ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠯᠡᠳᠬᠡᠯ ᠬᠤᠷᠠᠯ ᠬᠢᠪᠡ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/1/15
       1 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠯᠡᠳᠬᠡᠯ ᠬᠤᠷᠠᠯ ᠬᠢᠪᠡ᠃
   6387245008212483756514216.jpg    
    1 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠯᠡᠳᠬᠡᠯ ᠬᠤᠷᠠᠯ ᠬᠢᠪᠡ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠥᠨ ᠪᠤᠶ᠂ ᠪᠡᠯᠡᠳᠬᠡᠯ ᠬᠤᠷᠠᠯ ᠳᠤ 501 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠡᠯ᠎ᠡ ᠵᠦᠢᠯ ᠤᠨ ᠠᠵᠢᠯ ᠪᠡᠯᠡᠬᠡᠨ ᠪᠣᠯᠵᠤ᠂ ᠶᠡᠭᠡ ᠬᠤᠷᠠᠯ ᠲᠣᠭᠲᠠᠭᠰᠠᠨ ᠬᠤᠭᠤᠴᠠᠭᠠᠨ ᠳᠠᠭᠠᠨ ᠬᠤᠷᠠᠯᠳᠤᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠣᠯ ᠣᠷᠣᠨ ᠳᠠᠶᠠᠭᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠪᠠᠶᠢᠭ᠎ᠠ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠬᠤ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠠᠶᠢᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠃ ᠡᠨᠡ ᠤᠳᠠᠭ᠎ᠠ ᠶᠢᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠭᠦ ᠲᠠᠯ᠎ᠠ ᠪᠠᠷ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠭᠤᠣᠯ ᠠᠵᠢᠯ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠤᠷᠢᠶᠠᠯᠠᠵᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠭᠤᠯᠤᠨ ᠪᠦᠯᠬᠦᠮᠳᠡᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠯᠣᠨ᠎ᠠ᠃    ᠬᠤᠷᠠᠯ ᠠᠴᠠ᠂ ᠲᠥᠯᠥᠭᠡᠯᠡᠭᠴᠢᠳ ᠶᠡᠭᠡ ᠬᠤᠷᠠᠯ ᠤᠨ ᠵᠢᠯᠤᠭᠤᠳᠬᠤ ᠦᠵᠡᠯ ᠰᠠᠨᠠᠭ᠎ᠠ ᠶᠣᠰᠣᠭᠠᠷ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠵᠥᠪᠯᠡᠬᠦ ᠰᠡᠳᠦᠪ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠡᠷᠡᠭᠵᠢᠭᠦᠯᠵᠦ᠂ ᠬᠠᠮᠲᠤ ᠪᠠᠷ ᠴᠢᠷᠮᠠᠶᠢᠵᠤ ᠡᠨᠡ ᠤᠳᠠᠭ᠎ᠠ ᠶᠢᠨ ᠬᠤᠷᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ᠂ ᠪᠣᠳᠠᠲᠠᠢ ᠶᠢ ᠡᠷᠬᠢᠮᠯᠡᠨ ᠡᠷᠡᠮᠡᠬᠡᠶᠢᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠬᠡᠯ ᠬᠤᠷᠠᠯ ᠤᠨ ᠲᠣᠭᠲᠠᠭᠠᠯ ᠢ ᠪᠠᠲᠤᠯᠠᠪᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号