᠭᠲᠡᠢ᠃ ᠬᠡᠦᠬᠡᠳ ᠢ ︽ᠯᠤᠤᠪᠠᠩ ᠤᠨ ᠬᠢᠲᠤᠭ᠎ᠠ︾᠂ ᠯᠠᠶᠢᠰᠧᠷ ᠪᠢᠷ ᠂ ︽ᠲᠠᠷᠢᠲᠤ ᠲᠣᠭᠯᠠᠭᠠᠮ︾᠂ ᠪᠦᠳᠦᠭᠦᠯᠢᠭ ᠬᠡᠦᠬᠡᠯᠳᠡᠢ᠂ ᠬᠠᠮᠠᠷ ᠲᠤ ᠲᠠᠲᠠᠬᠤ ᠡᠨᠧᠷᠭᠢᠲᠦ ᠰᠢᠳᠠᠮ᠂ ︽ᠲᠠᠮᠠᠬᠢᠨ ᠺᠠᠷᠲ︾ ᠴᠣᠬᠢᠬᠤ᠂ ︽ᠦᠮᠡᠬᠡᠢ ᠤᠰᠤᠨ︾ ᠳᠤ ᠲᠡᠵᠢᠭᠡᠬᠦ ᠵᠡᠷᠭᠡ ᠠᠮᠤᠷ ᠲᠦᠪᠰᠢᠨ ᠤ ᠲᠦᠭᠰᠢᠭᠦᠷᠢ ᠲᠠᠢ᠂ ᠮᠠᠭᠤ ᠦᠢᠯᠡ ᠠᠵᠢᠯᠯᠠᠭ᠎ᠠ ᠶᠢ ᠠᠮᠠᠷᠬᠠᠨ ᠡᠭᠦᠰᠭᠡᠬᠦ ᠬᠠᠨᠳᠤᠰᠢ ᠲᠠᠢ ᠦᠢᠯᠡᠳᠬᠦᠨ ᠪᠤᠶᠤ ᠲᠣᠭᠯᠠᠭᠠᠮ ᠢ ᠨᠠᠭᠠᠳᠴᠤ ᠪᠣᠯᠬᠤ ᠦᠭᠡᠢ ᠭᠡᠵᠦ ᠬᠥᠮᠥᠵᠢᠭᠦᠯᠦᠨ ᠵᠢᠯᠣᠭᠤᠳᠤᠨ᠎ᠠ᠃    25. ᠰᠢᠨᠵᠢᠯᠡᠬᠦ ᠤᠬᠠᠭᠠᠨᠴᠢ ᠭᠡᠷ ᠤᠨ ᠬᠥᠮᠦᠵᠢᠯ ᠤᠨ ᠦᠵᠡᠯᠲᠡ ᠶᠢ ᠪᠣᠢ ᠪᠣᠯᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ ᠶᠣᠰᠣ ᠮᠣᠷᠠᠯ᠂ ᠦᠢᠯᠡ ᠠᠵᠢᠯᠯᠠᠭ᠎ᠠ ᠶᠢᠨ ᠳᠠᠳᠬᠠᠯ ᠪᠠ ᠡᠷᠡᠭᠦᠯ ᠴᠢᠭᠢᠷᠠᠭ ᠪᠡᠶ᠎ᠡ ᠰᠡᠳᠬᠢᠯ ᠢ ᠬᠥᠮᠦᠵᠢᠭᠦᠯᠬᠦ ᠶᠢ ᠴᠢᠬᠤᠯᠠᠴᠢᠯᠠᠵᠤ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ ᠬᠡᠦᠬᠡᠳ ᠤᠨ ᠥᠰᠦᠨ ᠪᠤᠶᠢᠵᠢᠬᠤ ᠬᠠᠷᠠᠯᠲᠠ ᠶᠢ ᠣᠶᠤᠨᠴᠢ ᠪᠠᠷ ᠲᠣᠭᠲᠠᠭᠠᠨ᠎ᠠ︔ ᠢᠯᠡᠭᠦᠦ ᠬᠦᠨᠳᠦᠳᠬᠡᠵᠦ ᠢᠯᠡᠭᠦᠬᠡᠨ ᠣᠶᠢᠯᠠᠭᠠᠵᠤ᠂ ᠰᠤᠷᠭᠠᠨ ᠬᠥᠮᠥᠵᠢᠭᠦᠯᠬᠦ ᠠᠷᠭ᠎ᠠ ᠮᠠᠶ᠋ᠢᠭ ᠢ ᠴᠢᠬᠤᠯᠠᠴᠢᠯᠠᠨ᠎ᠠ︔ ᠰᠤᠷᠭᠠᠭᠤᠯᠢ ᠡᠬᠢᠯᠡᠬᠦ ᠤᠯᠠᠷᠢᠯ ᠳᠤ ᠬᠡᠦᠬᠡᠳ ᠤᠨ ᠰᠡᠳᠬᠢᠴᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠡᠦᠬᠡᠳ ᠲᠠᠢ ᠡᠶ᠎ᠡ ᠡᠪᠲᠡᠢ ᠨᠡᠪᠲᠡᠷᠡᠬᠦ ᠶᠢ ᠪᠠᠲᠤᠯᠠᠨ᠎ᠠ᠃ ᠭᠡᠷ ᠲᠤ ᠪᠠᠨ ᠬᠤᠴᠣᠷᠤᠭᠰᠠᠨ ᠬᠡᠦᠬᠡᠳ ᠤᠨ ᠭᠡᠷ ᠤᠨ ᠠᠬᠠᠮᠠᠳ ᠬᠡᠦᠬᠡᠳ  ᠲᠠᠢ ᠪᠠᠨ ᠲᠣᠭᠲᠠᠭᠰᠠᠨ ᠬᠤᠭᠤᠴᠠᠭ᠎ᠠ ᠲᠠᠢ ᠬᠠᠷᠢᠯᠴᠠᠵᠤ᠂ ᠬᠠᠯᠠᠮᠵᠢᠯᠠᠨ ᠬᠠᠶᠢᠷᠠᠯᠠᠬᠤ ᠬᠡᠷᠡᠭᠲᠡᠢ᠃    26. ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠤᠨ ᠤ ᠠᠮᠠᠷᠠᠯᠲᠠ ᠶᠢᠨ ᠡᠳᠦᠷ ᠢ ᠡᠵᠡᠯᠡᠨ ᠠᠰᠢᠭᠯᠠᠵᠤ ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠳᠡᠮᠵᠢᠵᠦ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠪᠠ ᠡᠷᠡᠭᠦᠯ ᠴᠢᠬᠢᠷᠠᠭ ᠥᠰᠦᠨ ᠪᠤᠶᠢᠵᠢᠯᠲᠠ ᠶᠢ ᠠᠬᠢᠭᠤᠯᠬᠤ ᠬᠡᠷᠡᠭᠲᠡᠢ᠃    27. ᠨᠠᠰᠤᠨ ᠳᠤ ᠦᠯᠦ ᠬᠦᠷᠦᠭᠰᠡᠳ ᠤᠨ ᠪᠡᠶ᠎ᠡ ᠳᠤ ᠪᠠᠨ ᠵᠢᠷᠤᠭ ᠰᠢᠪᠡᠬᠦ ᠶᠢ ᠵᠠᠰᠠᠬᠤ ᠠᠵᠢᠯ ᠤᠨ ᠲᠤᠬᠠᠢ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠠᠰᠤᠨ ᠳᠤ ᠦᠯᠦ ᠬᠦᠷᠦᠭᠰᠡᠳ ᠪᠡᠶ᠎ᠡ ᠳᠤ ᠪᠠᠨ ᠵᠢᠷᠤᠭ ᠰᠢᠪᠡᠬᠦ ᠰᠠᠨᠠᠭ᠎ᠠ ᠲᠠᠢ ᠪᠤᠶᠤ ᠰᠢᠪᠡᠭᠰᠡᠨ ᠢ ᠣᠯᠵᠤ ᠮᠡᠳᠡᠪᠡᠯ ᠴᠠᠭ ᠲᠤᠬᠠᠢ ᠳᠤ ᠨᠢ ᠢᠳᠬᠠᠨ ᠬᠤᠷᠢᠭᠯᠠᠬᠤ ᠬᠡᠷᠡᠭᠲᠡᠢ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠳᠤ ᠪᠠᠨ ᠵᠢᠷᠤᠭ ᠰᠢᠪᠡᠬᠦ ᠶᠢ ᠳᠤᠷ᠎ᠠ ᠪᠠᠷ ᠨᠢ ᠲᠠᠯᠪᠢᠵᠤ ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠳᠡᠮᠵᠢᠵᠦ᠂ ᠬᠡᠦᠬᠡᠳ ᠢ ᠬᠠᠪᠰᠤᠷᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠪᠠᠷ ᠬᠥᠮᠥᠵᠢᠭᠦᠯᠵᠦ᠂ ᠪᠡᠶ᠎ᠡ ᠳᠤ ᠪᠠᠨ ᠵᠢᠷᠤᠭ ᠰᠢᠪᠡᠬᠦ ᠶᠢᠨ ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠴᠢᠩᠭᠠᠳᠬᠠᠵᠤ᠂ ᠪᠡᠶ᠎ᠡ ᠳᠤ ᠪᠠᠨ ᠵᠢᠷᠤᠭ ᠰᠢᠪᠡᠬᠦ ᠶᠢ ᠣᠶᠤᠨᠴᠢ ᠪᠠᠷ ᠳᠡᠪᠴᠢᠬᠦ ᠪᠣᠯᠭᠠᠨ᠎ᠠ᠃    28. ᠭᠡᠷ ᠤᠨ ᠠᠬᠠᠮᠠᠳ ᠠᠴᠠ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠰᠤᠷᠤᠭᠴᠢᠳ ᠢᠳᠡᠪᠬᠢᠲᠡᠢ ᠣᠷᠣᠯᠴᠠᠬᠤ ᠶᠢ ᠳᠡᠮᠵᠢᠵᠦ᠂ ᠠᠮᠤᠷ ᠲᠦᠪᠰᠢᠨ ᠤ ᠠᠵᠢᠯ ᠤᠨ ᠬᠠᠮ ᠬᠦᠴᠦᠨ ᠢ ᠴᠢᠩᠭᠠᠳᠬᠠᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号