ᠬᠡᠷᠡᠭ ᠤᠨ ᠡᠪᠬᠡᠮᠡᠯ ᠰᠢᠯᠭᠠᠷᠠᠭᠤᠯᠬᠤ ᠪᠠᠷ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/6
    ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠴᠢᠨᠠᠷ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠯᠲᠠ ᠶᠢ ᠦᠨᠡᠨᠬᠦ ᠪᠠᠲᠤᠯᠠᠬᠤ ᠬᠡᠷᠡᠭᠲᠡᠶ᠂ ᠬᠠᠤᠯᠢᠵᠢᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠂ ᠠᠶᠤᠯᠭᠦᠶ ᠦᠢᠯᠡᠳᠪᠦᠷᠢᠯᠡᠯ ᠢ ᠪᠠᠲᠤᠯᠠᠬᠤ ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ᠂  ᠬᠦᠬᠡᠬᠠᠥᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠠᠶᠤᠯ ᠥᠬᠡᠶ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠂ ᠪᠠᠰᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠡᠯ᠎ᠡ ᠬᠤᠰᠢᠭᠤ ᠰᠢᠶᠠᠨ ᠲᠣᠭᠤᠷᠢᠭ ᠲᠤ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠳᠠᠩᠰᠠ ᠡᠪᠬᠡᠮᠡᠯ ᠪᠣᠯᠤᠨ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠥᠪᠯᠡᠷᠡᠭᠦᠯᠦᠨ ᠦᠨᠡᠯᠡᠨ ᠪᠠᠶᠢᠴᠠᠭᠠᠪᠠ᠂ 2024 ᠣᠨ ᠤ 9 ᠳ᠋ᠦᠭᠡᠷ ᠰᠠᠷ᠎ᠠ ᠶᠢᠨ 4 ᠤ ᠡᠳᠦᠷ᠂ ᠦᠨᠡᠯᠡᠨ ᠪᠠᠢᠴᠠᠭᠠᠭᠰᠠᠨ ᠪᠠᠢᠳᠠᠯ ᠢ ᠦᠨᠳᠦᠰᠦᠯᠡᠨ ᠪᠦᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ᠃
W020240905573707861682.png
    ᠲᠣᠰ ᠤᠳᠠᠭᠠᠨ ᠤ ᠪᠣᠯᠪᠠᠰᠤᠷᠠᠯ ᠳᠤ ᠡᠩ ᠲᠡᠷᠢᠭᠦᠨ ᠳᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠲᠣᠰ ᠤᠳᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠲᠥᠪᠯᠡᠷᠡᠭᠦᠯᠦᠨ ᠦᠨᠡᠯᠡᠨ ᠪᠠᠶᠢᠴᠠᠭᠠᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠨᠡᠶᠢᠲᠡ 453 ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠬᠡᠷᠡᠭ ᠤᠨ ᠡᠪᠬᠡᠮᠡᠯ᠂ 74 ᠵᠠᠰᠠᠭ ᠵᠠᠬᠢᠷᠭᠠᠨ ᠤ ᠰᠢᠳᠬᠡᠯ ᠤᠨ ᠬᠡᠷᠡᠭ ᠤᠨ ᠡᠪᠬᠡᠮᠡᠯ ᠂ 138 ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠨᠢ ᠲᠣᠳᠣᠷᠬᠠᠶ ᠡᠰᠡᠬᠦ᠂ ᠬᠡᠷᠡᠭ ᠰᠢᠢᠳᠪᠦᠷᠢᠯᠡᠭᠰᠡᠨ ᠲᠠᠰ ᠳᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ᠂ ᠬᠠᠤᠯᠢ ᠴᠠᠭᠠᠵᠠ ᠶᠢ ᠬᠡᠷᠡᠭᠯᠡᠭᠰᠡᠨ ᠨᠢ ᠣᠨᠣᠪᠴᠢᠲᠠᠶ ᠡᠰᠡᠬᠦ᠂ ᠴᠢᠯᠥᠭᠡᠲᠦ ᠲᠠᠰᠤᠯᠤᠯᠲᠠ ᠨᠢ ᠵᠣᠬᠢᠰᠲᠠᠶ ᠡᠰᠡᠬᠦ᠂ ᠪᠢᠴᠢᠭ ᠬᠠᠷ᠎ᠠ ᠦᠢᠯᠡᠳᠦᠭᠰᠡᠨ ᠨᠢ ᠵᠢᠷᠤᠮᠵᠢᠭᠰᠠᠨ ᠡᠰᠡᠬᠦ ᠵᠡᠷᠭᠡ ᠲᠠᠯ᠎ᠠ ᠪᠠᠷ ᠦᠨᠡᠯᠡᠯᠲᠡ ᠪᠠᠶᠢᠴᠠᠭᠠᠯᠲᠠ ᠬᠢᠪᠠ᠃    ᠳᠠᠷᠠᠭ᠎ᠠ ᠨᠢ ᠦᠨᠡᠯᠡᠯᠲᠡ ᠳᠤ ᠣᠷᠣᠯᠴᠠᠭᠰᠠᠨ ᠬᠠᠤᠯᠢᠴᠢ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠳᠤ ᠲᠠᠶᠢᠯᠤᠮᠵᠢ ᠬᠢᠬᠦ ᠶᠢᠨ ᠬᠠᠮᠲᠤ ᠵᠠᠰᠠᠭ ᠵᠠᠬᠢᠷᠭᠠᠨ ᠤ ᠬᠠᠤᠯᠢ ᠶᠢᠨ ᠦᠨᠳᠦᠰᠦᠨ ᠵᠠᠷᠴᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠢᠯᠡᠳᠬᠦ ᠶᠠᠪᠤᠴᠠ᠂ ᠬᠠᠤᠯᠢ ᠴᠠᠭᠠᠵᠠ ᠶᠢᠨ ᠵᠦᠢᠯ ᠵᠤᠷᠪᠤᠰ ᠢ ᠬᠡᠷᠡᠭᠯᠡᠬᠦ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠡᠯ᠎ᠡ ᠬᠠᠤᠯᠢ ᠬᠡᠷᠡᠭᠵᠢᠭᠦᠯᠬᠦ ᠠᠵᠢᠯᠲᠠᠨ ᠴᠤ ᠡᠳᠦᠷ ᠲᠤᠲᠤᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠳᠤ ᠲᠤᠯᠭᠠᠷᠠᠭᠰᠠᠨ ᠬᠦᠴᠢᠷᠳᠡᠯ᠂ ᠰᠡᠵᠢᠭ ᠲᠠᠢ ᠠᠰᠠᠭᠤᠳᠠᠯ ᠪᠣᠯᠤᠨ ᠬᠠᠤᠯᠢᠴᠢ ᠳᠤ ᠯᠠᠪᠯᠠᠯᠭ᠎ᠠ ᠪᠣᠯᠤᠨ ᠶᠠᠷᠢᠯᠴᠠᠭ᠎ᠠ ᠬᠢᠵᠦ᠂ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠳᠤ ᠲᠤᠰᠬᠠᠶ ᠮᠡᠷᠭᠡᠵᠢᠯ ᠤᠨ ᠲᠠᠯ᠎ᠠ ᠠᠴᠠ ᠲᠠᠶᠢᠯᠤᠮᠵᠢ ᠬᠢᠵᠦ᠂ ᠬᠡᠷᠡᠭ ᠤᠨ ᠡᠪᠬᠡᠮᠡᠯ ᠢ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ᠂ ᠬᠠᠷᠢᠭᠤᠴᠠᠯᠭ᠎ᠠ ᠶᠢ ᠳᠠᠬᠢᠨ ᠪᠠᠶᠢᠴᠠᠭᠠᠭᠰᠠᠨ ᠲᠡᠮᠳᠡᠭᠯᠡᠯ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠨᠠᠶᠢᠳᠠᠪᠤᠷᠢᠵᠢᠭᠤᠯᠤᠭᠰᠠᠨ ᠵᠡᠷᠭᠡ ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ ᠪᠣᠯᠤᠨ ᠬᠠᠤᠯᠢ ᠬᠡᠷᠡᠭᠵᠢᠭᠦᠯᠬᠦ ᠲᠦᠭᠰᠢᠭᠦᠷᠢ ᠶᠢᠨ ᠴᠡᠭ ᠲᠤ ᠰᠡᠷᠡᠮᠵᠢᠯᠡᠭᠦᠯᠦᠯ ᠬᠢᠭᠰᠡᠨ ᠪᠠᠶᠢᠨ᠎ᠠ᠃    ᠪᠣᠯᠪᠠᠰᠤᠷᠠᠭᠤᠯᠤᠯ ᠤᠨ ᠡᠴᠦᠰ ᠲᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠂ ᠨᠢᠭᠡ ᠳᠤ᠂ ᠲᠠᠩᠰᠠ ᠡᠪᠬᠡᠮᠡᠯ ᠤᠨ ᠶᠠᠰᠤ ᠴᠢᠨᠠᠷ ᠪᠣᠯ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠬᠤᠯᠪᠣᠭᠳᠠᠬᠤ ᠵᠠᠩᠭᠢᠯᠠᠭ᠎ᠠ ᠶᠢᠨ ᠦᠨᠳᠦᠰᠦᠯᠡᠯ ᠮᠥᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠬᠤᠯᠪᠣᠭᠳᠠᠬᠤ ᠭᠤᠤᠯ  ᠭᠦᠢᠴᠳᠭᠡᠯ ᠲᠤᠭ᠎ᠠ ᠶᠢᠨ ᠢᠯᠡᠷᠡᠯ ᠮᠥᠨ᠂ ᠵᠠᠪᠠᠯ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠩᠰᠠ ᠡᠪᠬᠡᠮᠡᠯ ᠤᠨ ᠶᠠᠰᠤ ᠴᠢᠨᠠᠷ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ︔ ᠬᠤᠶᠠᠷ ᠲᠤ ᠲᠤᠰᠬᠠᠶ ᠪᠠᠶᠢᠭᠤᠯᠤᠮᠵᠢ ᠪᠠ ᠠᠵᠢᠯᠲᠠᠨ ᠠᠴᠠ ᠡᠨᠡᠬᠦ ᠠᠵᠢᠯ ᠢ ᠬᠠᠷᠢᠭᠤᠴᠠᠬᠤ ᠶᠢ ᠨᠠᠶᠢᠳᠠᠪᠤᠷᠢᠵᠢᠭᠤᠯᠵᠤ᠂ ᠲᠤᠰ ᠬᠤᠰᠢᠭᠤ ᠰᠢᠶᠠᠨ ᠲᠣᠭᠤᠷᠢᠭ ᠤᠨ ᠳᠠᠩᠰᠠ ᠡᠪᠬᠡᠮᠡᠯ ᠤᠨ ᠥᠪᠡᠰᠦᠪᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠰᠠᠶᠢᠲᠤᠷ ᠬᠢᠵᠦ᠂ ᠦᠨᠡᠯᠡᠨ ᠪᠠᠶᠢᠴᠠᠭᠠᠬᠤ ᠳᠤᠮᠳᠠ ᠢᠯᠡᠷᠡᠭᠰᠡᠨ ᠠᠰᠠᠭᠤᠳᠠᠯ ᠳᠤ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠬᠢᠨᠠᠮᠠᠭᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ︔ ᠭᠤᠷᠪᠠ ᠳᠤ᠂ ᠠᠵᠢᠯ ᠤᠨ ᠳᠤᠮᠳᠠ ᠣᠷᠣᠰᠢᠵᠤ ᠪᠠᠢᠭ᠎ᠠ ᠳᠠᠳᠬᠠᠯ ᠢᠶᠠᠨ ᠪᠠᠷᠢᠮᠲᠠᠯᠠᠬᠤ ᠂ ᠬᠠᠷᠠᠵᠤ ᠪᠠᠶᠢᠭᠠᠳ ᠬᠠᠶᠢᠬᠤᠷᠬᠤ ᠦᠭᠡᠢ᠂ ᠥᠪᠡᠷ ᠤᠨ ᠬᠢ ᠪᠠᠨ ᠯᠡ ᠭᠡᠬᠦ᠂ ᠠᠯᠪᠠ ᠬᠠᠰᠢᠵᠤ ᠠᠯᠪᠠ ᠬᠠᠰᠢᠬᠤ᠂ ᠠᠯᠪᠠ ᠬᠠᠰᠢᠵᠤ ᠠᠮᠠ ᠪᠥᠭᠯᠡᠬᠦ ᠵᠡᠷᠭᠡ ᠠᠰᠠᠭᠤᠳᠠᠯ ᠢ ᠴᠢᠩᠭ᠎ᠠ ᠰᠡᠷᠭᠡᠶᠢᠯᠡᠵᠦ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠮᠠᠨ ᠤ ᠬᠤᠲᠠ ᠶᠢᠨ ᠪᠠᠴᠢᠮ ᠪᠠᠢᠳᠠᠯ ᠢ ᠠᠷᠭᠠᠴᠠᠭᠠᠬᠤ ᠰᠢᠰᠲ᠋ᠧᠮ ᠤᠨ ᠬᠠᠤᠯᠢ ᠬᠡᠷᠡᠭᠵᠢᠭᠦᠯᠬᠦ ᠠᠵᠢᠯᠲᠠᠨ ᠪᠠ ᠬᠢᠨᠠᠨ ᠪᠠᠶᠢᠴᠠᠭᠠᠬᠤ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠ ᠪᠣᠯᠪᠠᠰᠤᠷᠠᠭᠤᠯᠬᠤ ᠨᠢ ᠬᠦᠬᠡᠬᠠᠥᠲᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ  ᠦᠢᠯᠡᠳᠬᠦ ᠬᠢᠷᠢ ᠲᠦᠪᠰᠢᠨ ᠪᠠ ᠬᠠᠤᠯᠢ ᠶᠣᠰᠣᠭᠠᠷ ᠬᠡᠷᠡᠭ  ᠰᠢᠢᠳᠪᠦᠷᠢᠯᠡᠬᠦ ᠶᠢ ᠵᠢᠷᠤᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ ᠂ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号