ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠦᠨ᠎ᠡ
ᠨᠡᠶᠢᠲᠡᠯᠡᠭᠰᠡᠨ ᠴᠠᠭ᠄
2024/9/6
    ︽︿ᠵᠢᠶᠠᠩ ᠬᠤᠩ﹀ ᠤᠨ ᠵᠣᠬᠢᠶᠠᠭᠴᠢ ᠨᠢ ᠬᠡᠨ ᠪᠤᠢ︖︾ ᠭᠡᠵᠦ ᠪᠠᠭᠰᠢ ᠠᠰᠠᠭᠤᠪᠠ᠃ ︽︿ᠵᠢᠶᠠᠩ ᠬᠤᠩ﹀ ᠤᠨ ᠵᠣᠬᠢᠶᠠᠭᠴᠢ ᠨᠢ ᠠᠯᠲᠠᠨ ᠤᠯᠤᠰ ᠢ ᠡᠰᠡᠷᠭᠦᠴᠡᠭᠰᠡᠨ ᠪᠠᠭᠠᠲᠤᠷ ᠶᠤᠸᠠᠢ ᠹᠧᠢ ᠪᠣᠯᠤᠨ᠎ᠠ᠂ ᠪᠢᠲᠡᠭᠡᠢ ᠰᠤᠯᠠ ᠰᠡᠯᠡᠭᠦᠦ ᠪᠠᠶᠢᠵᠤ ᠪᠠᠢ᠂ ᠵᠠᠯᠠᠭᠤ ᠨᠠᠰᠤ ᠪᠠᠨ ᠲᠠᠯᠠᠭᠠᠷ ᠥᠩᠭᠡᠷᠡᠭᠦᠯᠵᠦ᠂ ᠲᠤᠩ ᠭᠤᠨᠢᠭᠲᠠᠢ︕ ᠭᠡᠵᠦ ᠵᠧᠦ ᠰᠢ ᠬᠤᠤ ᠬᠠᠷᠢᠭᠤᠯᠪᠠ᠃    ︽ᠵᠥᠪ ᠪᠠᠢᠨ᠎ᠠ᠃ ᠳᠠᠷᠠᠭ᠎ᠠ ᠨᠢᠭᠡ ᠰᠡᠳᠦᠪ᠂ ᠤᠰᠤ ᠰᠠᠴᠤᠬᠤ ᠪᠠᠶᠠᠷ ᠨᠢ ᠠᠯᠢ ᠦᠨᠳᠦᠰᠦᠲᠡᠨ ᠤ ᠪᠠᠶᠠᠷ ᠤᠨ ᠡᠳᠦᠷ ᠪᠣᠶ︖ ᠪᠠᠭᠰᠢ ᠪᠠᠰᠠ ᠠᠰᠠᠭᠤᠪᠠ᠃ ︽ᠳ᠋ᠠᠢ ᠦᠨᠳᠦᠰᠦᠲᠡᠨ︕︾ ᠭᠡᠵᠦ ᠰᠤᠷᠤᠭᠴᠢᠳ ᠲᠠᠭᠤᠨ ᠨᠢᠭᠡᠲᠡᠢ ᠬᠠᠷᠢᠭᠤᠯᠪᠠ᠃ ᠪᠠᠭᠰᠢ ᠨᠥᠬᠦᠪᠥᠷᠢᠯᠡᠨ ᠬᠡᠯᠡᠭᠰᠡᠨ ᠨᠢ᠄ ︽ᠦᠨᠡᠨ ᠳᠡᠭᠡᠨ᠂ ᠪᠠᠰᠠ ᠪᠤᠰᠤᠳ ᠴᠥᠭᠡᠨ ᠲᠣᠭᠠᠲᠤ ᠦᠨᠳᠦᠰᠦᠲᠡᠨ ᠪᠠᠰᠠ ᠤᠰᠤ ᠰᠠᠴᠤᠬᠤ ᠪᠠᠶᠠᠷ ᠢ ᠥᠩᠭᠡᠷᠡᠭᠡᠵᠦ ᠪᠠᠢᠨ᠎ᠠ᠂ ᠵᠢᠱᠢᠶᠡᠯᠡᠪᠡᠯ ᠠᠴᠠᠩ ᠦᠨᠳᠦᠰᠦᠲᠡᠨ᠂ ᠪᠦᠯᠠᠩ ᠦᠨᠳᠦᠰᠦᠲᠡᠨ᠂ ᠤᠨ ᠦᠨᠳᠦᠰᠦᠲᠡᠨ ᠵᠡᠷᠭᠡ᠃︾    ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠴᠡᠯᠡᠭᠡᠷ ᠲᠠᠯ᠎ᠠ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ 5 ᠳ᠋ᠤᠭᠠᠷ ᠠᠩᠭᠢ ᠶᠢᠨ ᠬᠢᠴᠢᠶᠡᠯ ᠤᠨ ᠬᠡᠷ ᠲᠤ᠂ ᠨᠢᠭᠡ ᠤᠳᠠᠭᠠᠨ ᠤ ᠮᠡᠳᠡᠯᠭᠡ ᠶᠢᠨ ᠤᠷᠤᠯᠳᠤᠭᠠᠨ ᠤ ᠬᠢᠴᠢᠶᠡᠯ ᠶᠠᠭ ᠶᠠᠪᠤᠭᠳᠠᠵᠤ ᠪᠣᠶ᠂ ᠰᠤᠷᠤᠭᠴᠢᠳ ᠲᠠᠷᠢᠬᠢ ᠲᠣᠯᠣᠭᠠᠶ ᠪᠠᠨ ᠲᠦᠷᠭᠡᠨ ᠬᠥᠳᠡᠯᠭᠡᠵᠦ᠂ ᠪᠠᠭᠰᠢ ᠶᠢᠨ ᠳᠤᠷᠠᠳᠤᠭᠰᠠᠨ ᠠᠰᠠᠭᠤᠳᠠᠯ ᠢ ᠢᠳᠡᠪᠬᠢᠲᠡᠶ ᠪᠤᠯᠢᠶᠠᠯᠳᠤᠨ ᠬᠠᠷᠢᠭᠤᠯᠵᠤ᠂ ᠬᠢᠴᠢᠶᠡᠯ ᠤᠨ ᠲᠠᠩᠬᠢᠮ ᠳᠤ ᠪᠠᠶᠠᠷ ᠬᠥᠷ ᠢᠶᠠᠷ ᠪᠢᠯᠬᠠᠵᠤ ᠪᠠᠶᠢᠯ᠎ᠠ᠃    ᠰᠡᠷᠭᠦᠨ ᠮᠠᠨᠳᠤᠯᠲᠠ ᠶᠢᠨ ᠪᠠᠭ᠎ᠠ ᠰᠤᠷᠭᠠᠭᠤᠯᠢ ᠶᠢᠨ ᠭᠠᠷᠴᠠᠭ ︽ᠦᠨᠳᠦᠰᠦᠲᠡᠨ ᠤ ᠪᠦᠯᠬᠦᠮᠳᠡᠯ᠂ ᠪᠠᠭᠠᠴᠤᠳ ᠤᠨ ᠲᠡᠷᠢᠭᠦᠨ ᠪᠣᠯᠬᠤ ᠪᠠᠷ ᠴᠢᠷᠮᠠᠶᠢᠬᠤ︾ ᠭᠡᠬᠦ ᠰᠠᠮᠪᠠᠷ᠎ᠠ ᠶᠢᠨ ᠰᠣᠨᠢᠨ ᠴᠤ ᠰᠤᠷᠤᠭᠴᠢᠳ ᠤᠨ ᠵᠢᠷᠤᠯᠭ᠎ᠠ ᠵᠢᠷᠤᠭ ᠲᠤ ᠪᠣᠷᠣ ᠲᠥᠯᠥᠪ ᠢ ᠵᠢᠷᠤᠭᠯᠠᠵᠤ᠂ ᠰᠤᠷᠤᠭᠴᠢᠳ ᠳᠡᠪᠲᠡᠷ ᠳᠡᠭᠡᠷᠡᠬᠢ ᠠᠳᠠᠯᠢ ᠪᠤᠰᠤ ᠦᠨᠳᠦᠰᠦᠲᠡᠨ ᠤ ᠬᠤᠪᠴᠠᠰᠤ ᠵᠠᠰᠠᠯ ᠪᠣᠯᠤᠨ ᠠᠮᠢᠳᠤᠷᠠᠯ ᠤᠨ ᠵᠠᠩ ᠳᠠᠳᠬᠠᠯ ᠢ ᠬᠠᠮᠲᠤ ᠪᠠᠷ ᠬᠠᠷᠢᠴᠠᠭᠤᠯᠤᠨ ᠵᠢᠷᠤᠭ ᠵᠢᠷᠤᠵᠤ ᠰᠠᠨᠠᠯ ᠢᠶᠠᠨ ᠪᠢᠴᠢᠨ᠎ᠡ᠃ ᠰᠤᠷᠭᠠᠭᠤᠯᠢ ᠨᠢ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠭᠠᠷ ᠬᠠᠭᠤᠯᠤᠮᠠᠯ ᠰᠣᠨᠢᠨ᠂ ᠵᠢᠷᠤᠭ᠂ ᠴᠠᠭᠠᠰᠤᠨ ᠬᠠᠶᠢᠴᠢᠯᠠᠮᠠᠯ᠂ ᠤᠷᠠᠨ ᠪᠢᠴᠢᠯᠭᠡ᠂ ᠳᠠᠭᠤᠤ᠂ ᠪᠥᠵᠢᠭ᠂ ᠭᠠᠷ ᠤᠷᠠᠯᠠᠯ ᠤᠨ ᠪᠦᠲᠦᠭᠡᠯ ᠵᠡᠷᠭᠡ ᠪᠠᠷ ᠳᠠᠮᠵᠢᠭᠤᠯᠤᠨ ᠰᠤᠷᠤᠭᠴᠢᠳ ᠤᠨ ᠳᠤᠮᠳᠠᠳᠤ ᠶᠢᠨ ᠰᠣᠶᠣᠯ ᠳᠠᠬᠢ ᠬᠠᠶᠢᠷ᠎ᠠ ᠪᠠ ᠣᠶᠢᠯᠠᠭᠠᠯᠲᠠ ᠶᠢ ᠢᠯᠡᠷᠡᠭᠦᠯᠪᠡ᠃    ᠲᠦᠮᠡᠳ ᠪᠠᠷᠠᠭᠤᠨ ᠬᠤᠰᠢᠭᠤᠨ ᠤ ᠡᠯ᠎ᠡ ᠰᠤᠷᠭᠠᠭᠤᠯᠢ ᠶᠢᠨ ᠬᠦᠷᠢᠶᠡᠨ ᠳᠤ ᠣᠷᠣᠭᠰᠠᠨ ᠤ ᠳᠠᠷᠠᠭ᠎ᠠ᠂ ᠬᠡᠦᠬᠡᠳ ᠤᠳ ᠤᠨ ᠵᠢᠷᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠷᠤᠭ ᠤᠳ ᠨᠢᠳᠦᠨ ᠳᠤ ᠲᠣᠳᠣᠷᠠᠵᠤ᠂ ᠠᠭᠤᠯᠭ᠎ᠠ ᠪᠠᠷ ᠪᠠᠶᠠᠯᠢᠭ ᠦᠨᠳᠦᠰᠦᠲᠡᠨ ᠤ ᠰᠣᠶᠣᠯ ᠤᠨ ᠬᠥᠮᠦᠵᠢᠯ ᠤᠨ ᠬᠢᠴᠢᠶᠡᠯ ᠬᠠᠩᠭᠢᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠥᠷᠨᠢᠭᠦᠯᠬᠦ ᠶᠠᠪᠤᠴᠠ ᠳᠤ᠂ ᠲᠦᠮᠡᠳ ᠪᠠᠷᠠᠭᠤᠨ ᠬᠤᠰᠢᠭᠤᠨ ᠤ ᠡᠯ᠎ᠡ ᠰᠤᠷᠭᠠᠭᠤᠯᠢ ᠨᠢ ᠥᠪᠡᠷ ᠥᠪᠡᠷ ᠤᠨ ᠳᠠᠪᠠᠭᠤᠯᠢᠭ ᠢᠶᠠᠨ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠳᠤ ᠪᠥᠬᠦ ᠲᠠᠯ᠎ᠠ ᠪᠠᠷ ᠠᠭᠤᠰᠤᠯᠴᠠᠭᠤᠯᠪᠠ᠃    ᠡᠯ᠎ᠡ ᠰᠤᠷᠭᠠᠭᠤᠯᠢ ᠶᠢᠨ ᠬᠤᠩᠭᠢᠯ ᠳᠤ᠂ ᠬᠡᠦᠬᠡᠳ ᠤᠳ ᠤᠨ ᠦᠢᠯᠡᠳᠦᠭᠰᠡᠨ ᠭᠠᠷ ᠤᠷᠠᠯᠠᠯ ᠤᠨ ᠪᠦᠲᠦᠭᠡᠯ ᠪᠣᠯᠤᠨ ᠭᠠᠷ ᠤᠷᠠᠯᠠᠯ ᠤᠨ ᠪᠦᠲᠦᠭᠡᠯ ᠢ ᠲᠡᠷᠢ ᠲᠡᠭᠰᠢ ᠵᠢᠭᠰᠠᠭᠠᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾᠂ ︽ᠤᠯᠤᠰ ᠤᠨ ᠲᠤᠭ ᠰᠡᠳᠬᠢᠯ ᠳᠤ ᠪᠣᠶ︾᠂ ︽ᠪᠢ ᠡᠬᠡ ᠤᠯᠤᠰ ᠲᠠᠢ ᠪᠠᠨ︾ ᠵᠡᠷᠭᠡ ᠪᠦᠲᠦᠭᠡᠯ ᠨᠢ ᠬᠡᠦᠬᠡᠳ ᠤᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ᠂ ᠠᠮᠢᠳᠤᠷᠠᠯ ᠢᠶᠠᠨ ᠬᠠᠶᠢᠷᠠᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠵᠡᠶ᠃    ᠦᠳᠡᠰᠢ ᠶᠢᠨ ᠪᠦᠷᠦᠶ ᠪᠣᠯᠬᠤ ᠳᠤ᠂ ᠮᠠᠰᠢ ᠣᠯᠠᠨ ᠬᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠰᠠᠨᠠᠭᠠᠴᠢᠯᠠᠭ᠎ᠠ ᠠᠴᠠ ᠪᠠᠨ ᠲᠦᠮᠡᠳ ᠪᠠᠷᠠᠭᠤᠨ ᠬᠤᠰᠢᠭᠤᠨ ᠤ ᠰᠠᠭᠠᠯᠢᠴᠢᠨ ᠠᠭᠤᠳᠠᠮ ᠲᠠᠯᠠᠪᠠᠶ ᠶᠢᠨ ᠵᠣᠨ ᠤ ᠠᠮᠠᠷᠠᠯᠲᠠ ᠶᠢᠨ ᠠᠵᠢᠯᠯᠠᠭ᠎ᠠ ᠶᠢᠨ ᠠᠬᠤᠶ ᠲᠠᠯᠠᠪᠠᠶ ᠳᠤ ᠬᠦᠷᠴᠦ᠂ ᠠᠳᠡ ᠡᠷᠭᠢᠯᠡᠭᠰᠡᠨ ᠦᠨᠳᠦᠰᠦᠲᠡᠨ ᠤ ᠪᠦᠯᠬᠦᠮᠳᠡᠯ ᠤᠨ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠪᠠᠶᠠᠷ ᠤᠨ ᠤᠷᠠᠨ ᠰᠠᠶᠢᠬᠠᠨ ᠤ ᠲᠣᠭᠯᠠᠯᠲᠠ ᠶᠢᠨ ᠠᠭᠤᠯᠭ᠎ᠠ ᠨᠢ ᠣᠯᠠᠨ ᠶᠠᠩᠵᠤ ᠶᠢᠨ ᠭᠤᠶᠢᠳᠠ ᠰᠠᠶᠢᠬᠠᠨ ᠪᠣᠯᠵᠠᠶ᠃ ᠪᠠᠭᠰᠢ ᠪᠣᠯᠤᠨ ᠰᠤᠷᠤᠭᠴᠢᠳ ᠳᠠᠭᠤᠤ ᠪᠥᠵᠢᠭ ᠤᠨ ᠲᠣᠭᠯᠠᠯᠲᠠ᠂ ᠰᠢᠯᠦᠭ ᠳᠠᠭᠤᠯᠠᠯ ᠤᠨ ᠤᠷᠠᠨ ᠤᠩᠰᠢᠯᠭ᠎ᠠ᠂ ᠱᠤᠭ ᠵᠦᠴᠦᠭᠡ ᠵᠡᠷᠭᠡ ᠪᠠᠷ ᠦᠨᠳᠦᠰᠦᠲᠡᠨ ᠤ ᠪᠦᠯᠬᠦᠮᠳᠡᠯ ᠪᠣᠯ ᠨᠢᠭᠡ ᠭᠡᠷ ᠤᠨ ᠬᠥᠮᠦᠨ ᠮᠡᠲᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠳᠬᠡᠵᠦ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠰᠤᠷᠤᠭᠴᠢᠳ ᠤᠨ ᠰᠡᠳᠬᠢᠯ ᠳᠤ ᠭᠦᠨ ᠬᠠᠳᠠᠩᠰᠢᠭᠤᠯᠪᠠ᠃    ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠨᠠᠮ ᠪᠣᠯᠤᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠨ᠎ᠠ᠂ ᠡᠷᠬᠡᠪᠰᠢ ᠵᠠᠯᠠᠭᠤᠴᠤᠳ ᠪᠠᠭᠠᠴᠤᠳ ᠠᠴᠠ ᠡᠬᠢᠯᠡᠨ ᠠᠳᠬᠤᠬᠤ ᠬᠡᠷᠡᠭᠲᠡᠢ᠃ ᠪᠢᠳᠡ ᠪᠠᠶᠠᠯᠢᠭ ᠰᠠᠶᠢᠬᠠᠨ ᠠᠵᠢᠯᠯᠠᠭ᠎ᠠ ᠪᠠᠷ ᠳᠠᠮᠵᠢᠭᠤᠯᠤᠨ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠶ᠃︾ ᠭᠡᠵᠦ ᠲᠦᠮᠡᠳ ᠪᠠᠷᠠᠭᠤᠨ ᠬᠤᠰᠢᠭᠤᠨ ᠤ ᠴᠡᠯᠡᠭᠡᠷ ᠲᠠᠯ᠎ᠠ ᠪᠠᠭ᠎ᠠ ᠰᠤᠷᠭᠠᠭᠤᠯᠢ ᠶᠢᠨ ᠵᠠᠬᠢᠷᠤᠯ ᠶᠢᠨ ᠸᠧᠨ ᠯᠢ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号