| | | | 1 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠪᠥᠬᠦ ᠤᠯᠤᠰ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠵᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ | ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠶᠢ ᠨᠠᠷᠢᠨ ᠬᠢᠨᠠᠮᠠᠭᠠᠶ | ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ᠂ ᠠᠮᠢ ᠨᠠᠰᠤ ᠡᠷᠬᠢᠮ ᠳᠡᠭᠡᠳᠦ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ | ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠤᠭ᠎ᠠ ᠲᠣᠬᠢᠷᠠᠯᠴᠠᠭᠰᠠᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠴᠢᠳᠠᠪᠤᠷᠢ ᠶᠢ ᠲᠦᠷᠭᠡᠳᠬᠡᠨ ᠪᠠᠶᠢᠭᠤᠯᠬᠤ ᠬᠡᠷᠡᠭᠲᠡᠶ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠂ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠳᠤ ᠰᠢᠨ᠎ᠡ ᠬᠤᠪᠢ ᠨᠡᠮᠡᠷᠢ ᠦᠵᠡᠭᠦᠯᠪᠡ᠃ | ᠬᠤᠷᠠᠯ ᠠᠴᠠ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠠᠰᠠ ᠴᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠬᠠᠲᠠᠭᠤ ᠴᠢᠩᠭ᠎ᠠ ᠰᠢᠯᠭᠠᠯᠲᠠ ᠶᠢ ᠳᠠᠭᠠᠭᠠᠭᠰᠠᠨ ᠨᠢᠭᠡ ᠵᠢᠯ ᠪᠣᠯᠤᠨ᠎ᠠ᠃ | ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠴᠢᠩᠭᠠᠳᠬᠠᠬᠤ ᠶᠢ ᠪᠠᠷᠢᠮᠲᠠᠯᠠᠵᠤ᠂ | ᠰᠡᠷᠭᠡᠶᠢᠯᠡᠬᠦ ᠪᠠᠷ ᠭᠤᠣᠯ ᠪᠣᠯᠭᠠᠬᠤ ᠶᠢ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ | ᠪᠦᠬᠦ ᠬᠦᠴᠦ ᠪᠠᠷ ᠢᠶᠠᠨ ᠰᠡᠷᠭᠡᠶᠢᠯᠡᠨ ᠠᠷᠢᠯᠭᠠᠵᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠶᠢ | ᠴᠢᠩᠭ᠎ᠠ ᠠᠳᠬᠤᠵᠤ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠶᠡᠷᠦᠩᠬᠡᠶᠢᠯᠡᠨ | ᠵᠣᠬᠢᠴᠠᠭᠤᠯᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠰ ᠳᠡᠪᠰᠢᠭᠦᠯᠦᠨ ᠴᠢᠳᠠᠪᠤᠷᠢ ᠶᠢ ᠴᠢᠩᠭᠠᠳᠬᠠᠬᠤ ᠶᠢ | ᠳᠤᠪᠤᠶᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ | ᠂ ᠳᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠰᠢᠰᠲ᠋ᠧᠮ ᠢ ᠪᠦᠬᠦ ᠲᠠᠯ᠎ᠠ ᠪᠠᠷ ᠪᠦᠷᠢᠨᠰᠢᠬᠦᠯᠵᠤ᠂ ᠤᠯᠤᠰ ᠲᠦᠷᠦ ᠪᠠᠷ ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠪᠦᠬᠦ ᠤᠯᠤᠰ ᠤᠨ | ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠦᠷᠭᠦᠯᠵᠢᠯᠡᠨ | ᠪᠠᠭᠤᠷᠠᠵᠤ᠂ ᠬᠦᠨᠳᠦ ᠶᠡᠭᠡ ᠣᠨᠴᠠ ᠶᠡᠭᠡ ᠠᠳᠡᠯ ᠢᠯᠡᠳᠲᠡ ᠪᠠᠭᠠᠰᠴᠤ᠂ ᠪᠠᠶᠢᠭᠠᠯᠢ ᠶᠢᠨ ᠭᠠᠮᠰᠢᠭ ᠤᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ | ᠰᠠᠶᠢᠬᠠᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠵᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠶᠡᠷᠦᠩᠬᠡᠶᠢᠯᠡᠨ ᠵᠠᠳᠠᠯᠵᠤ ᠭᠠᠷᠭᠠᠭᠰᠠᠨ ᠴᠢᠬᠤᠯᠠ | ᠲᠣᠬᠢᠷᠠᠭᠤᠯᠤᠯᠲᠠ ᠮᠥᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠰᠢᠨ᠎ᠡ | ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠪᠠᠰᠠ ᠴᠤ ᠲᠣᠰ | ᠪᠡᠶ᠎ᠡ ᠶᠢᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠠᠵᠢᠯ | ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠲᠥᠪ | ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠱᠠᠭᠠᠷᠳᠠᠯᠭ᠎ᠠ ᠳᠤ ᠵᠣᠬᠢᠴᠠᠭᠰᠠᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢ ᠪᠠᠶᠢᠭᠤᠯᠵ᠊᠂ ᠲᠣᠭᠲᠠᠴᠠ ᠶᠢᠨ ᠰᠢᠨ᠎ᠡ ᠶᠢ | ᠡᠭᠦᠳᠬᠦ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠶ᠃ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠤᠯ ᠠᠴᠠ ᠪᠠᠶᠢᠭᠰᠠᠨ ᠠᠮᠤᠷ ᠲᠦᠪᠰᠢᠨ ᠤ ᠰᠢᠨᠵᠢ ᠴᠢᠨᠠᠷ ᠢ | ᠪᠠᠷᠢᠮᠲᠠᠯᠠᠵᠤ᠂ ᠬᠥᠭᠵᠢᠯᠲᠡ ᠶᠢ ᠪᠠᠷᠢᠮᠲᠠᠯᠠᠬᠤ ᠬᠡᠷᠡᠭᠲᠡᠢ᠂ ᠶᠠᠭᠠᠬᠢᠭᠰᠠᠨ ᠴᠤ ᠬᠥᠮᠦᠨ ᠤ ᠠᠮᠢ ᠨᠠᠰᠤᠨ ᠤ ᠠᠮᠤᠷ | ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠬᠤ ᠡᠨᠡ ᠬᠦ ᠬᠤᠷᠢᠭ᠎ᠠ ᠱᠤᠭᠤᠮ ᠪᠣᠯᠭᠠᠵᠤ ᠪᠣᠯᠬᠤ | ᠦᠭᠡᠢ᠂ ᠪᠠᠰᠠ ᠪᠠᠶᠢᠪᠠᠰᠤ ᠵᠣᠬᠢᠬᠤ ᠬᠥᠭᠵᠢᠯᠲᠡ ᠶᠢᠨ ᠰᠢᠨᠵᠢ ᠴᠢᠨᠠᠷ ᠢ ᠴᠢᠩᠭᠠᠳᠬᠠᠵᠤ᠂ ᠬᠥᠭᠵᠢᠯᠲᠡ ᠳᠤ ᠰᠢᠨ᠎ᠡ | ᠬᠥᠳᠡᠯᠭᠡᠬᠦ ᠡᠨᠧᠷᠭᠢ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠤᠯ | ᠪᠣᠯᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠨᠠᠩ ᠰᠠᠶᠢᠲᠤᠷ ᠨᠢᠭᠡᠳᠦᠯᠲᠡᠶ | ᠲᠥᠯᠥᠪᠵᠢᠭᠦᠯᠵᠦ᠂ ᠲᠦᠷᠢᠮ ᠢ ᠪᠦᠷᠢᠨᠰᠢᠬᠦᠯᠬᠦ ᠪᠠᠷ ᠳᠠᠮᠵᠢᠭᠤᠯᠤᠨ ᠶᠡᠷᠦᠩᠬᠡᠶᠢᠯᠡᠭᠰᠡᠨ ᠳᠠᠪᠠᠭᠤᠯᠢᠭ ᠢᠶᠠᠨ ᠨᠠᠩ | ᠰᠠᠶᠢᠲᠤᠷ ᠪᠠᠳᠠᠷᠠᠭᠤᠯᠵᠤ᠂ ᠲᠤᠰᠬᠠᠶ ᠰᠠᠯᠠᠭ᠎ᠠ ᠮᠥᠴᠢᠷ ᠤᠨ ︽ᠰᠡᠷᠭᠡᠶᠢᠯᠡᠬᠦ︾ ᠠᠵᠢᠯ ᠢ ᠴᠢᠩᠭᠠᠳᠬᠠᠬᠤ ᠶᠢ | ᠬᠦᠴᠦᠯᠡᠨ ᠠᠬᠢᠭᠤᠯᠬᠤ ᠶᠢᠨ ᠬᠠᠮᠲᠤ ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠪᠠᠭ᠎ᠠ ᠳᠡᠭᠡᠷ᠎ᠡ ᠨᠢ | ᠰᠢᠢᠳᠪᠦᠷᠢᠯᠡᠬᠦ ᠶᠢ ᠪᠠᠷᠢᠮᠲᠠᠯᠠᠵᠤ᠂ ᠰᠢᠢᠳᠪᠦᠷᠢᠯᠡᠬᠦ ᠬᠠᠷᠢᠭᠤᠴᠠᠯᠭ᠎ᠠ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠲᠦᠷᠢᠮ ᠤᠨ ᠪᠠᠶᠢᠭᠤᠯᠤᠯᠲᠠ ᠪᠣᠯᠤᠨ ᠴᠢᠳᠠᠪᠤᠷᠢ ᠶᠢᠨ ᠳᠡᠭᠡᠭᠰᠢᠯᠡᠯᠲᠡ ᠶᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠲᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ︽ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠦᠷᠢᠮ︾ ᠢᠶᠠᠷ ︽ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠵᠠᠰᠠᠯᠲᠠ︾ ᠶᠢ ᠠᠬᠢᠭᠤᠯᠬᠤ ᠶᠢᠨ ᠬᠠᠮᠲᠤ ᠲᠦᠷᠢᠮ ᠤᠨ ᠠᠵᠢᠯᠯᠠᠭᠠᠨ ᠢ | ᠲᠤᠯᠭᠠᠭᠤᠷᠢᠯᠠᠬᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠠᠮᠰᠢᠭ ᠤᠨ ᠠᠳᠡᠯ ᠤᠨ ᠠᠶᠤᠯ ᠲᠦᠭᠰᠢᠭᠦᠷᠢ ᠵᠢᠴᠢ | ᠡᠭᠦᠰᠴᠦ ᠮᠡᠳᠡᠬᠦ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠡᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠤ ᠳᠡᠷᠭᠡᠳᠡᠬᠢ ᠭᠠᠮᠰᠢᠭ ᠤᠨ ᠠᠳᠡᠯ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢ ᠴᠢᠬᠤᠯᠠ ᠠᠴᠠ ᠴᠢᠬᠤᠯᠠ ᠶᠠᠪᠤᠳᠠᠯ ᠪᠣᠯᠭᠠᠨ ᠠᠳᠬᠤᠵᠤ᠂ ᠵᠥᠷᠢᠴᠡᠯ ᠠᠶᠤᠯ | ᠲᠦᠭᠰᠢᠭᠦᠷᠢ ᠶᠢ ᠠᠷᠢᠯᠭᠠᠬᠤ ᠠᠵᠢᠯ ᠢ ᠨᠠᠷᠢᠨ ᠨᠢᠭᠲᠠ ᠰᠠᠶᠢᠲᠤᠷ ᠬᠢᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠷ | ᠥᠭᠡᠷᠡᠴᠢᠯᠡᠯᠲᠡ ᠶᠢᠨ ᠠᠮᠤᠷ ᠲᠦᠪᠰᠢᠨ ᠤ ᠨᠡᠭᠡᠯᠡᠬᠡᠢ ᠶᠢ ᠪᠠᠶᠢᠭᠤᠯᠬᠤ ᠬᠡᠷᠡᠭᠲᠡᠢ᠃ | ᠬᠤᠷᠠᠯ ᠠᠴᠠ᠂ 2025 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠳᠤ ᠭᠤᠣᠯᠳᠠᠯᠭ᠎ᠠ ᠶᠢ ᠲᠤᠪᠤᠶᠢᠯᠭᠠᠨ ᠴᠡᠭ ᠢᠶᠠᠷ ᠨᠡᠶᠢᠳᠡᠮ ᠢ ᠳᠠᠶᠢᠴᠢᠯᠠᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠦᠷᠢᠮ ᠤᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠮᠥᠷᠳᠡᠨ ᠱᠠᠯᠠᠪᠳᠠᠭᠤᠯᠬᠤ ᠶᠢ ᠴᠢᠨᠠᠭᠰᠢᠳᠠ ᠴᠢᠩᠭᠠᠳᠬᠠᠵᠤ᠂ ᠬᠦᠨᠳᠦ ᠶᠡᠭᠡ | ᠠᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠳᠤᠲᠠᠭᠳᠠᠯ ᠢ ᠪᠠᠶᠢᠴᠠᠭᠠᠨ ᠨᠥᠬᠦᠪᠥᠷᠢᠯᠡᠬᠦ | ᠪᠠ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ ︽ᠠᠷᠠᠳ ᠤᠨ ᠠᠭᠠᠷ ᠤᠨ | ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠢᠨᠵᠧᠨᠧᠷᠢᠩ ᠤᠨ ᠰᠡᠷᠭᠡᠶᠢᠯᠡᠯᠳ᠋᠊᠂ ᠬᠠᠮᠢᠶᠠᠷᠤᠯᠲᠠ ᠶᠢᠨ ᠰᠡᠷᠭᠡᠶᠢᠯᠡᠯᠲᠡ︾ | ᠶᠢᠨ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠠᠶᠤᠯᠭᠦᠢ | ᠦᠢᠯᠡᠳᠪᠦᠷᠢᠯᠡᠯ ᠤᠨ ᠰᠢᠯᠭᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠵᠢᠷᠤᠮᠵᠢᠯᠳᠤ ᠴᠢᠨᠠᠷ ᠪᠣᠯᠤᠨ ᠡᠷᠬᠡ | ᠰᠦᠷᠲᠦ ᠴᠢᠨᠠᠷ ᠢ ᠳᠡᠭᠡᠭᠰᠢᠯᠡᠭᠦᠯᠵᠦ᠂ ᠡᠬᠢ ᠡᠭᠦᠰᠦᠯ ᠠᠴᠠ ᠨᠢ ᠵᠠᠰᠠᠵᠤ ᠠᠰᠠᠭᠤᠳᠠᠯ ᠢ ᠰᠢᠢᠳᠪᠦᠷᠢᠯᠡᠬᠦ ᠶᠢ ᠨᠡᠩ | ᠴᠢᠬᠤᠯᠠᠴᠢᠯᠠᠬᠤ ᠬᠡᠷᠡᠭᠲᠡᠢ᠃ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠤᠰᠬᠠᠶ ᠴᠡᠭᠴᠡᠯᠡᠨ ᠵᠠᠰᠠᠯᠲᠠ ᠶᠢ | ᠠᠬᠢᠭᠤᠯᠵᠤ᠂ ᠠᠭᠤᠷᠬᠠᠶ ᠶᠢᠨ ᠬᠢᠨ ᠨᠠᠩ ᠶᠡᠭᠡ ᠬᠦᠴᠦ ᠣᠷᠣᠭᠤᠯᠵᠤ ᠪᠠᠶᠢᠭᠠᠳ ︽ᠨᠠᠶ᠋ᠮᠠᠨ ᠬᠠᠲᠠᠭᠤ ᠠᠷᠭ᠎ᠠ | ᠬᠡᠮᠵᠢᠶ᠎ᠡ︾ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠭᠤᠷᠪᠠᠨ ᠨᠢᠭᠡ ᠪᠦᠯᠦᠭ︾ ᠢ ᠪᠣᠳᠠᠲᠠᠶ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠠᠶᠤᠯᠲᠠᠶ | ᠬᠢᠮᠢ ᠶᠢᠨ ᠪᠣᠳᠠᠰ ᠤᠨ ᠲᠠᠯ᠎ᠠ ᠪᠠᠷ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠠᠷᠪᠠᠨ | ᠪᠠᠶᠢᠬᠤ ᠪᠠ ᠬᠤᠶᠠᠷ ᠪᠠᠶᠢᠬᠤ︾ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠴᠢᠨᠠᠷ ᠰᠠᠶᠢᠲᠠᠶ ᠠᠬᠢᠭᠤᠯᠵᠤ᠂ | ᠠᠶᠤᠯ ᠲᠦᠭᠰᠢᠭᠦᠷᠢ ᠶᠡᠬᠡᠲᠡᠶ ᠨᠠᠷᠢᠨ ᠬᠤᠪᠢᠶᠠᠭᠰᠠᠨ ᠬᠦᠷᠢᠶᠡᠨ ᠳᠠᠬᠢ ᠠᠶᠤᠯ ᠲᠦᠭᠰᠢᠭᠦᠷᠢ ᠶᠢ ᠵᠢᠭᠰᠠᠭᠠᠨ | ᠪᠠᠶᠢᠴᠠᠭᠠᠵᠤ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠭᠠᠯ ᠤᠨᠲᠠᠷᠠᠭᠠᠬᠤ ᠲᠠᠯ᠎ᠠ ᠪᠠᠷ ᠥᠨᠳᠥᠷ | ᠪᠠᠷᠢᠯᠭ᠎ᠠ᠂ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ᠂ ︽ᠶᠢᠰᠦᠨ ᠵᠢᠵᠢᠭ ᠲᠠᠯᠠᠪᠤᠷ︾ ᠵᠡᠷᠭᠡ | ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠬᠠᠮᠢᠶᠠᠷᠤᠨ ᠴᠢᠩᠭ᠎ᠠ | ᠰᠡᠷᠭᠡᠶᠢᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ | ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠤ ᠭᠠᠯ ᠨᠣᠴᠣᠭᠠᠵᠤ ᠠᠵᠢᠯᠯᠠᠬᠤ ᠵᠡᠷᠭᠡ ︽ᠨᠢᠭᠡ ᠶᠠᠪᠤᠳᠠᠯ︾ ᠤᠨ | ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠠᠵᠤ | ᠦᠢᠯᠡᠳᠪᠦᠷᠢ ᠠᠷᠠᠯᠵᠢᠶᠠᠨ ᠤ ᠲᠠᠯ᠎ᠠ ᠪᠠᠷ ᠪᠣᠯᠣᠳ ᠲᠡᠮᠦᠷ᠂ ᠬᠥᠩᠭᠡᠨ ᠴᠠᠭᠠᠨ ᠪᠣᠯᠪᠠᠰᠤᠷᠠᠭᠤᠯᠬᠤ ︵ᠭᠦᠨ | ᠬᠤᠳᠳᠤᠭ ᠴᠢᠳᠬᠤᠬᠤ︶᠂ ᠨᠠᠷᠢᠨ ᠲᠣᠭᠤᠰᠣ ᠳᠡᠯᠪᠡᠷᠡᠯᠲᠡ ᠳᠤ ᠬᠤᠯᠪᠣᠭᠳᠠᠬᠤ᠂ ᠬᠢᠵᠠᠭᠠᠷ ᠲᠠᠢ ᠣᠷᠣᠨ ᠵᠠᠶ ᠳᠤ | ᠠᠵᠢᠯᠯᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠵᠠᠰᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠴᠢᠩᠭ᠎ᠠ ᠠᠳᠬᠤᠬᠤ ᠬᠡᠷᠡᠭᠲᠡᠶ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠰᠢᠲᠠᠮᠠᠬᠠᠶ ᠬᠡᠶ᠂ ᠥᠪᠡᠰᠦᠪᠡᠨ ᠬᠡᠷ ᠪᠠᠷᠢᠬᠤ ᠵᠡᠷᠭᠡ ᠠᠮᠤᠷ ᠲᠦᠪᠰᠢᠨ ᠤ ᠲᠤᠰᠬᠠᠶ ᠴᠡᠭᠴᠡᠯᠡᠨ | ᠵᠠᠰᠠᠯᠲᠠ ᠶᠢ ᠠᠬᠢᠭᠤᠯᠵᠤ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ | ᠵᠠᠮ᠂ ᠠᠷᠠᠳ ᠤᠨ ᠬᠡᠷᠡᠭᠯᠡᠭᠡᠨ ᠤ ᠳᠡᠯᠪᠡᠷᠡᠯᠲᠡ᠂ ᠤᠰᠤᠨ ᠳᠡᠭᠡᠷᠡᠬᠢ ᠵᠠᠮ ᠬᠠᠷᠢᠯᠴᠠᠭ᠎ᠠ ᠪᠠ ᠵᠢᠭᠠᠰᠤᠨ ᠠᠵᠤ | ᠠᠬᠤᠶ ᠶᠢᠨ ᠣᠩᠭᠤᠴᠠ ᠰᠠᠯ᠂ ᠣᠨᠴᠠ ᠲᠥᠷᠥᠯ ᠤᠨ ᠲᠥᠬᠦᠭᠡᠷᠦᠮᠵᠢ᠂ ᠰᠣᠶᠣᠯ ᠵᠢᠭᠤᠯᠴᠢᠯᠠᠯ ᠵᠡᠷᠭᠡ | ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠲᠥᠪ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠦᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠨᠡᠶᠢᠯᠡᠯ ᠬᠦᠴᠦᠨ ᠢ | ᠴᠢᠩᠭᠠᠷᠠᠭᠤᠯᠤᠨ᠎ᠠ᠃ | ᠡᠯ᠎ᠡ ᠲᠦᠷᠦᠯ ᠤᠨ ᠪᠠᠶᠢᠭᠠᠯᠢ ᠶᠢᠨ ᠭᠠᠮᠰᠢᠭ ᠢ ᠨᠢᠭᠡᠳᠦᠯᠲᠡᠢ ᠲᠥᠯᠥᠪᠵᠢᠭᠦᠯᠦᠨ ᠠᠷᠭᠠᠴᠠᠭᠠᠵᠤ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠤᠨ | ᠂ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ | ᠵᠠᠰᠠᠬᠤ ᠶᠢ ᠶᠡᠷᠦᠩᠬᠡᠶᠢᠯᠡᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ ᠢ ᠲᠡᠭᠦᠯᠳᠡᠷᠵᠢᠭᠦᠯᠦᠨ᠂ | ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠶᠢ ᠴᠢᠩᠭᠠᠷᠠᠭᠤᠯᠵᠤ᠂ | ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠥᠬᠦ | ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠰᠢᠨᠡᠳᠬᠡᠬᠦ ᠪᠠ ᠦᠷ᠎ᠡ ᠪᠦᠲᠦᠭᠡᠯ ᠢ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠨᠠᠮ ᠵᠠᠰᠠᠭ ᠬᠠᠮᠲᠤᠪᠠᠷ | ᠬᠠᠮᠢᠶᠠᠷᠤᠭᠰᠠᠨ᠂ ᠱᠠᠲᠤ ᠳᠠᠷᠠᠭᠠᠯᠠᠨ ᠳᠠᠭᠠᠭᠠᠨ ᠪᠠᠲᠤᠯᠠᠭᠰᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠬᠠᠷᠢᠭᠤᠴᠠᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠠᠬᠢᠭᠤᠯᠤᠨ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠦᠨᠳᠦ ᠶᠡᠭᠡ ᠬᠡᠮ ᠰᠣᠭᠤᠭ ᠢ ᠬᠥᠳᠡᠯᠦᠩᠭᠦᠶ ᠪᠠᠷ | ᠠᠷᠢᠯᠭᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠭᠠᠵᠠᠷ ᠣᠷᠣᠨ ᠢ | ᠪᠠᠶᠢᠴᠠᠭᠠᠨ ᠵᠢᠯᠣᠭᠤᠳᠴᠤ ᠪᠠᠶᠢᠭᠠᠳ ᠶᠡᠭᠡ ᠭᠠᠵᠠᠷ ᠬᠥᠳᠡᠯᠦᠯᠲᠡ ᠶᠢᠨ ᠯᠤᠲᠤ ᠶᠡᠭᠡ ᠭᠠᠮᠰᠢᠭ ᠢ ᠠᠷᠭᠠᠴᠠᠭᠠᠬᠤ | ᠪᠡᠯᠡᠳᠬᠡᠯ ᠢ ᠰᠠᠶᠢᠲᠤᠷ ᠬᠢᠨ᠎ᠠ᠃ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ ︽ᠭᠤᠷᠪᠠᠨ ᠲᠠᠰᠤᠷᠬᠠᠶ︾ | ᠵᠡᠷᠭᠡ ᠲᠦᠢᠯ ᠤᠨ ᠬᠠᠲᠠᠭᠤ ᠪᠡᠷᠬᠡ ᠨᠥᠬᠦᠴᠡᠯ ᠳᠤᠤᠷᠠᠬᠢ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠴᠢᠳᠠᠪᠤᠷᠢ ᠶᠢ ᠳᠣᠪᠤᠶᠢᠯᠭᠠᠨ ᠳᠡᠭᠡᠭᠰᠢᠯᠡᠭᠦᠯᠵᠦ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ | ᠨᠥᠭᠡᠴᠡᠯᠡᠬᠦ ᠬᠥᠮᠥᠷᠭᠡ ᠶᠢ ᠪᠦᠷᠢᠨ ᠪᠥᠷᠬᠦᠭᠦᠯᠬᠦ ᠶᠢ ᠲᠦᠷᠭᠡᠳᠬᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ | ᠠᠶᠤᠯ ᠠᠴᠠ ᠵᠠᠶᠢᠯᠠᠬᠤ ᠭᠠᠵᠠᠷ ᠲᠠᠯᠠᠪᠤᠷ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠃ | | | |