ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠵᠢᠴᠢ ᠡᠯ᠎ᠡ ᠲᠤᠰᠬᠠᠶ ᠵᠥᠪᠯᠡᠯ ᠤᠨ ᠠᠯᠪᠠᠨ ᠭᠡᠷ ᠤᠨ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/5
    2024 ᠣᠨ ᠤ 9 ᠳ᠋ᠦᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠠᠶᠤᠯ ᠥᠬᠡᠶ ᠦᠢᠯᠡᠳᠪᠦᠷᠢᠯᠡᠯ  ᠤᠨ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠵᠢᠴᠢ ᠡᠯ᠎ᠡ ᠲᠤᠰᠬᠠᠶ ᠵᠥᠪᠯᠡᠯ ᠤᠨ ᠠᠯᠪᠠᠨ ᠬᠡᠷ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠵᠥᠪᠯᠡᠯ ᠤᠨ ᠠᠯᠪᠠᠨ ᠬᠡᠷ ᠤᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠠᠵᠢᠯ ᠤᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ ᠣᠳᠣᠬᠠᠨ ᠤ ᠪᠠ ᠲᠠᠷᠠᠭᠠᠴᠢ ᠶᠢᠨ ᠱᠠᠲᠤᠨ ᠤ ᠠᠶᠤᠯ ᠥᠬᠡᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠡᠯ᠎ᠡ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠡᠯ᠎ᠡ ᠲᠤᠰᠬᠠᠶ ᠮᠡᠷᠭᠡᠵᠢᠯ ᠤᠨ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠬᠤᠯᠪᠣᠭᠠᠴᠢᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
W020240905452626385701.jpg    
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ᠂ ᠬᠦᠴᠦ ᠪᠠᠨ ᠬᠠᠮᠲᠤᠳᠬᠠᠨ ᠬᠦᠴᠦᠷᠬᠡᠭᠵᠢᠭᠰᠡᠨ ᠠᠵᠢᠯ ᠤᠨ ᠪᠠᠶᠢᠷᠢᠰᠢᠯ ᠢ ᠪᠦᠬᠦ ᠬᠦᠴᠦᠨ ᠢᠶᠠᠷ ᠪᠠᠶᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠠᠬᠢᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠢ ᠨᠡᠭᠡᠭᠡᠬᠦ᠂ ᠳᠤᠮᠳᠠ ᠵᠤᠭᠠᠴᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠣᠳᠣᠬᠠᠨ ᠳᠤ ᠡᠯ᠎ᠡ ᠲᠤᠰᠬᠠᠢ ᠮᠡᠷᠭᠡᠵᠢᠯ ᠤᠨ ᠵᠥᠪᠯᠡᠯ ᠤᠨ ᠠᠵᠢᠯᠯᠠᠭ᠎ᠠ ᠤᠷᠤᠭᠰᠢᠲᠠᠢ ᠪᠠᠶᠢᠭ᠎ᠠ ᠪᠣᠯᠪᠠᠴᠤ ᠪᠠᠶᠢᠭᠤᠯᠤᠭᠰᠠᠨ ᠴᠠᠭ ᠨᠢ ᠣᠬᠤᠷ᠂ ᠠᠵᠢᠯ ᠢᠶᠠᠨ ᠥᠷᠨᠢᠭᠦᠯᠦᠭᠰᠡᠨ ᠨᠢ ᠲᠡᠩᠴᠡᠭᠦᠷᠢ ᠦᠭᠡᠢ᠂ ᠡᠭᠦᠷᠭᠡ ᠴᠢᠳᠠᠪᠬᠢ ᠶᠢ ᠵᠠᠭᠠᠭᠯᠠᠨ ᠲᠣᠭᠲᠠᠭᠠᠭᠰᠠᠨ ᠨᠢ ᠲᠣᠳᠣᠷᠬᠠᠢ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠠᠯ᠎ᠠ ᠪᠠᠷ ᠲᠠᠬᠢᠨ ᠬᠦᠴᠦᠯᠡᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠦᠷ᠎ᠡ ᠪᠦᠲᠦᠮᠵᠢ ᠤᠯᠬᠤ ᠬᠡᠷᠡᠭᠲᠡᠢ︔ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ︔ ᠶᠡᠷᠦᠩᠬᠡᠶᠢᠯᠡᠨ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ︔ ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢᠶᠠᠨ ᠮᠡᠳᠡᠭᠦᠯᠵᠦ᠂ ᠮᠡᠳᠡᠭᠡ ᠵᠠᠩᠭᠢ ᠶᠢ ᠨᠡᠪᠲᠡᠷᠡᠯᠴᠡᠨ ᠬᠠᠷᠢᠯᠴᠠᠬᠤ ᠲᠠᠯ᠎ᠠ ᠪᠠᠷ ᠦᠷᠭᠦᠯᠵᠢ ᠬᠠᠷᠢᠯᠴᠠᠨ  ᠦᠢᠯᠡᠳᠦᠯᠴᠡᠬᠦ ᠬᠡᠷᠡᠭᠲᠡᠶ︔ ᠪᠢᠴᠢᠭ ᠮᠠᠲ᠋ᠧᠷᠢᠶᠠᠯ ᠶᠠᠪᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠳᠣᠲᠣᠭᠠᠳᠤ ᠶᠢᠨ ᠠᠵᠢᠯᠯᠠᠭᠠᠨ ᠢ ᠵᠢᠷᠤᠮᠵᠢᠭᠤᠯᠬᠤ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠵᠢᠮ᠎ᠡ ᠶᠣᠰᠣ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠪᠠ ᠳᠠᠷᠠᠭᠠᠴᠢ ᠶᠢᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ᠂ ᠭᠤᠤᠯᠳᠠᠯᠭ᠎ᠠ ᠲᠠᠢ ᠠᠵᠤ ᠠᠬᠤᠶᠢᠯᠠᠯ᠂ ᠬᠦᠨᠳᠦ ᠶᠡᠭᠡ ᠠᠳᠡᠯ ᠤᠨ ᠬᠡᠮ ᠰᠣᠭᠤᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠳᠤᠭᠠᠷ ᠤᠯᠠᠷᠢᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠯᠡᠳᠡᠭᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠶ᠃ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠡᠨᠧᠷᠭᠢ᠂ ᠵᠠᠮ ᠬᠠᠷᠢᠯᠴᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠬᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠢᠨᠵᠧᠨᠧᠷᠢᠩ᠂ ᠣᠨᠴᠠ ᠲᠥᠷᠥᠯ ᠤᠨ ᠲᠥᠬᠦᠭᠡᠷᠦᠮᠵᠢ᠂ ᠰᠤᠷᠭᠠᠭᠤᠯᠢ ᠶᠢᠨ ᠬᠦᠷᠢᠶ᠎ᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠰᠣᠯᠪᠢᠴᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠪᠠᠶᠢᠴᠠᠭᠠᠬᠤ ᠰᠠᠨᠠᠭ᠎ᠠ ᠥᠬᠡᠶ᠂ ᠪᠠᠶᠢᠴᠠᠭᠠᠵᠤ ᠳᠡᠶᠢᠯᠬᠦ ᠥᠬᠡᠶ᠂ ᠪᠠᠶᠢᠴᠠᠭᠠᠭᠰᠠᠨ ᠨᠢ ᠭᠦᠨᠵᠡᠭᠡᠶ ᠪᠢᠰᠢ︾ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠶ᠃ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠤᠬᠠᠮᠰᠠᠷ ᠢᠶᠠᠨ ᠴᠢᠩᠭᠠᠳᠬᠠᠵᠤ᠂ ᠱᠠᠯᠠᠪᠳᠠᠭᠤᠯᠤᠨ ᠬᠠᠪᠰᠤᠷᠬᠤ ᠶᠢ ᠨᠢᠭᠡ ᠴᠤᠬᠴᠠᠵᠢᠭᠤᠯᠬᠤ᠂ ᠦᠢᠯᠡᠴᠢᠯᠡᠬᠦ ᠪᠠ ᠬᠠᠤᠯᠢ ᠬᠡᠷᠡᠭᠵᠢᠭᠦᠯᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠢᠯᠡᠷᠡᠭᠦᠯᠬᠦ ᠪᠠᠷ ᠪᠠᠷᠠᠬᠤ ᠦᠭᠡᠢ ᠪᠠᠰᠠ ᠣᠷᠣᠰᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠮᠡᠷᠭᠡᠵᠢᠯ ᠤᠨ ᠦᠢᠯᠡᠴᠢᠯᠡᠭᠡ ᠶᠢ ᠳᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠰᠠᠭᠤᠳᠠᠯ ᠢ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠶᠠᠭᠠᠬᠢᠭᠰᠠᠨ ᠴᠤ ᠨᠢᠭᠡ ᠯᠡ ᠳᠣᠣᠷ᠎ᠠ ᠪᠠᠶᠢᠴᠠᠭᠠᠵᠤ᠂ ᠨᠢᠭᠡ ᠯᠡ ᠳᠡᠭᠡᠷ᠎ᠡ ᠲᠣᠷᠭᠠᠵᠤ ᠪᠣᠯᠬᠤ ᠦᠭᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠨᠡᠶᠢᠭᠡᠮ ᠤᠨ ᠣᠷᠣᠯᠴᠠᠭᠰᠠᠨ ᠬᠠᠷᠢᠭᠤᠴᠠᠯᠭ᠎ᠠ ᠪᠣᠯᠤᠨ ᠠᠵᠢᠯ ᠤᠨ ᠪᠠᠶᠢᠷᠢ ᠶᠢᠨ ᠰᠢᠭᠤᠳ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠨ ᠪᠣᠳᠠᠲᠠᠶᠢᠵᠢᠭᠤᠯᠵᠤ᠂ ᠬᠦᠴᠦ ᠪᠠᠨ ᠲᠥᠪᠯᠡᠷᠡᠭᠦᠯᠦᠨ ᠬᠦᠨᠳᠦ ᠶᠡᠭᠡ ᠭᠡᠮ ᠰᠣᠭᠤᠭ ᠪᠣᠯᠤᠨ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠳᠠᠯᠳᠠ ᠭᠡᠮ ᠰᠣᠭᠤᠭ ᠢ ᠶᠠᠭᠠᠬᠢᠭᠰᠠᠨ ᠴᠤ ᠪᠣᠳᠠᠲᠤ ᠠᠶᠤᠯ ᠲᠦᠭᠰᠢᠭᠦᠷᠢ ᠪᠣᠯᠭᠠᠵᠤ ᠪᠣᠯᠬᠤ ᠦᠭᠡᠢ᠂ ᠨᠡᠩ ᠴᠤ ᠪᠣᠳᠠᠲᠤ ᠠᠶᠤᠯ ᠲᠦᠭᠰᠢᠭᠦᠷᠢ ᠶᠢ ᠪᠣᠳᠠᠲᠤ ᠬᠤᠣᠷ ᠬᠥᠨᠥᠭᠡᠯ ᠪᠣᠯᠭᠠᠵᠤ ᠪᠣᠯᠬᠤ ᠦᠭᠡᠢ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号