ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠄ ︽ᠡᠨᠡ ᠬᠦ ᠥᠷᠭᠡᠨ ᠠᠭᠤᠳᠠᠮ᠂ ᠦᠵᠡᠰᠬᠦᠯᠡᠩᠲᠦ ᠰᠠᠶᠢᠬᠠᠨ᠂ | ᠪᠠᠶᠠᠨ ᠲᠠᠩᠰᠤᠭ ᠨᠤᠲᠤᠭ ᠳᠡᠪᠢᠰᠬᠡᠷ ᠳᠡᠭᠡᠷ᠎ᠡ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠬᠠᠮᠲᠤ ᠶᠢᠨ | ᠭᠡᠷ ᠣᠷᠣᠨ ᠲᠠᠢ ᠪᠣᠯ ᠳᠠᠷᠤᠢ ᠳᠤᠮᠳᠠᠳᠤ ᠤᠯᠤᠰ ᠪᠣᠯᠤᠨ᠎ᠠ᠃ ᠪᠦᠷ ᠨᠢᠭᠡ ᠬᠠᠮᠲᠤ ᠶᠢᠨ ᠪᠡᠶ᠎ᠡ ᠶᠢᠨ ᠭᠠᠷᠤᠯ ᠲᠠᠢ᠂ | ᠳᠠᠷᠤᠶ ᠳᠤᠮᠳᠠᠳᠤ ᠶᠢᠨ ᠦᠨᠳᠦᠰᠦᠲᠡᠨ᠃ ᠪᠦᠷ ᠨᠢᠭᠡ ᠬᠠᠮᠲᠤ ᠶᠢᠨ ᠨᠡᠷ᠎ᠡ ᠲᠠᠢ᠂ ᠳᠠᠷᠤᠶ ᠳᠤᠮᠳᠠᠳᠤ ᠶᠢᠨ ᠬᠥᠮᠦᠨ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠴᠥᠮ ᠬᠠᠮᠲᠤ ᠶᠢᠨ | ᠬᠦᠰᠡᠯ ᠵᠡᠭᠦᠳᠦ ᠮᠥᠨ︕ 1951 ᠣᠨ ᠤ ᠰᠢᠨ᠎ᠡ ᠵᠢᠯ ᠤᠨ ᠰᠢᠨ᠎ᠡ ᠶᠢᠨ ᠨᠢᠭᠡᠨ ᠳᠤ᠂ ᠫᠦ ᠡᠯ ᠲᠤᠰᠬᠠᠢ | ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠲᠠᠩᠭᠠᠷᠢᠭ ᠤᠨ ᠶᠡᠭᠡ ᠬᠤᠷᠠᠯ ᠬᠢᠵᠦ᠂ ᠴᠥᠭᠡᠨ ᠲᠣᠭᠠᠲᠤ | ᠦᠨᠳᠦᠰᠦᠲᠡᠨ ᠤ ᠵᠠᠩ ᠳᠠᠳᠬᠠᠯ ᠢᠶᠠᠷ ᠲᠠᠩᠭᠠᠷᠢᠭ ᠤᠨ ᠬᠦᠰᠢᠶ᠎ᠡ ᠪᠤᠰᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ | ᠨᠠᠮ ᠢᠶᠠᠨ ᠲᠠᠭᠠᠵᠤ ᠶᠠᠪᠤᠬᠤ ᠲᠠᠩᠭᠠᠷᠢᠭ ᠢᠶᠠᠨ ᠲᠥᠪ ᠴᠢᠩᠭ᠎ᠠ ᠪᠠᠷ ᠢᠯᠡᠳᠬᠡᠪᠡ᠃ ᠫᠦ ᠡᠯ ᠤᠨ ᠦᠨᠳᠦᠰᠦᠲᠡᠨ ᠤ | ᠪᠦᠯᠬᠦᠮᠳᠡᠯ ᠤᠨ ᠲᠠᠩᠭᠠᠷᠢᠭ ᠤᠨ ᠬᠦᠰᠢᠶ᠎ᠡ ᠲᠡᠮᠳᠡᠭ ᠳᠡᠭᠡᠷ᠎ᠡ ᠠᠨᠳᠠᠭᠠᠢᠢᠯᠠᠨ ᠲᠠᠩᠭᠠᠷᠢᠭᠯᠠᠵᠤ ᠬᠤᠶᠢᠴᠢ ᠦᠶ᠎ᠡ ᠪᠠᠨ | ᠲᠥᠯᠥᠭᠡᠯᠡᠭᠰᠡᠨ ᠬᠠᠷᠢᠭᠤ ᠵᠠᠬᠢᠳᠠᠯ ᠳᠠᠭᠠᠨ᠂ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠨᠦᠭᠦᠳ ᠤᠨ ᠠᠷᠠᠳ | ᠲᠦᠮᠡᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ | ᠴᠢᠰᠤᠨ ᠳᠠᠭᠠᠨ ᠠᠭᠤᠰᠬᠠᠵᠤ᠂ ᠡᠭᠡ ᠤᠯᠤᠰ ᠤᠨ ᠨᠤᠲᠤᠭ ᠳᠡᠪᠢᠰᠬᠡᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ | ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠴᠡᠴᠡᠭ ᠢ ᠤᠯᠠᠮ ᠴᠡᠴᠡᠭᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠳᠤᠮᠳᠠᠳᠤ ᠤᠯᠤᠰ ᠤᠨ | ᠮᠠᠶᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠨᠳᠦᠰᠦᠲᠡᠨ ᠨᠦᠭᠦᠳ ᠨᠠᠮ ᠤᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠡᠷᠡᠭᠲᠡᠢ᠃ ᠡᠭᠦᠨ ᠳᠤ ᠡᠷᠬᠡᠪᠰᠢ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ | ᠰᠣᠶᠣᠯ ᠤᠨ ᠬᠠᠮᠲᠤ ᠶᠢᠨ ᠲᠠᠨᠢᠯᠲᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠪᠦᠬᠦ ᠳᠤᠮᠳᠠᠳᠤ ᠶᠢᠨ ᠬᠥᠪᠡᠭᠦᠳ | ᠥᠬᠢᠳ ᠤᠨ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠬᠦ ᠶᠢ ᠪᠡᠶᠡᠯᠡᠭᠦᠯᠬᠦ ᠬᠡᠷᠡᠭᠲᠡᠢ᠃ | ᠨᠢᠭᠡ ᠰᠡᠳᠬᠢᠯ ᠨᠢᠭᠡ ᠵᠣᠷᠢᠭ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ᠄ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠳᠠᠷᠤᠢ | ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠶᠠᠪᠤᠳᠠᠯ | ᠪᠣᠯᠤᠨ᠎ᠠ᠃ ᠨᠡᠶᠢᠭᠡᠮ ᠤᠨ ᠣᠷᠣᠰᠢᠬᠤᠢ ᠨᠢ ᠨᠡᠶᠢᠭᠡᠮ ᠤᠨ ᠦᠵᠡᠯ ᠤᠬᠠᠮᠰᠠᠷ ᠢ ᠲᠣᠭᠲᠠᠭᠠᠵᠤ᠂ ᠨᠡᠶᠢᠭᠡᠮ ᠤᠨ ᠦᠵᠡᠯ | ᠤᠬᠠᠮᠰᠠᠷ ᠨᠢ ᠨᠡᠶᠢᠭᠡᠮ ᠤᠨ ᠣᠷᠣᠰᠢᠬᠤᠢ ᠳᠤ ᠭᠡᠳᠡᠷᠭᠦ ᠦᠢᠯᠡᠳᠦᠯ ᠦᠵᠡᠭᠦᠯᠳᠡᠭ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠢ ᠨᠢᠭᠡ ᠵᠦᠢᠯ ᠤᠨ ᠨᠡᠶᠢᠭᠡᠮ ᠤᠨ ᠤᠬᠠᠮᠰᠠᠷ | ᠪᠣᠯᠤᠭᠰᠠᠨ ᠤ ᠬᠤᠪᠢ ᠳᠤ᠂ ᠤᠷᠳᠤ ᠬᠤᠭᠤᠴᠠᠭᠠᠨ ᠤ ᠲᠡᠦᠬᠡᠨ ᠬᠥᠭᠵᠢᠯᠲᠡ ᠶᠢᠨ ᠶᠠᠪᠤᠴᠠ ᠳᠤ | ᠦᠨᠳᠦᠰᠦᠲᠡᠨ ᠨᠦᠭᠦᠳ ᠤᠨ ᠲᠠᠷᠬᠠᠯᠲᠠ ᠶᠢᠨ ᠲᠠᠯ᠎ᠠ ᠪᠠᠷ ᠰᠣᠯᠪᠢᠴᠠᠨ ᠬᠤᠯᠢᠯᠳᠤᠨ ᠰᠠᠭᠤᠷᠢᠰᠢᠵᠤ᠂ ᠰᠣᠶᠣᠯ ᠤᠨ | ᠲᠠᠯ᠎ᠠ ᠪᠠᠷ ᠪᠦᠬᠦᠨ ᠢ ᠠᠪᠴᠤ ᠪᠠᠶᠢᠳᠠᠭ ᠢ ᠬᠠᠳᠠᠭᠠᠯᠠᠬᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠨ | ᠣᠷᠣᠰᠢᠬᠤ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠣᠶᠢᠷᠠᠲᠤᠬᠤ ᠡᠨᠡ ᠬᠦ ᠪᠤᠰᠤᠳᠴᠢ ᠪᠣᠳᠠᠲᠤ | ᠠᠬᠤᠢ ᠶᠢᠨ ᠲᠤᠰᠬᠠᠯ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ᠂ ᠡᠯ᠎ᠡ ᠦᠨᠳᠦᠰᠦᠲᠡᠨ ᠨᠢᠭᠡ ᠰᠡᠳᠬᠢᠯ ᠨᠢᠭᠡ ᠵᠣᠷᠢᠭ ᠢᠶᠠᠷ᠂ ᠬᠠᠮᠲᠤ ᠶᠢᠨ ᠬᠦᠰᠡᠯᠡᠩ ᠢᠲᠡᠭᠡᠯ | ᠪᠢᠰᠢᠷᠡᠯ ᠢᠶᠠᠷ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠬᠤ ᠶᠢ ᠪᠠᠷᠢᠮᠲᠠᠯᠠᠵᠤ᠂ ᠬᠠᠮᠲᠤ ᠶᠢᠨ | ᠥᠷᠲᠡᠭ ᠤᠨ ᠣᠶᠢᠯᠠᠭᠠᠭᠳᠠᠬᠤᠨ ᠳᠤ ᠲᠦᠰᠢᠭᠯᠡᠨ ᠰᠣᠶᠣᠯ ᠤᠨ ᠬᠠᠮᠲᠤ ᠶᠢᠨ ᠲᠠᠨᠢᠯᠲᠠ ᠪᠠᠨ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠶᠢ ᠳᠣᠲᠣᠭᠠᠳᠤ ᠠᠴᠠ ᠱᠠᠭᠠᠷᠳᠠᠵᠤ ᠪᠠᠶᠢᠨ᠎ᠠ᠃ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ | ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ | ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ | ᠪᠣᠳᠠᠲᠠᠶᠢᠵᠢᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ | ᠰᠡᠳᠬᠢᠯ ᠢᠶᠠᠨ ᠨᠢᠭᠡᠳᠬᠡᠬᠦ ᠳᠤ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠢ ᠪᠠᠲᠤ ᠪᠤᠢ ᠪᠣᠯᠭᠠᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠠᠮ ᠤᠨ | ᠰᠢᠨ᠎ᠡ ᠶᠢ ᠡᠭᠦᠳᠬᠦ ᠤᠨᠤᠯ ᠢᠶᠠᠷ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠬᠢᠵᠢᠭᠦᠯᠵᠦ᠂ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠡᠷᠬᠡᠪᠰᠢ ᠭᠦᠨᠵᠡᠭᠡᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠂ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠬᠠᠨᠳᠤᠭᠤᠯᠤᠨ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢᠨ ᠬᠥᠮᠦᠵᠢᠯ ᠢ | ᠴᠢᠩᠭᠠᠳᠬᠠᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠤᠨ᠎ᠠ᠂ ᠳᠤᠮᠳᠠᠳᠤ ᠶᠢᠨ ᠦᠨᠳᠦᠰᠦᠲᠡᠨ ᠤ | ᠪᠦᠷᠢᠯᠳᠦᠨ ᠬᠥᠭᠵᠢᠬᠦ ᠶᠣᠰᠣ ᠤᠴᠢᠷ ᠢ ᠰᠢᠨᠵᠢᠯᠡᠬᠦ ᠤᠬᠠᠭᠠᠨᠴᠢ ᠪᠠᠷ ᠢᠯᠡᠷᠡᠭᠦᠯᠬᠦ ᠬᠡᠷᠡᠭᠲᠡᠶ᠂ ᠶᠣᠰᠣ ᠰᠤᠷᠬᠤ᠂ | ᠭᠦᠨ ᠶᠣᠰᠣ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠨ ᠬᠥᠭᠵᠢᠬᠦ ᠪᠣᠯ ᠬᠥᠮᠦᠰ ᠤᠨ ᠰᠡᠳᠬᠢᠯ ᠤᠨ ᠬᠠᠨᠳᠤᠰᠢ | ᠮᠥᠨ ᠭᠡᠳᠡᠭ ᠢ ᠭᠦᠨᠵᠡᠭᠡᠶ ᠲᠠᠨᠢᠭᠤᠯᠬᠤ ᠬᠡᠷᠡᠭᠲᠡᠶ᠂ ᠴᠠᠭ ᠤᠨ ᠪᠠᠶᠢᠳᠠᠯ ᠤᠨ ᠬᠠᠨᠳᠤᠰᠢ᠂ ᠲᠡᠦᠬᠡ ᠶᠢᠨ ᠵᠠᠶᠢᠯᠠᠰᠢ | ᠦᠭᠡᠢ ᠴᠢᠨᠠᠷ᠂ ᠦᠨᠳᠦᠰᠦᠲᠡᠨ ᠨᠦᠭᠦᠳ ᠢ ᠡᠭᠦᠷᠢᠳᠡ ᠠᠨᠠᠷ ᠤᠨ ᠦᠷ᠎ᠡ ᠰᠢᠭ ᠪᠠᠷᠢᠯᠳᠤᠭᠤᠯᠤᠨ᠎ᠠ᠂ ᠠᠬ᠎ᠠ ᠳᠡᠭᠦᠦ | ᠪᠣᠯᠤᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠃ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ | ᠬᠥᠮᠦᠨ ᠮᠡᠲᠦ ᠳᠣᠲᠣᠨᠣ ᠪᠠᠶᠢᠬᠤ ᠶᠢ ᠪᠠᠷᠢᠮᠲᠠᠯᠠᠵᠤ᠂ ᠳᠤᠮᠳᠠᠳᠤ ᠶᠢᠨ ᠵᠡᠭᠦᠳᠦ ᠶᠢ ᠰᠡᠳᠬᠢᠯ ᠨᠢᠭᠡᠳᠦᠨ ᠬᠠᠮᠲᠤ ᠪᠠᠷ | ᠲᠡᠷᠭᠡᠯᠰᠢᠭᠦᠯᠬᠦ ᠬᠡᠷᠡᠭᠲᠡᠢ᠃ ᠨᠠᠮ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ | ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ | ᠵᠣᠬᠢᠴᠠᠯ ᠲᠠᠢ ᠬᠠᠷᠢᠴᠠᠭ᠎ᠠ ᠶᠢ ᠬᠥᠭᠵᠢᠭᠦᠯᠬᠦ ᠰᠢᠨ᠎ᠡ ᠪᠠᠶᠢᠳᠠᠯ ᠢ ᠨᠡᠭᠡᠭᠡᠵᠦ᠂ ᠦᠨᠳᠦᠰᠦᠲᠡᠨ ᠤ ᠭᠠᠵᠠᠷ ᠣᠷᠣᠨ ᠤ | ᠠᠵᠤ ᠠᠬᠤᠢ ᠨᠡᠶᠢᠭᠡᠮ ᠤᠨ ᠬᠥᠭᠵᠢᠯᠲᠡ ᠪᠠ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ | ᠠᠮᠢᠳᠤᠷᠠᠯ ᠤᠨ ᠤᠷᠢᠳᠤ ᠡᠮᠦᠨ᠎ᠡ ᠪᠠᠶᠢᠭ᠎ᠠ ᠦᠭᠡᠢ ᠲᠠᠪᠰᠢᠯᠳᠠ ᠲᠠᠢ ᠪᠣᠯᠬᠤ ᠶᠢ ᠠᠬᠢᠭᠤᠯᠪᠠ᠃ ᠰᠢᠨ᠎ᠡ ᠠᠶᠠᠨ | ᠵᠠᠮ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ | ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠵᠤ᠂ ᠦᠨᠳᠦᠰᠦᠲᠡᠨ ᠨᠦᠭᠦᠳ ᠢ ᠬᠠᠮᠲᠤ ᠶᠢᠨ | ᠲᠡᠮᠡᠴᠡᠯ ᠤᠨ ᠬᠠᠷᠠᠯᠲᠠ ᠳᠣᠣᠷ᠎ᠠ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠬᠠᠮᠲᠤ ᠶᠢᠨ ᠤᠬᠠᠮᠰᠠᠷ ᠲᠤ ᠬᠦᠴᠦᠷᠬᠡᠭ ᠶᠡᠭᠡ ᠰᠣᠶᠣᠯ ᠤᠨ ᠬᠠᠮᠲᠤ ᠶᠢᠨ ᠲᠠᠨᠢᠯᠲᠠ ᠶᠢ ᠦᠷᠭᠦᠯᠵᠢᠯᠡᠨ ᠪᠤᠢ | ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠡᠷᠬᠡᠪᠰᠢ ᠦᠷᠳᠡᠭ ᠤᠨ ᠦᠵᠡᠯᠲᠡ ᠶᠢᠨ ᠮᠡᠳᠡᠷᠡᠮᠵᠢ ᠶᠢ ᠪᠠᠭᠲᠠᠭᠠᠭᠰᠠᠨ ᠰᠣᠶᠣᠯ ᠤᠨ ᠮᠡᠳᠡᠷᠡᠮᠵᠢ ᠶᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ | ᠬᠡᠷᠡᠭᠲᠡᠢ᠃ ᠲᠡᠦᠬᠡ ᠭᠡᠷᠡᠴᠢᠯᠡᠭᠰᠡᠨ ᠨᠢ᠂ ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ | ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠃ ᠰᠣᠶᠣᠯ ᠤᠨ ᠡᠨᠡᠭᠰᠢᠯ ᠢᠶᠠᠨ ᠠᠯᠳᠠᠪᠠᠯ᠂ ᠦᠨᠳᠦᠰᠦᠲᠡᠨ ᠤ | ᠪᠦᠯᠬᠦᠮᠳᠡᠯ ᠳᠠᠷᠤᠢ ᠦᠵᠡᠯ ᠰᠠᠨᠠᠭᠠᠨ ᠤ ᠲᠠᠯ᠎ᠠ ᠪᠠᠷ ᠭᠤᠶᠢᠪᠢᠯᠵᠠᠬᠤ ᠪᠣᠯᠤᠨ᠎ᠠ᠃ ᠵᠥᠪᠯᠡᠯᠲᠦ ᠬᠤᠯᠪᠣᠭᠠᠲᠤ | ᠤᠯᠤᠰ ᠤᠨ ᠵᠠᠳᠠᠷᠠᠭᠰᠠᠨ ᠨᠢ ᠵᠣᠬᠢᠬᠤ ᠬᠡᠮᠵᠢᠶᠡᠨ ᠳᠤ ᠬᠢᠯᠢ ᠶᠢᠨ ᠳᠣᠲᠣᠷᠠᠬᠢ ᠡᠯ᠎ᠡ ᠦᠨᠳᠦᠰᠦᠲᠡᠨ ᠤ ᠰᠣᠶᠣᠯ ᠤᠨ | ᠮᠡᠳᠡᠷᠡᠮᠵᠢ ᠰᠤᠯᠠᠷᠠᠭᠰᠠᠨ ᠲᠠᠢ ᠨᠢᠭᠲᠠ ᠬᠤᠯᠪᠣᠭ᠎ᠠ ᠲᠠᠢ ᠶᠤᠮ᠃ ᠦᠢᠯᠡᠳᠦᠯᠭᠡ ᠪᠢᠳᠡᠨ ᠳᠤ ᠰᠡᠩᠬᠡᠷᠡᠭᠦᠯᠦᠭᠰᠡᠨ ᠨᠢ᠂ | ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠲᠠᠲᠠᠬᠤ ᠬᠦᠴᠦᠨ ᠲᠠᠢ ᠳᠤᠮᠳᠠᠳᠤ ᠶᠢᠨ ᠰᠣᠶᠣᠯ ᠢ | ᠬᠤᠷᠠᠮᠳᠤᠭᠤᠯᠤᠨ ᠪᠦᠷᠢᠯᠳᠦᠭᠦᠯᠪᠡᠯ᠂ ᠦᠨᠳᠦᠰᠦᠲᠡᠨ ᠨᠦᠭᠦᠳ ᠤᠨ ᠭᠠᠵᠠᠷ ᠣᠷᠣᠨ ᠨᠤᠲᠤᠭ᠂ ᠴᠢᠰᠤᠨ | ᠤᠳᠤᠮ ᠤᠨ ᠤᠳᠤᠮ ᠤᠭᠰᠠᠭ᠎ᠠ᠂ ᠱᠠᠰᠢᠨ ᠰᠢᠲᠦᠯᠭᠡ ᠵᠡᠷᠭᠡ ᠲᠠᠯ᠎ᠠ ᠶᠢᠨ ᠵᠥᠷᠢ᠊ ᠡᠶ᠎ᠡ ᠶᠢ ᠪᠠᠭᠲᠠᠭᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠲᠤᠬᠠᠢ ᠬᠠᠮᠤᠭ ᠤᠨ ᠭᠦᠨ ᠵᠤᠵᠠᠭᠠᠨ ᠬᠤᠷᠭᠤᠳᠠᠯ ᠢ ᠤᠷᠢᠶᠠᠯᠠᠵᠤ ᠴᠢᠳᠠᠨ᠎ᠠ᠃ ᠦᠨᠳᠦᠰᠦᠲᠡᠨ ᠨᠦᠭᠦᠳ ᠤᠨ ᠪᠦᠬᠦ | ᠲᠠᠯ᠎ᠠ ᠶᠢᠨ ᠰᠢᠭᠢᠳᠬᠡᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠲᠤᠯᠢᠳᠠᠯ ᠠᠭᠤᠰᠤᠯᠴᠠᠯ ᠢ ᠠᠬᠢᠭᠤᠯᠬᠤ ᠳᠤ | ᠬᠦᠴᠦᠨ ᠨᠡᠮᠡᠷᠢᠯᠡᠬᠦ ᠬᠡᠷᠡᠭᠲᠡᠢ᠃ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠰᠢᠯᠢᠳᠡᠭ ᠭᠧᠨ ᠪᠠ ᠴᠠᠭ ᠦᠶ᠎ᠡ ᠶᠢᠨ | ᠦᠨ᠎ᠡ ᠦᠷᠳᠡᠭ ᠢ ᠰᠤᠳᠤᠯᠤᠨ ᠠᠭᠤᠳᠠᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ | ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ | ᠦᠨᠳᠦᠰᠦᠲᠡᠨ ᠨᠦᠭᠦᠳ ᠤᠨ ᠬᠥᠮᠦᠰ ᠤᠨ ᠰᠡᠳᠬᠢᠯ ᠢ ᠨᠢᠭᠲᠠᠷᠠᠭᠤᠯᠤᠨ᠂ ᠤᠶᠤᠨ ᠰᠠᠨᠠᠭ᠎ᠠ ᠶᠢ ᠬᠠᠷᠢᠯᠴᠠᠨ | ᠲᠦᠰᠢᠭᠯᠡᠯᠴᠡᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ | ᠭᠦᠨᠵᠡᠭᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠡᠭᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ | ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠳᠤᠯᠤᠨ | ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ | ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠦᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠶᠤᠨ ᠤ ᠰᠣᠶᠣᠯ ᠤᠨ | ᠰᠠᠭᠤᠷᠢ ᠶᠢ ᠪᠠᠬᠢᠵᠢᠭᠦᠯᠬᠦ ᠬᠡᠷᠡᠭᠲᠡᠢ᠃ |