1 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ | ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠷᠤᠯᠴᠠᠵᠤ | ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠦᠵᠡᠯ ᠰᠠᠨᠠᠭ᠎ᠠ ᠪᠣᠯᠣᠨ | ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠦᠭᠡ ᠬᠡᠯᠡᠵᠡᠢ᠃ | ᠰᠦᠨ ᠱᠤᠤ ᠴᠧᠩ ᠮᠠᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠣᠯᠲᠠ ᠪᠠᠨ ᠴᠥᠬᠦᠷᠡᠰᠢ ᠦᠭᠡᠢ | ᠠᠬᠢᠭᠤᠯᠤᠭᠰᠠᠨ ᠥᠩᠭᠡᠷᠡᠯᠲᠡ ᠶᠢ ᠡᠷᠭᠢᠴᠡᠭᠦᠯᠵᠦ᠂ ᠣᠶᠢᠷ᠎ᠠ ᠶᠢᠨ ᠵᠢᠯ ᠤᠨ ᠲᠤᠷᠰᠢᠬᠢ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠬᠢᠳᠡᠯ ᠪᠠ ᠦᠷ᠎ᠡ ᠪᠦᠲᠦᠮᠵᠢ ᠶᠢ ᠳ᠋ᠦᠩᠨᠡᠵᠦ᠂ | ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠳᠣᠲᠣᠭᠠᠳᠤ | ᠭᠠᠳᠠᠭᠠᠳᠤ ᠰᠢᠯᠲᠠᠭᠠᠨ ᠢ ᠭᠦᠨᠵᠡᠭᠡᠢ ᠵᠠᠳᠠᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ | ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠴᠠᠢ᠃ | ᠰᠦᠨ ᠱᠤᠤ ᠴᠧᠩ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ | ᠡᠷᠬᠡᠪᠰᠢ ᠵᠥᠪ ᠪᠤᠷᠤᠭᠤ ᠬᠤᠶᠠᠷ ᠲᠠᠯ᠎ᠠ ᠠᠴᠠ ᠬᠠᠮᠵᠢᠯᠴᠠᠨ ᠬᠦᠴᠦᠯᠡᠵᠦ᠂ ᠰᠤᠷᠭᠠᠨ ᠬᠥᠮᠥᠵᠢᠭᠦᠯᠵᠦ ᠬᠥᠲᠥᠯᠥᠨ | ᠵᠢᠯᠤᠭᠤᠳᠬᠤ ᠪᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷ ᠳᠠᠮᠵᠢᠭᠤᠯᠤᠨ ᠪᠦᠭᠦ ᠣᠷᠣᠨ ᠤ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠨᠠᠭᠠᠴᠢᠯᠠᠭ᠎ᠠ ᠠᠴᠠ ᠪᠠᠨ ︽ᠪᠡᠶ᠎ᠡ ᠪᠠᠨ ᠪᠠᠷᠢᠬᠤ︾ ᠶᠢ | ᠴᠢᠩᠭᠠᠳᠬᠠᠵᠤ᠂ ︽ᠱᠠᠭᠠᠷᠳᠠᠭᠤᠯᠬᠤ︾ ᠶᠢ ᠢᠳᠡᠪᠬᠢᠲᠡᠢ ᠪᠠᠷ ᠭᠥᠯᠢᠶᠡᠨ ᠠᠪᠬᠤ ᠶᠢ ᠠᠬᠢᠭᠤᠯᠬᠤ ᠬᠡᠷᠡᠭᠲᠡᠢ᠃ | ᠰᠠᠬᠢᠯᠭ᠎ᠠ ᠪᠠᠲᠤ ᠶᠢᠨ ᠬᠥᠮᠦᠵᠢᠯ ᠢ ᠰᠤᠯᠠᠷᠠᠭᠤᠯᠤᠯ ᠦᠭᠡᠢ ᠪᠠᠶᠢᠩᠭᠤ ᠠᠳᠬᠤᠵᠤ᠂ ︽ᠨᠢᠭᠡᠳᠦᠭᠡᠷ ᠬᠠᠷᠢᠭᠤᠴᠠᠯᠭᠠᠲᠠᠨ | ︾᠂ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠬᠦ ᠺᠠᠳ᠋ᠷ ᠵᠡᠷᠭᠡ ᠭᠤᠣᠯᠳᠠᠯᠭ᠎ᠠ ᠲᠠᠢ ᠬᠥᠮᠥᠰ ᠢ ᠲᠣᠪᠤᠶᠢᠯᠭᠠᠨ᠂ ᠭᠡᠷ ᠤᠨ | ᠰᠤᠷᠲᠠᠯ ᠭᠡᠷ ᠤᠨ ᠬᠥᠮᠦᠵᠢᠯ ᠭᠡᠷ ᠤᠨ ᠰᠤᠷᠭᠠᠯ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠠᠬᠢᠯᠭ᠎ᠠ | ᠪᠠᠲᠤ ᠶᠢ ᠵᠥᠷᠢᠴᠡᠭᠰᠡᠨ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠨ᠂ ᠬᠥᠮᠥᠰ ᠤᠨ ᠲᠠᠷᠢᠬᠢ ᠲᠣᠯᠣᠭᠠᠢ ᠳᠤ ᠰᠠᠬᠢᠯᠭ᠎ᠠ | ᠪᠠᠲᠤ ᠶᠣᠰᠣ ᠳᠦᠷᠢᠮ ᠤᠨ ︽ᠵᠠᠮ ᠤᠨ ᠳᠤᠭᠢᠶᠠᠨ ᠤ ᠳ᠋ᠧᠩ︾ ᠲᠠᠭᠠᠷᠠᠭᠤᠯᠬᠤ ᠬᠡᠷᠡᠭᠲᠡᠢ᠃ ᠬᠢᠨᠠᠯᠲᠠ | ᠲᠠᠯᠪᠢᠬᠤ ᠳᠤ ᠪᠠᠨ ᠤᠴᠢᠷ ᠶᠠᠪᠤᠳᠠᠯ ᠢ ᠡᠷᠲᠡ ᠠᠴᠠ ᠪᠣᠳᠣᠯᠬᠢᠯᠠᠵᠤ᠂ ︽ᠭᠠᠵᠢᠭᠤ ᠪᠤᠷᠤᠭᠤ ᠶᠢ ᠦᠵᠡᠵᠦ ᠴᠢᠳᠠᠬᠤ | ᠦᠭᠡᠢ︾ ᠪᠠᠶᠢᠬᠤ ᠨᠠᠷᠢᠨ ᠬᠢᠨᠠᠮᠠᠭᠠᠢ ᠡᠷᠴᠢ ᠵᠣᠷᠢᠭ ᠢᠶᠠᠷ᠂ ᠡᠷᠬᠡ ᠲᠥᠪᠯᠡᠷᠡᠭᠰᠡᠨ᠂ ᠪᠡᠯᠡ ᠮᠥᠩᠭᠦ ᠲᠥᠪᠯᠡᠷᠡᠭᠰᠡᠨ᠂ | ᠡᠬᠢ ᠪᠠᠶᠠᠯᠢᠭ ᠲᠥᠪᠯᠡᠷᠡᠭᠰᠡᠨ ᠬᠦᠷᠢᠶ᠎ᠡ ᠪᠣᠯᠣᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠤᠴᠢᠷ ᠶᠠᠪᠤᠳᠠᠯ ᠢ | ᠴᠢᠩᠭ᠎ᠠ ᠠᠩᠬᠠᠷᠴᠤ᠂ ᠣᠨᠳᠣᠣ ᠭᠠᠵᠠᠷ ᠲᠤ ᠪᠠᠶᠢᠴᠠᠭᠠᠬᠤ᠂ ᠲᠡᠰ ᠳᠡᠪᠰᠢᠭᠦᠯᠦᠨ ᠬᠢᠨᠠᠯᠲᠠ ᠲᠠᠯᠪᠢᠬᠤ ᠵᠡᠷᠭᠡ | ᠲᠣᠭᠲᠠᠴᠠ ᠶᠢ ᠪᠦᠷᠢᠨᠰᠢᠭᠦᠯᠵᠦ᠂ ᠴᠠᠭ ᠲᠤᠬᠠᠢᠳᠦ ᠨᠢ ᠠᠰᠠᠭᠤᠳᠠᠯ ᠢ ᠢᠯᠡᠷᠡᠭᠦᠯᠵᠦ᠂ ᠬᠠᠨᠳᠤᠰᠢ ᠶᠢ ᠡᠵᠡᠮᠳᠡᠵᠦ᠂ ︽ | ᠭᠠᠷ ᠢᠶᠠᠨ ᠪᠢᠲᠡᠭᠡᠢ ᠰᠤᠩᠭᠠ᠂ ᠰᠤᠩᠭᠠᠪᠠᠯ ᠯᠠᠪᠲᠠᠢ ᠪᠠᠷᠢᠭᠳᠠᠬᠤ︾ ᠰᠦᠷᠳᠡᠭᠦᠯᠦᠯ ᠢ ᠴᠢᠩᠭᠠᠳᠬᠠᠬᠤ ᠬᠡᠷᠡᠭᠲᠡᠢ᠃ | ᠵᠠᠯᠬᠠᠭᠠᠨ ᠰᠢᠢᠳᠬᠡᠬᠦ ᠳᠤ ᠰᠠᠬᠢᠯᠭ᠎ᠠ ᠪᠠᠲᠤ ᠶᠢ ᠵᠦᠷᠢᠴᠡᠭᠰᠡᠳ ᠳᠤ ᠡᠪᠡᠳᠬᠦ ᠶᠢ ᠮᠡᠳᠡᠷᠡᠭᠦᠯᠵᠦ᠂ ᠠᠶᠤᠬᠤ ᠶᠢ | ᠮᠡᠳᠡᠭᠦᠯᠬᠦ ᠬᠡᠷᠡᠭᠲᠡᠢ᠂ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ ᠮᠠᠶ᠋ᠢᠭ︾ ᠤᠨ ᠬᠠᠷᠢᠭᠤᠴᠠᠯᠭ᠎ᠠ ᠨᠡᠬᠡᠮᠵᠢᠯᠡᠬᠦ | ᠶᠠᠪᠤᠳᠠᠯ ᠢ ᠬᠢᠬᠦ ᠦᠭᠡᠢ ᠮᠥᠷᠲᠡᠭᠡᠨ ᠪᠠᠰᠠ ᠲᠡᠳᠡᠭᠡᠷ ᠬᠦᠨᠳᠦ ᠪᠠᠷ ᠦᠵᠡᠵᠦ ᠪᠠᠢᠭᠠᠳ ᠬᠥᠩᠭᠡᠨ ᠢᠶᠠᠷ ᠰᠢᠢᠳᠭᠡᠬᠦ᠂ | ︽ᠭᠤᠷᠪᠠᠨ ᠭᠡᠮ ᠠᠷᠢᠬᠢ ᠪᠠᠷ ᠲᠤᠷᠭᠠᠭᠤᠭᠠᠳ ᠪᠣᠯᠭᠠᠬᠤ︾ ᠶᠠᠪᠤᠳᠠᠯ ᠢ ᠬᠢᠵᠦ ᠪᠤᠯᠬᠤ ᠦᠭᠡᠢ᠂ ᠮᠡᠳᠡᠵᠦ ᠪᠠᠶᠢᠭᠠᠳ | ᠵᠣᠷᠢᠭᠤᠳᠠ ᠵᠦᠷᠢᠴᠡᠭᠰᠡᠨ᠂ ᠰᠠᠬᠢᠯᠭ᠎ᠠ ᠪᠠᠲᠤ ᠶᠢ ᠵᠢᠷᠦᠮᠯᠡᠭᠰᠡᠨ ᠦᠭᠡᠢ ᠪᠠᠶᠢᠪᠠᠯ ᠬᠦᠨᠳᠦ ᠪᠠᠷ ᠰᠢᠢᠳᠭᠡᠵᠦ᠂ | ᠴᠡᠭᠡᠷᠯᠡᠯ ᠪᠣᠯᠭᠠᠬᠤ ᠬᠡᠷᠡᠭᠲᠡᠢ᠃ ᠠᠷᠢᠭᠤᠨ ᠴᠢᠬᠡᠴᠢ ᠶᠢᠨ ᠰᠣᠶᠣᠯ ᠤᠨ ᠪᠠᠶᠢᠭᠤᠯᠤᠯᠲᠠ ᠶᠢ ᠴᠠᠭ ᠲᠤᠬᠠᠢ ᠳᠤ ᠨᠢ | ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠡᠭᠠᠨ | ᠥᠷᠨᠢᠭᠦᠯᠬᠦ ᠯᠦᠭᠡ ᠤᠶᠠᠯᠳᠤᠭᠤᠯᠤᠨ᠂ ᠰᠠᠬᠢᠯᠭ᠎ᠠ ᠪᠠᠲᠤ ᠶᠢ ᠰᠠᠬᠢᠬᠤ ᠪᠠᠷ ᠢᠷᠠᠭᠤ ᠠᠯᠳᠠᠷ ᠢᠶᠠᠨ ᠪᠣᠯᠭᠠᠭᠰᠠᠨ᠂ | ᠰᠠᠬᠢᠯᠭ᠎ᠠ ᠪᠠᠲᠤ ᠶᠢ ᠵᠦᠷᠢᠴᠡᠪᠡᠰᠦ ᠢᠴᠢᠭᠦᠷᠢ ᠭᠤᠲᠤᠮᠰᠢᠭ ᠲᠠᠢ ᠭᠡᠰᠡᠨ ᠨᠡᠶᠢᠭᠡᠮ ᠤᠨ ᠠᠭᠤᠷ ᠠᠮᠢᠰᠬᠤᠯ ᠢ ᠪᠦᠭᠦ | ᠲᠠᠯ᠎ᠠ ᠪᠠᠷ ᠪᠤᠢ ᠪᠤᠯᠭᠠᠬᠤ ᠬᠡᠷᠡᠭᠲᠡᠢ᠃ ᠬᠥᠮᠦᠵᠢᠯ ᠬᠢᠵᠠᠭᠠᠷᠯᠠᠯ ᠪᠣᠯᠣᠨ ᠪᠠᠲᠤᠯᠠᠭ᠎ᠠ ᠵᠣᠷᠢᠭᠵᠢᠭᠤᠯᠤᠯ ᠢ ᠵᠡᠷᠭᠡ ᠳᠤ ᠨᠢ | ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠪᠠᠶᠢᠭᠠᠳ ︽ᠨᠠᠮ ᠤᠨ | ᠰᠠᠬᠢᠯᠭ᠎ᠠ ᠪᠠᠲᠤ ᠪᠣᠯᠣᠨ ᠠᠵᠢᠯ ᠬᠢᠵᠦ ᠦᠢᠯᠡᠰ ᠪᠣᠰᠬᠠᠬᠤ ᠪᠣᠯ ᠳᠣᠲᠣᠭᠠᠳᠤ ᠳᠤ ᠪᠠᠨ ᠨᠢᠭᠡᠳᠦᠯᠲᠡᠢ ᠪᠠᠶᠢᠳᠠᠭ︾ | ᠭᠡᠳᠡᠭ ᠢ ᠭᠦᠨᠵᠡᠭᠡᠢ ᠲᠠᠨᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠪᠣᠯᠣᠨ ᠵᠠᠭᠠᠭ ᠬᠢᠵᠠᠭᠠᠷ ᠢ ᠴᠢᠩᠭ᠎ᠠ | ᠰᠠᠬᠢᠭᠰᠠᠨ ᠤᠷᠢᠲᠠᠯ ᠳᠣᠣᠷ᠎ᠠ ᠨᠡᠩ ᠰᠠᠶᠢᠲᠤᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠃ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠥᠬᠦᠳ ᠪᠡᠶ᠎ᠡ ᠪᠠᠨ ᠴᠢᠩᠭ᠎ᠠ ᠱᠠᠭᠠᠷᠳᠠᠵᠤ᠂ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠭᠦ ᠣᠷᠣᠨ ᠤ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠤᠳᠤᠷᠢᠳᠤᠭᠴᠢ᠂ ᠭᠦᠢᠴᠡᠳᠭᠡᠭᠴᠢ᠂ ᠠᠬᠢᠭᠤᠯᠤᠭᠴᠢ ᠪᠤᠯᠬᠤ ᠬᠡᠷᠡᠭᠲᠡᠢ | ᠭᠡᠪᠡ᠃ | |