ᠵᠦᠭᠡᠷ ᠭᠠᠷ ᠤᠲᠠᠰᠤ ᠵᠠᠯᠭᠠᠵᠤ ᠨᠡᠪᠳᠡᠷᠡᠭᠦᠯᠵᠦ ᠯᠡ ᠪᠠᠶᠢᠪᠠᠯ ᠨᠢᠭᠡ ᠴᠠᠭ ᠲᠤ 300 ᠲᠥᠭᠦᠷᠢᠭ ᠤᠯᠤᠨ᠎ᠠ | ᠭᠡᠪᠡᠯ ᠲᠠ ᠰᠡᠳᠬᠢᠯ ᠬᠥᠳᠡᠯᠦᠨ᠎ᠡ ᠦᠦ︖ | ᠭᠡᠶ᠎ᠡ ᠡᠨᠡ ᠬᠠᠷᠢᠨ ᠤᠨᠠᠭᠤᠯᠢ ᠪᠠᠶᠢᠵᠤ ᠮᠡᠳᠡᠨ᠎ᠡ ᠰᠢᠦ᠂ ᠶᠠᠭᠠᠬᠢᠭᠰᠠᠨ ᠴᠤ ᠰᠡᠷᠡᠮᠵᠢᠯᠡᠬᠦ ᠬᠡᠷᠡᠭᠲᠡᠢ︕ ᠡᠨᠡ | ᠤᠲᠠᠰᠤ ᠶᠢ ᠵᠠᠯᠭᠠᠵᠤ ᠨᠡᠪᠲᠡᠷᠡᠭᠦᠯᠪᠡᠯ ᠴᠢ ᠳᠠᠷᠤᠢ ᠶᠠᠯ᠎ᠠ ᠬᠢᠭᠰᠡᠨ ᠢᠶᠠᠷ ᠰᠡᠵᠢᠭᠯᠡᠭᠳᠡᠨ᠎ᠡ᠃ | 6 ᠰᠠᠷ᠎ᠠ ᠶᠢᠨ ᠰᠡᠭᠦᠯᠴᠢ ᠪᠠᠷ ᠬᠤ᠋ ᠣᠪᠣᠭᠲᠤ ᠨᠠᠶᠢᠵᠠ ᠶᠢᠨ ᠲᠣᠭᠤᠷᠢᠭ ᠲᠠᠭᠠᠨ ᠬᠤᠶᠠᠷ ᠭᠠᠷ ᠤᠲᠠᠰᠤ ᠲᠠᠢ | ᠯᠠ ᠪᠣᠯ ᠨᠢᠭᠡ ᠴᠠᠭ ᠲᠤ 300 ᠲᠥᠭᠦᠷᠢᠭ ᠣᠯᠵᠤ᠂ ᠴᠠᠯᠢᠩ ᠢ ᠡᠳᠦᠷ ᠲᠤ ᠨᠢ ᠪᠤᠳᠤᠵᠤ ᠥᠭᠳᠡᠭ ᠭᠡᠰᠡᠨ ᠵᠠᠷ ᠢ | ᠣᠯᠵᠤ ᠦᠵᠡᠭᠡᠳ ᠡᠶᠢᠮᠦ ᠳᠥᠭᠦᠮ ᠮᠥᠷᠲᠡᠭᠡᠨ ᠵᠣᠭᠤᠰ ᠲᠦᠷᠭᠡᠨ ᠣᠯᠳᠠᠭ ᠠᠵᠢᠯ ᠳᠤ ᠰᠡᠳᠬᠢᠯ ᠬᠥᠳᠡᠯᠪᠡ᠃ | ᠲᠡᠭᠡᠭᠡᠳ ᠰᠠᠨᠠᠭᠠᠴᠢᠯᠠᠭ᠎ᠠ ᠲᠠᠢ ᠪᠠᠷ ᠨᠥᠭᠦᠭᠡ ᠡᠲᠡᠭᠡᠳ ᠲᠠᠢ ᠬᠠᠷᠢᠯᠴᠠᠭᠰᠠᠨ ᠳᠤ ᠬᠤ᠋ ᠣᠪᠣᠭᠲᠤ ᠳᠤ ᠬᠤᠶᠠᠷ ᠭᠠᠷ | ᠤᠲᠠᠰᠤ ᠥᠭᠴᠦ᠂ ᠲᠤᠰ ᠲᠤᠰ ᠲᠤ ᠨᠢ ᠤᠲᠠᠰᠤᠳᠠᠭᠰᠠᠨ ᠪᠣᠯᠪᠠᠴᠤ ᠲᠡᠷᠡ ᠥᠪᠡᠷ ᠢᠶᠠᠨ ᠬᠠᠷᠢᠨ ︽ᠦᠭᠡ ᠬᠡᠯᠡᠬᠦ | ᠴᠢᠬᠤᠯᠠ ᠦᠭᠡᠢ︾ ᠪᠠᠶᠢᠵᠤ᠂ ︽ᠤᠲᠠᠰᠤ ᠨᠡᠪᠲᠡᠷᠡᠳᠡᠭ ᠯᠡ ᠶᠤᠮ ᠪᠣᠯ ᠨᠢᠭᠡ ᠤᠳᠠᠭᠠᠨ ᠤ ᠡᠭᠦᠷᠭᠡ ᠶᠢ | ᠪᠡᠶᠡᠯᠡᠭᠦᠯᠦᠭᠰᠡᠨ ᠳᠤ ᠲᠣᠭᠠᠴᠠᠨ᠎ᠠ︾᠃ ︽ᠪᠢ ᠪᠣᠯ ᠪᠠᠭ᠎ᠠ ᠨᠠᠰᠤᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ | ᠦᠢᠯᠡᠴᠢᠯᠡᠭᠴᠢ᠂ ᠲᠠᠨ ᠤ ᠬᠤᠳᠠᠯᠳᠤᠨ ᠠᠪᠤᠭᠰᠠᠨ ᠬᠢᠴᠢᠶᠡᠯ ᠤᠨ ᠵᠣᠭᠤᠰ ᠢ ᠪᠤᠴᠠᠭᠠᠬᠤ ᠬᠡᠷᠡᠭᠲᠡᠢ ᠪᠣᠯᠵᠠᠢ︾᠂ ︽ | ᠪᠢ ᠪᠣᠯ ᠵᠠᠭᠤᠨ ᠲᠦᠮᠡᠨ ᠪᠠᠲᠤᠯᠠᠭ᠎ᠠ ᠲᠠᠪᠴᠠᠩ ᠤᠨ ᠦᠢᠯᠡᠴᠢᠯᠡᠭᠴᠢ ᠪᠠᠶᠢᠨ᠎ᠠ᠂ ᠲᠠ ᠡᠨᠡᠬᠦ ᠦᠢᠯᠡᠴᠢᠯᠡᠭᠡ ᠶᠢ | ᠬᠠᠭᠠᠬᠤ ᠦᠭᠡᠢ ᠪᠣᠯ ᠵᠣᠭᠤᠰ ᠢ ᠨᠢ ᠰᠠᠭᠤᠯᠭᠠᠨ ᠠᠪᠤᠨ᠎ᠠ︾ ᠭᠡᠬᠦ ᠤᠲᠠᠰᠤᠨ ᠤ ᠴᠠᠭᠠᠨᠠᠬᠢ ᠠᠳᠠᠯᠢ ᠪᠤᠰᠤ | ᠦᠢᠯᠡᠴᠢᠯᠡᠭᠴᠢ ᠶᠢᠨ ᠶᠠᠷᠢᠬᠤ ᠶᠢ ᠰᠣᠨᠣᠰᠤᠭᠠᠳ ᠬᠤ᠋ ᠣᠪᠣᠭᠲᠤ ᠰᠠᠶ᠋ᠢ ᠤᠤᠯ ᠨᠢ ᠬᠤᠶᠠᠷ ᠭᠠᠷ ᠤᠲᠠᠰᠤ | ᠬᠡᠷᠡᠭᠡᠯᠳᠡᠭ ᠨᠢ ᠨᠥᠭᠦᠭᠡ ᠡᠲᠡᠭᠡᠳ ᠤᠨ ᠢᠶᠠᠨ ᠳ᠋ᠢᠶᠠᠩᠬᠤᠸᠠ ᠶᠢᠨ ᠬᠠᠷᠢᠶᠠᠯᠠᠭᠳᠠᠬᠤ ᠭᠠᠵᠠᠷ ᠢ ᠳᠠᠯᠳᠠᠯᠠᠬᠤ ᠶᠢᠨ | ᠲᠥᠯᠥᠭᠡ ᠨᠢᠭᠡ ᠭᠠᠷ ᠤᠲᠠᠰᠤ ᠪᠠᠷ ᠣᠪᠯᠠᠭᠰᠠᠨ ᠠᠳᠠᠯᠢ ᠪᠤᠰᠤ ᠦᠢᠯᠡᠴᠢᠯᠡᠭᠴᠢ ᠲᠠᠢ ᠬᠠᠷᠢᠯᠴᠠᠵᠤ᠂ ᠨᠥᠭᠦᠭᠡ ᠨᠢᠭᠡ | ᠭᠠᠷ ᠤᠲᠠᠰᠤ ᠪᠠᠷ ᠬᠤᠬᠢᠷᠠᠯ ᠠᠮᠰᠠᠭᠴᠢ ᠶᠢᠨ ᠤᠲᠠᠰᠤ ᠶᠢ ᠵᠠᠯᠭᠠᠨ᠎ᠠ᠃ ᠡᠶᠢᠮᠦ ︽ᠳᠥᠭᠦᠮ︾ ᠬᠢᠳᠡᠯ ᠢ ᠬᠠᠷᠠᠭᠠᠳ | ᠬᠤ᠋ ᠣᠪᠣᠭᠲᠤ ᠡᠨᠡ ᠭᠡᠨᠡᠨ ᠵᠠᠮ ᠢ ᠰᠣᠩᠭᠤᠵᠠᠢ᠃ ︽ᠡᠬᠢᠯᠡᠩᠭᠦᠲᠡ ᠪᠠᠨ ᠪᠢ ᠴᠦ ᠡᠨᠡ ᠬᠦ ᠠᠵᠢᠯ ᠢ ᠬᠢᠬᠦ ᠨᠢ | ᠠᠶᠤᠯ ᠲᠦᠭᠰᠢᠭᠦᠷᠢ ᠲᠠᠢ ᠭᠡᠵᠦ ᠪᠤᠳᠤᠭᠠᠳ ᠶᠡᠭᠡ ᠠᠶᠤᠵᠤ ᠪᠠᠶᠢᠭᠰᠠᠨ᠃ ᠭᠡᠪᠡᠴᠦ ᠣᠷᠣᠯᠭ᠎ᠠ ᠨᠢ ᠨᠡᠯᠢᠶᠡᠳ | ᠥᠨᠳᠥᠷ᠂ ᠪᠢ ᠠᠷᠪᠠᠨ ᠬᠡᠳᠦᠨ ᠡᠳᠦᠷ ᠠᠵᠢᠯᠯᠠᠭᠠᠳ ᠪᠠᠷᠤᠭ 3000 ᠲᠥᠭᠦᠷᠢᠭ ᠣᠯᠣᠭᠰᠠᠨ ᠪᠣᠯᠬᠤᠷ ᠲᠡᠶᠢᠮᠦ | ᠠᠷᠪᠢᠨ ᠶᠠᠭᠤᠮ᠎ᠠ ᠪᠣᠳᠣᠭᠰᠠᠨ ᠦᠭᠡᠢ ᠁︾ ᠭᠡᠵᠦ ᠬᠡᠯᠡᠪᠡ᠃ | ᠣᠶᠢᠷ᠎ᠠ ᠳᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ | ᠠᠵᠢᠯᠯᠠᠭ᠎ᠠ ᠳᠤᠮᠳᠠ ᠵᠧᠵᠢᠶᠠᠩ ᠤᠨ ᠵᠢᠶᠠᠰᠢᠩ ᠤᠨ ᠫᠢᠩ ᠬᠤ᠋ ᠶᠢᠨ ᠴᠠᠭᠳᠠᠭᠠᠨ ᠤ ᠲᠠᠯ᠎ᠠ ᠶᠢᠨ ᠬᠢᠨ ᠬᠠᠩᠭᠠᠭᠰᠠᠨ | ᠰᠦᠪᠡᠭᠴᠢ ᠶᠢ ᠦᠨᠳᠦᠰᠦᠯᠡᠨ ᠬᠤ᠋ ᠣᠪᠣᠭᠲᠤ ᠶᠢᠨ ᠬᠡᠷᠡᠭ ᠬᠢᠭᠰᠡᠨ ᠬᠤᠶᠠᠷ ᠭᠠᠷ ᠤᠲᠠᠰᠤᠨ ᠤ ᠺᠠᠷᠲ ᠪᠠ ᠬᠠᠤᠯᠢ | ᠪᠤᠰᠤ ᠣᠷᠣᠯᠭ᠎ᠠ ᠶᠢ ᠪᠦᠬᠦᠨ ᠢ ᠬᠤᠷᠢᠶᠠᠨ ᠠᠪᠴᠠᠢ᠃ ᠬᠤ᠋ ᠣᠪᠣᠭᠲᠤ ᠶᠢᠨ ᠣᠷᠣᠯᠴᠠᠭᠰᠠᠨ ᠡᠨᠡ ᠬᠦ ᠠᠵᠢᠯ ᠪᠣᠯ | ᠦᠨᠡᠨ ᠳᠡᠭᠡᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠮᠡᠬᠡᠯᠡᠬᠦ ᠠᠷᠭ᠎ᠠ — ︽ᠭᠠᠷ ᠤᠲᠠᠰᠤᠨ ᠤ ᠠᠮᠠᠰᠠᠷ︾ ᠢ | ᠲᠠᠲᠠᠵᠤ ᠲᠠᠭᠠᠷᠠᠭᠤᠯᠤᠭᠰᠠᠨ ᠶᠠᠪᠤᠳᠠᠯ ᠪᠣᠯᠣᠨ᠎ᠠ᠃ ᠮᠡᠬᠡᠯᠡᠭᠴᠢ ︽ᠥᠨᠳᠥᠷ ᠴᠠᠯᠢᠩ︾ ᠢᠶᠠᠷ ᠥᠭᠶᠥᠭᠡ ᠪᠣᠯᠭᠠᠵᠤ᠂ | ᠠᠵᠢᠯ ᠡᠷᠢᠭᠴᠢ ᠬᠤᠶᠠᠷ ᠭᠠᠷ ᠤᠲᠠᠰᠤ ᠪᠡᠯᠡᠳᠬᠡᠵᠦ᠂ ᠨᠢᠭᠡ ᠨᠢ ᠮᠡᠬᠡᠯᠡᠭᠴᠢ ᠲᠠᠢ ᠨᠡᠪᠲᠡᠷᠡᠭᠦᠯᠵᠦ᠂ ᠨᠥᠭᠦᠭᠡ | ᠨᠢᠭᠡ ᠨᠢ ᠮᠡᠬᠡᠯᠡᠭᠳᠡᠭᠴᠢ ᠶᠢᠨ ᠭᠠᠷ ᠤᠲᠠᠰᠤ ᠶᠢ ᠨᠡᠪᠲᠡᠷᠡᠭᠦᠯᠵᠦ᠂ ᠤᠲᠠᠰᠤᠨ ᠤ ᠨᠡᠪᠲᠡᠷᠡᠬᠦ ᠶᠠᠷᠢᠯᠴᠠᠭ᠎ᠠ ᠶᠢ ᠭᠠᠳᠠᠭᠰᠢ | ᠲᠠᠯᠪᠢᠬᠤ ᠪᠤᠶᠤ ᠬᠤᠶᠠᠷ ᠭᠠᠷ ᠤᠳᠠᠰᠤᠨ ᠤ ᠶᠠᠷᠢᠯᠴᠠᠭ᠎ᠠ ᠶᠢ ᠬᠠᠷᠢᠯᠴᠠᠨ ᠰᠢᠩᠭᠡᠭᠡᠬᠦ ᠠᠷᠭ᠎ᠠ ᠪᠠᠷ᠂ ᠬᠢᠯᠢ ᠶᠢᠨ | ᠭᠠᠳᠠᠨᠠᠬᠢ ᠤᠲᠠᠰᠤ ᠶᠢ ᠤᠯᠤᠰ ᠤᠨ ᠳᠣᠲᠣᠭᠠᠳᠤ ᠶᠢᠨ ᠤᠲᠠᠰᠤᠨ ᠤ ᠨᠣᠮᠧᠷ ᠪᠣᠯᠭᠠᠵᠤ ᠮᠡᠬᠡᠯᠡᠯ ᠶᠠᠪᠤᠭᠤᠯᠳᠠᠭ᠂ | ᠮᠡᠬᠡᠯᠡᠭᠴᠢ ᠶᠡᠷᠦ ᠳᠡᠭᠡᠨ ︽ᠭᠠᠷ ᠤᠲᠠᠰᠤᠨ ᠤ ᠠᠮᠠᠰᠠᠷ︾ ᠤᠨ ᠲᠤᠬᠠᠶᠢᠯᠠᠭᠰᠠᠨ ᠠᠵᠢᠯ ᠢ ︽ᠥᠨᠳᠥᠷ ᠴᠠᠯᠢᠩ ᠲᠠᠢ︾ | ᠬᠠᠪᠰᠤᠷᠭᠠᠵᠤ᠂ ᠵᠣᠭᠤᠰ ᠤᠨ ᠬᠡᠷᠡᠭᠴᠡᠭᠡ ᠪᠠᠴᠢᠮ ᠪᠠᠶᠢᠬᠤ ᠰᠦᠯᠵᠢᠶᠡᠨ ᠤ ᠨᠠᠶᠢᠵᠠ ᠶᠢ ᠤᠷᠠᠬᠠᠨ ᠳᠤ ᠪᠠᠨ | ᠣᠷᠣᠭᠤᠯᠳᠠᠭ᠃ | ᠴᠠᠭᠳᠠᠭᠠᠨ ᠤ ᠲᠠᠯ᠎ᠠ ᠶᠢᠨ ᠬᠢᠨ ᠠᠴᠠ ᠪᠤᠰᠤᠳ ᠬᠥᠮᠥᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ | ᠶᠠᠯᠠᠲᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠳᠠᠭᠤᠳᠠᠨ ᠳᠠᠮᠵᠢᠭᠤᠯᠬᠤ ᠲᠥᠬᠦᠭᠡᠷᠦᠮᠵᠢ ᠶᠢ | ᠲᠠᠲᠠᠵᠤ ᠲᠠᠭᠠᠷᠠᠭᠤᠯᠬᠤ᠂ ᠮᠡᠬᠡᠯᠡᠯ ᠤᠨ ᠤᠲᠠᠰᠤ ᠶᠢ ᠪᠥᠭᠡᠮ ᠢᠶᠠᠷ ᠤᠲᠠᠰᠤᠳᠠᠬᠤ ᠪᠤᠶᠤ ᠭᠠᠷ ᠤᠲᠠᠰᠤᠨ ᠤ ᠺᠠᠷᠲ᠂ | ᠴᠢᠮᠡᠭᠡ ᠬᠤᠯᠪᠣᠭᠠᠨ ᠤ ᠪᠠᠭᠠᠵᠢ ᠶᠢ ᠬᠠᠩᠭᠠᠵᠤ ᠥᠭᠬᠦ ᠳᠤ ᠬᠠᠪᠰᠤᠷᠤᠯᠭ᠎ᠠ ᠦᠵᠡᠭᠦᠯᠦᠭᠰᠡᠨ ᠪᠠᠶᠢᠪᠠᠯ ᠬᠠᠷᠠᠮᠵᠢ | ᠣᠯᠣᠭᠰᠠᠨ ᠡᠰᠡᠬᠦ ᠲᠠᠢ ᠬᠠᠮᠢᠶ᠎ᠠ ᠦᠭᠡᠢ᠂ ᠴᠥᠮ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ | ᠰᠡᠵᠢᠭᠯᠡᠯᠲᠡᠢ ᠪᠠᠶᠢᠵᠤ᠂ ᠵᠣᠬᠢᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ ᠭᠡᠵᠦ ᠰᠠᠨᠠᠭᠤᠯᠵᠤ ᠪᠠᠶᠢᠨ᠎ᠠ᠃ | | |