ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/1/10
    ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠵᠢᠯ ᠤᠨ ᠡᠴᠦᠰ ᠴᠠᠭᠠᠨ ᠰᠠᠷ᠎ᠠ ᠶᠢᠨ ᠡᠬᠢᠨ ᠤ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠪᠢᠴᠢᠭ ᠮᠠᠲ᠋ᠧᠷᠢᠶᠠᠯ ᠪᠠᠭᠤᠯᠭᠠᠵᠤ ᠪᠠᠶᠢᠷᠢᠯᠠᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠬᠠᠭᠤᠯᠤᠨ ᠪᠣᠯᠪᠠᠰᠤᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠷᠢᠶ᠎ᠠ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠪᠠ᠃    ᠥᠨᠳᠥᠷ ᠪᠠᠶᠢᠷᠢ ᠠᠴᠠ ᠪᠠᠶᠢᠷᠢᠯᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠦᠨ᠎ᠡ᠃ ᠬᠤᠲᠠ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠪᠢᠴᠢᠭ ᠮᠠᠲ᠋ᠧᠷᠢᠶᠠᠯ ᠪᠠᠭᠤᠯᠭᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠰᠠᠯᠪᠤᠷᠢ ᠠᠩᠭᠢ ᠲᠡᠷᠡ ᠳᠠᠷᠤᠶ ᠳᠤᠨᠢ ᠬᠥᠳᠡᠯᠦᠯᠴᠡᠵᠦ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠡᠯ᠎ᠡ ᠲᠥᠷᠥᠯ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠭᠤᠤᠯ ᠠᠭᠤᠯᠭ᠎ᠠ ᠶᠢ ᠲᠣᠳᠣᠷᠬᠠᠶᠢᠯᠠᠵᠤ᠂ ᠴᠢᠭᠯᠡᠭᠦᠯᠦᠯᠲᠦ ᠴᠢᠨᠠᠷᠲᠠᠶ ᠪᠠᠷ ᠬᠠᠪᠰᠤᠷᠤᠨ ᠲᠡᠳᠬᠦᠵᠦ ᠵᠢᠭᠠᠨ ᠵᠢᠯᠣᠭᠤᠳᠴᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠠᠨᠠᠭᠤᠯᠤᠮᠵᠢ ᠶᠢ ᠪᠠᠭᠤᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃    ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠰᠠᠯᠪᠤᠷᠢ ᠠᠩᠭᠢ ᠬᠠᠷᠢᠶ᠎ᠠ ᠣᠷᠣᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠦᠷᠢᠨ ᠪᠦᠲᠦᠨ ᠪᠦᠲᠦᠮᠵᠢᠲᠡᠶ ᠪᠠᠶᠢᠬᠤ ᠡᠰᠡᠬᠦ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠬᠡᠷᠡᠭᠯᠡᠬᠦ ᠨᠢ ᠠᠮᠤᠷ ᠲᠦᠪᠰᠢᠨ ᠵᠢᠷᠤᠮᠵᠢᠯ ᠲᠠᠢ ᠪᠠᠶᠢᠬᠤ ᠡᠰᠡᠬᠦ᠂ ᠳᠡᠯᠭᠡᠭᠦᠷ ᠫᠦᠰᠡ ᠶᠢᠨ ᠳᠣᠲᠣᠷ᠎ᠠ ᠲᠣᠭᠲᠠᠭᠠᠯ ᠠᠴᠠ ᠵᠥᠷᠢᠴᠡᠨ ᠬᠥᠮᠦᠨ ᠰᠠᠭᠤᠵᠤ ᠪᠠᠶᠢᠬᠤ ᠡᠰᠡᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ ᠪᠠ ᠴᠠᠬᠢᠯᠭᠠᠨ ᠴᠡᠨᠡᠭᠯᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠠᠮᠢᠶᠠᠷᠤᠭᠴᠢ ᠪᠣᠯᠤᠨ ᠬᠤᠳᠠᠯᠳᠤᠭ᠎ᠠ ᠳᠡᠯᠭᠡᠭᠦᠷ ᠤᠨ ᠡᠵᠡᠨ ᠢ ᠴᠠᠭ ᠲᠤᠬᠠᠶ ᠳᠤᠨᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠵᠠᠬᠢᠪᠠ᠃    ᠠᠷᠭ᠎ᠠ ᠵᠠᠮ ᠢᠶᠠᠨ ᠥᠷᠭᠡᠳᠬᠡᠵᠦ᠂ ᠭᠠᠯ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠬᠦ᠃ ᠰᠠᠯᠪᠤᠷᠢ ᠠᠩᠭᠢ ᠨᠢ ᠡᠯ᠎ᠡ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ᠂ ᠬᠤᠳᠠᠯᠳᠤᠭᠠᠴᠢᠨ ᠡᠷᠦᠬᠡ ᠪᠣᠯᠤᠨ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠥᠨᠳᠡᠯᠡᠨ ᠪᠢᠴᠢᠭᠡᠰᠦ ᠡᠯᠭᠦᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠤᠳᠠᠯᠳᠤᠭᠠᠴᠢᠳ ᠢ ᠵᠢᠯᠣᠭᠤᠳᠤᠨ ᠭᠠᠯ ᠤᠨ ᠠᠶᠤᠯ ᠤᠨ ᠳᠠᠯᠳᠠ ᠭᠡᠮ ᠢ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠬᠡᠷᠡᠭᠲᠡᠶ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠲᠠᠨ ᠪᠣᠯᠤᠨ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ ᠶᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠵᠦ᠂ ᠭᠠᠯ ᠤᠨ ᠠᠶᠤᠯ ᠢ ᠬᠡᠷᠬᠢᠨ ᠰᠡᠷᠭᠡᠶᠢᠯᠡᠬᠦ᠂ ᠠᠩᠬᠠᠨ ᠤ ᠬᠤᠭᠤᠴᠠᠭᠠᠨ ᠳᠤ ᠭᠠᠯ ᠤᠨ ᠠᠶᠤᠯ ᠢ ᠬᠡᠷᠬᠢᠨ ᠰᠢᠢᠳᠪᠦᠷᠢᠯᠡᠬᠦ᠂ ᠲᠠᠷᠬᠠᠭᠠᠵᠤ ᠠᠮᠢ ᠵᠢᠭᠤᠲᠠᠬᠤ ᠤᠷ᠎ᠠ ᠮᠡᠷᠭᠡᠵᠢᠯ᠂ ᠡᠯ᠎ᠡ ᠲᠥᠷᠥᠯ ᠤᠨ ᠭᠠᠯ ᠤᠨᠲᠠᠷᠠᠭᠠᠬᠤ ᠬᠡᠷᠡᠭᠰᠡᠯ ᠢ ᠬᠡᠷᠬᠢᠨ ᠵᠥᠪ ᠬᠡᠷᠡᠭᠯᠡᠬᠦ ᠵᠡᠷᠭᠡ ᠠᠭᠤᠯᠭ᠎ᠠ ᠶᠢ ᠲᠠᠶᠢᠯᠪᠤᠷᠢᠯᠠᠨ᠎ᠠ᠃ ᠲᠧᠯᠸᠢᠰ᠂ ᠷᠠᠳᠢᠣ᠋ ᠨᠡᠪᠲᠡᠷᠡᠭᠦᠯᠭᠡ᠂ ᠬᠡᠷ ᠤᠨ ᠭᠠᠳᠠᠨᠠᠬᠢ ᠳᠡᠯᠭᠡᠴᠡ ᠵᠡᠷᠭᠡ ᠵᠠᠭᠤᠴᠢᠯᠠᠭᠤᠷ ᠪᠣᠯᠤᠨ ᠪᠢᠴᠢᠯ ᠪᠦᠷᠭᠡ᠂ ᠸᠢᠴᠠᠲ᠂ ᠴᠣᠣᠷᠢᠶ᠎ᠠ ᠵᠡᠷᠭᠡ ᠣᠯᠠᠨ ᠨᠡᠶᠢᠲᠡ ᠶᠢᠨ ᠨᠣᠮᠧᠷ ᠢ ᠭᠦᠢᠴᠡᠳ ᠠᠰᠢᠭᠯᠠᠨ᠂ ᠭᠠᠯ ᠤᠨ ᠭᠠᠮᠰᠢᠭ ᠤᠨ ᠬᠤᠤᠷ ᠬᠥᠨᠥᠭᠡᠯ ᠪᠠ ᠤᠷᠢᠳᠴᠢᠯᠠᠨ ᠰᠡᠷᠭᠡᠶᠢᠯᠡᠬᠦ ᠡᠯ᠎ᠡ  ᠵᠦᠢᠯ ᠤᠨ ᠠᠷᠭ᠎ᠠ ᠬᠡᠮᠵᠢᠶ᠎ᠡ ᠵᠢᠴᠢ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号