ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ [2024] 31 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ | ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ | ᠰᠢᠢᠳᠪᠦᠷᠢᠯᠡᠬᠦ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ 2024 ᠣᠨ ᠤ 11 ᠳ᠋ᠦ᠋ᠭᠡᠷ ᠰᠠᠷ᠎ᠠ ᠶᠢᠨ 13 ᠤ | ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠭᠠᠯ ᠰᠡᠷᠭᠡᠶᠢᠯᠡᠨ ᠤᠨᠲᠠᠷᠠᠭᠠᠬᠤ ᠶᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠯ ᠲᠦᠢᠮᠡᠷ ᠤᠨ ᠠᠳᠡᠯ ᠢ | ᠪᠠᠶᠢᠴᠠᠭᠠᠨ ᠰᠢᠢᠳᠪᠦᠷᠢᠯᠡᠬᠦ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠪᠠ ᠰᠠᠶᠢᠵᠢᠷᠠᠭᠤᠯᠬᠤ ᠶᠢᠨ | ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠠᠴᠠ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ | ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠭᠠᠯ ᠲᠦᠢᠮᠡᠷ ᠤᠨ ᠠᠳᠡᠯ ᠭᠡᠳᠡᠭ ᠨᠢ | ᠦᠢᠯᠡᠳᠪᠦᠷᠢᠯᠡᠯ ᠡᠵᠡᠩᠨᠡᠯᠲᠡ ᠪᠤᠶᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠷᠤᠭᠰᠠᠨ ᠭᠤᠣᠯᠳᠠᠭᠤ | ᠲᠦᠯᠡᠭᠳᠡᠵᠦ ᠰᠢᠲᠠᠭᠳᠠᠬᠤ ᠬᠡᠯᠪᠡᠷᠢ ᠪᠠᠷ ᠢᠯᠡᠷᠡᠬᠦ ᠰᠠᠨᠠᠭᠠᠨ ᠳᠤ ᠦᠭᠡᠢ ᠪᠠᠶᠢᠳᠠᠯ ᠠᠴᠠ ᠪᠣᠯᠤᠭᠰᠠᠨ ᠭᠠᠮᠰᠢᠭ ᠤᠨ | ᠠᠳᠡᠯ ᠢ ᠵᠢᠭᠠᠵᠤ ᠪᠤᠶ᠃ | ᠳᠥᠷᠪᠡᠳᠦᠭᠡᠷ ᠵᠦᠢᠯ ᠲᠤᠰ ᠲᠣᠭᠲᠠᠭᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠳᠠᠬᠢ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠬᠡᠷᠡᠭᠯᠡᠭᠳᠡᠨ᠎ᠡ᠃ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠳᠤ ᠴᠡᠷᠢᠭ ᠤᠨ ᠶᠠᠪᠤᠳᠠᠯ ᠤᠨ ᠪᠡᠯᠡᠳᠬᠡᠮᠵᠢ᠂ | ᠠᠭᠤᠷᠬᠠᠢ ᠶᠢᠨ ᠬᠤᠳᠳᠤᠭ ᠤᠨ ᠭᠠᠵᠠᠷ ᠳᠣᠣᠷᠠᠬᠢ ᠬᠡᠰᠡᠭ᠂ ᠲᠡᠮᠦᠷ ᠵᠠᠮ᠂ ᠭᠠᠷᠠᠮ ᠬᠢᠭᠡᠳ ᠤᠰᠤᠨ ᠵᠠᠮ ᠤᠨ | ᠲᠡᠭᠡᠭᠡᠪᠦᠷᠢ᠂ ᠠᠷᠠᠳ ᠤᠨ ᠠᠭᠠᠷ ᠠᠶᠠᠯᠠᠯ ᠤᠨ ᠪᠡᠯᠡᠳᠬᠡᠮᠵᠢ᠂ ᠣᠶ ᠰᠢᠭᠤᠢ᠂ ᠣᠶᠢᠲᠤ ᠭᠠᠵᠠᠷ᠂ ᠨᠤᠲᠤᠭ ᠪᠡᠯᠴᠢᠭᠡᠷ | ᠂ ᠵᠠᠮ ᠬᠠᠷᠢᠯᠴᠠᠭ᠎ᠠ ᠲᠡᠭᠡᠭᠡᠪᠦᠷᠢ᠂ ᠴᠥᠮ᠎ᠡ ᠶᠢᠨ ᠪᠡᠯᠡᠳᠬᠡᠮᠵᠢ᠂ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠶᠢᠨ | ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ | ᠲᠣᠭᠲᠠᠭᠠᠯ ᠢᠶᠠᠷ ᠬᠡᠷᠡᠭᠵᠢᠭᠦᠯᠦᠨ᠎ᠡ᠃ ᠭᠠᠯ ᠲᠠᠯᠪᠢᠵᠤ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠬᠡᠷᠡᠭ ᠪᠣᠯᠭᠠᠨ ᠲᠤᠷᠰᠢᠨ ᠪᠠᠶᠢᠴᠠᠭᠠᠨ᠎ᠠ᠃ | ᠲᠠᠪᠤᠳᠤᠭᠠᠷ ᠵᠦᠢᠯ ᠲᠣᠰ ᠲᠣᠭᠲᠠᠭᠠᠯ ᠳᠠᠬᠢ ᠭᠠᠯ ᠲᠦᠢᠮᠡᠷ ᠤᠨ ᠡᠲᠡᠯ ᠤᠨ ᠵᠡᠷᠭᠡ ᠳᠡᠰ ᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠵᠢᠷᠭᠤᠳᠤᠭᠠᠷ ᠵᠦᠢᠯ ᠭᠠᠯ ᠲᠦᠢᠮᠡᠷ ᠤᠨ ᠠᠳᠡᠯ ᠢ | ᠪᠠᠶᠢᠴᠠᠭᠠᠨ ᠰᠢᠢᠳᠪᠦᠷᠢᠯᠡᠬᠦ ᠳᠤ ᠴᠠᠭ ᠲᠤᠬᠠᠢ ᠳᠤ ᠨᠢ᠂ ᠪᠤᠰᠤᠳᠴᠢ᠂ ᠲᠥᠪ ᠭᠤᠣᠯᠴᠢ᠂ ᠬᠠᠤᠯᠢ ᠳᠤ ᠨᠡᠶᠢᠴᠡᠭᠰᠡᠨ | ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠬᠡᠷᠡᠭᠵᠢᠭᠦᠯᠬᠦ | ᠳᠣᠯᠣᠳᠤᠭᠠᠷ ᠵᠦᠢᠯ ᠭᠠᠯ ᠲᠦᠢᠮᠡᠷ ᠤᠨ ᠠᠳᠡᠯ ᠭᠠᠷᠤᠭᠰᠠᠨ ᠤ ᠳᠠᠷᠠᠭ᠎ᠠ᠂ ᠭᠠᠯ ᠰᠡᠷᠭᠡᠶᠢᠯᠡᠨ ᠤᠨᠲᠠᠷᠠᠭᠠᠵᠤ | ᠠᠪᠤᠷᠠᠨ ᠲᠤᠰᠠᠯᠠᠬᠤ ᠪᠠᠶᠢᠭᠤᠯᠤᠮᠵᠢ ᠨᠢ ᠭᠠᠯ ᠲᠦᠢᠮᠡᠷ ᠤᠨ ᠠᠳᠡᠯ ᠤᠨ ᠵᠡᠷᠭᠡ ᠳᠡᠰ ᠤᠨ ᠪᠠᠷᠢᠮᠵᠢᠶ᠎ᠠ ᠶᠢ | ᠦᠨᠳᠦᠰᠦᠯᠡᠨ ᠲᠣᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠵᠡᠷᠭᠡ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ︶ ᠳᠤ | ᠳᠡᠪᠰᠢᠭᠦᠯᠦᠨ ᠳᠣᠣᠷ᠎ᠠ ᠵᠢᠭᠰᠠᠭᠠᠭᠰᠠᠨ ᠡᠷᠬᠡ ᠮᠡᠳᠡᠯ ᠤᠨ ᠶᠣᠰᠣᠭᠠᠷ ᠭᠠᠯ ᠲᠦᠢᠮᠡᠷ ᠤᠨ ᠠᠳᠡᠯ ᠤᠨ | ᠪᠠᠶᠢᠴᠠᠭᠠᠯᠲᠠ ᠶᠢᠨ ᠳᠤᠭᠤᠶᠢᠯᠠᠩ ︵ᠳᠣᠷᠣᠭᠰᠢ ᠪᠠᠶᠢᠴᠠᠭᠠᠯᠲᠠ ᠶᠢᠨ ᠳᠤᠭᠤᠶᠢᠯᠠᠩ ᠭᠡᠵᠦ ᠲᠣᠪᠴᠢᠯᠠᠪᠠ︶ ᠢ ᠴᠠᠭ | ᠲᠤᠬᠠᠢ ᠳᠤ ᠨᠢ ᠪᠠᠶᠢᠭᠤᠯᠤᠨ᠎ᠠ᠄ | ︵ᠨᠢᠭᠡ︶ ᠬᠥᠮᠥᠨ ᠬᠠᠷ᠎ᠠ ᠠᠳᠡᠭᠰᠡᠨ ᠪᠤᠶᠤ ᠨᠡᠶᠢᠭᠡᠮ ᠤᠨ ᠨᠥᠯᠥᠭᠡ ᠭᠠᠷᠭᠠᠭᠰᠠᠨ ᠡᠩ ᠤᠨ ᠭᠠᠯ ᠲᠦᠢᠮᠡᠷ ᠤᠨ | ᠠᠳᠡᠯ ᠳᠤ᠂ ᠭᠠᠯ ᠲᠦᠢᠮᠡᠷ ᠤᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠶᠢ ᠬᠠᠷᠢᠭᠤᠴᠠᠨ᠎ᠠ︔ | ︵ᠬᠤᠶᠠᠷ︶ ᠨᠡᠯᠢᠶᠡᠳ ᠶᠡᠭᠡ ᠭᠠᠯ ᠲᠦᠢᠮᠡᠷ ᠤᠨ ᠠᠳᠡᠯ ᠳᠤ᠂ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠶᠢ ᠬᠠᠷᠢᠭᠤᠴᠠᠨ᠎ᠠ︔ | ︵ᠭᠤᠷᠪᠠ︶ ᠬᠦᠨᠳᠦ ᠶᠡᠭᠡ ᠭᠠᠯ ᠲᠦᠢᠮᠡᠷ ᠤᠨ ᠠᠳᠡᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠶᠢ ᠬᠠᠷᠢᠭᠤᠴᠠᠨ᠎ᠠ᠃ ᠬᠥᠮᠥᠨ ᠬᠠᠷ᠎ᠠ ᠠᠳᠡᠵᠦ | ᠰᠢᠷᠬᠠᠲᠤᠭᠰᠠᠨ ᠦᠭᠡᠢ ᠡᠩ ᠤᠨ ᠭᠠᠯ ᠲᠦᠢᠮᠡᠷ ᠤᠨ ᠠᠳᠡᠯ ᠳᠤ᠂ ᠭᠠᠯ ᠲᠦᠢᠮᠡᠷ ᠤᠨ ᠠᠳᠡᠯ ᠭᠠᠷᠤᠭᠰᠠᠨ | ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠳᠠᠯ ᠢ ᠨᠢ ᠦᠵᠡᠵᠦ ᠪᠠᠶᠢᠭᠠᠳ | ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠪᠠᠷ ᠪᠠᠶᠢᠴᠠᠭᠠᠨ ᠰᠢᠢᠳᠪᠦᠷᠢᠯᠡᠭᠦᠯᠦᠨ᠎ᠡ᠃ ᠵᠠᠰᠠᠭ | ᠵᠠᠬᠢᠷᠭᠠᠨ ᠤ ᠣᠷᠣᠨ ᠠᠯᠤᠰᠯᠠᠭᠰᠠᠨ ᠭᠠᠯ ᠲᠦᠢᠮᠡᠷ ᠤᠨ ᠠᠳᠡᠯ ᠳᠤ᠂ ᠬᠠᠮᠤᠭ ᠤᠨ ᠤᠷᠢᠳ ᠢᠶᠠᠷ ᠭᠠᠯ ᠭᠠᠷᠤᠭᠰᠠᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ | ᠬᠠᠮᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ᠃ ᠭᠠᠯ | ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠳᠤ ᠮᠠᠷᠭᠤᠭᠠᠨ | ᠪᠠᠶᠢᠪᠠᠯ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ | ᠃ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠣᠮᠢᠯᠠᠭᠰᠠᠨ ᠪᠠᠶᠢᠭᠤᠯᠭ᠎ᠠ ᠨᠢ ᠠᠳᠠᠯᠢ ᠲᠠᠰ ᠤᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠴᠠᠭ ᠢ ᠵᠠᠷᠴᠢᠮ ᠳᠡᠭᠡᠷ᠎ᠡ ᠪᠠᠨ | ᠭᠠᠯ ᠲᠦᠢᠮᠡᠷ ᠤᠨ ᠠᠳᠡᠯ ᠭᠠᠷᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ | ᠦᠭᠡᠢ᠃ | ᠨᠠᠢᠮᠠᠳᠤᠭᠠᠷ ᠵᠦᠢᠯ ᠭᠠᠯ ᠲᠦᠢᠮᠡᠷ ᠤᠨ ᠠᠳᠡᠯ ᠭᠠᠷᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ | ᠳᠣᠲᠣᠷ᠎ᠠ᠂ ᠠᠳᠡᠯ ᠳᠤ ᠠᠳᠡᠵᠦ ᠰᠢᠷᠬᠠᠲᠤᠭᠰᠠᠨ ᠬᠥᠮᠥᠨ ᠤ ᠲᠣᠭᠠᠨ ᠤ ᠬᠤᠪᠢᠷᠠᠯᠲᠠ ᠠᠴᠠ ᠪᠣᠯᠵᠤ ᠠᠳᠡᠯ | ᠭᠠᠷᠤᠭᠰᠠᠨ ᠵᠡᠷᠭᠡ ᠳᠡᠰ ᠬᠤᠪᠢᠷᠠᠪᠠᠯ᠂ ᠪᠠᠶᠢᠴᠠᠭᠠᠬᠤ ᠡᠷᠬᠡ ᠮᠡᠳᠡᠯ ᠢ ᠲᠤᠰ ᠲᠣᠭᠲᠠᠭᠠᠯ ᠶᠣᠰᠣᠭᠠᠷ ᠴᠠᠭ | ᠲᠤᠬᠠᠢ ᠳᠤ ᠨᠢ ᠲᠣᠬᠢᠷᠠᠭᠤᠯᠵᠤ᠂ ᠬᠠᠷᠠᠭᠠᠯᠵᠠᠭᠰᠠᠨ ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢ | ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠶᠢᠰᠦᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠢ ᠪᠦᠷᠢᠯᠳᠦᠭᠦᠯᠬᠦ ᠳᠤ ᠬᠦᠴᠦᠨ ᠴᠢᠳᠠᠪᠤᠷᠢ ᠶᠢ | ᠰᠢᠯᠢᠳᠡᠭᠵᠢᠭᠦᠯᠦᠨ ᠴᠣᠮᠬᠠᠳᠬᠠᠬᠤ᠂ ᠡᠭᠦᠷᠭᠡ ᠴᠢᠳᠠᠪᠤᠷᠢ ᠶᠢ ᠬᠠᠷᠢᠯᠴᠠᠨ ᠵᠣᠬᠢᠴᠠᠭᠤᠯᠬᠤ ᠵᠠᠷᠴᠢᠮ ᠢ ᠵᠢᠷᠤᠮᠯᠠᠬᠤ | ᠬᠡᠷᠡᠭᠲᠡᠢ᠃ ᠭᠠᠯ ᠲᠦᠢᠮᠡᠷ ᠤᠨ ᠠᠳᠡᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠪᠠᠶᠢᠴᠠᠭᠠᠯᠲᠠ ᠶᠢᠨ | ᠳᠤᠭᠤᠶᠢᠯᠠᠩ ᠤᠨ ᠪᠦᠷᠢᠯᠳᠦᠭᠦᠨ ᠨᠠᠷ ᠢ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ︵ᠵᠠᠰᠠᠭ ᠤᠨ | ᠣᠷᠳᠣᠨ ᠤ ᠲᠣᠮᠢᠯᠠᠭᠰᠠᠨ ᠪᠠᠶᠢᠭᠤᠯᠭ᠎ᠠ ᠪᠠᠭᠲᠠᠨ᠎ᠠ︶᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ | ᠵᠢᠴᠢ ᠠᠵᠢᠯᠴᠢᠨ ᠤ ᠡᠪᠯᠡᠯ ᠠᠴᠠ ᠠᠵᠢᠯᠲᠠᠨ ᠲᠣᠮᠢᠯᠠᠨ ᠪᠦᠷᠢᠯᠳᠦᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢ ᠤᠷᠢᠵᠤ ᠠᠵᠢᠯᠲᠠᠨ ᠲᠣᠮᠢᠯᠠᠨ ᠣᠷᠣᠯᠴᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢ | ᠤᠷᠢᠵᠤ ᠠᠵᠢᠯᠲᠠᠨ ᠲᠣᠮᠢᠯᠠᠭᠤᠯᠤᠨ ᠣᠷᠣᠯᠴᠠᠭᠤᠯᠵᠤ ᠪᠣᠯᠣᠨ᠎ᠠ᠃ ᠪᠠᠶᠢᠴᠠᠭᠠᠯᠲᠠ ᠶᠢᠨ ᠳᠤᠭᠤᠶᠢᠯᠠᠩ ᠬᠤᠯᠪᠣᠭᠳᠠᠯ | ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠪᠠᠶᠢᠴᠠᠭᠠᠯᠲᠠ ᠬᠢᠬᠦ᠂ ᠬᠢᠨᠠᠨ ᠲᠣᠭᠲᠠᠭᠠᠬᠤ ᠵᠡᠷᠭᠡ ᠠᠵᠢᠯ ᠳᠤ | ᠣᠷᠣᠯᠴᠠᠭᠤᠯᠵᠤ ᠪᠣᠯᠣᠨ᠎ᠠ᠃ ᠪᠠᠶᠢᠴᠠᠭᠠᠯᠲᠠ ᠶᠢᠨ ᠳᠤᠭᠤᠶᠢᠯᠠᠩ ᠬᠡᠷᠡᠭᠴᠡᠭᠡ ᠪᠠᠨ ᠦᠨᠳᠦᠰᠦᠯᠡᠨ ᠬᠠᠤᠯᠢ ᠶᠣᠰᠣᠭᠠᠷ | ᠪᠠᠶᠢᠭᠤᠯᠤᠭᠰᠠᠨ ᠦᠨ᠎ᠡ ᠬᠠᠩᠰᠢ ᠶᠢ ᠭᠡᠷᠡᠴᠢᠯᠡᠬᠦ ᠪᠠᠶᠢᠭᠤᠯᠤᠮᠵᠢ ᠶᠢ ᠨᠠᠶᠢᠳᠠᠭᠠᠳ ᠭᠠᠯ ᠲᠦᠢᠮᠡᠷ ᠲᠤ ᠰᠢᠭᠤᠳ | ᠬᠤᠬᠢᠷᠠᠵᠤ ᠰᠦᠢᠳᠦᠭᠰᠡᠨ ᠡᠳ᠋ ᠬᠥᠷᠥᠩᠭᠡ ᠶᠢᠨ ᠦᠨ᠎ᠡ ᠬᠠᠩᠰᠢ ᠶᠢ ᠬᠢᠨᠠᠨ ᠲᠣᠭᠲᠠᠭᠠᠯᠭᠠᠵᠤ ᠪᠣᠯᠣᠨ᠎ᠠ᠃ | ᠠᠷᠪᠠᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠪᠠᠶᠢᠴᠠᠭᠠᠯᠲᠠ ᠶᠢᠨ | ᠳᠤᠭᠤᠶᠢᠯᠠᠩ ᠤᠨ ᠡᠳᠦᠷ ᠳᠤᠲᠤᠮ ᠤᠨ ᠠᠵᠢᠯ ᠢ ᠡᠷᠬᠢᠯᠡᠨ᠎ᠡ᠃ ᠪᠠᠶᠢᠴᠠᠭᠠᠯᠲᠠ ᠶᠢᠨ ᠳᠤᠭᠤᠶᠢᠯᠠᠩ ᠤᠨ ᠳᠠᠷᠤᠭ᠎ᠠ ᠶᠢ | ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ | ᠣᠷᠳᠣᠨ ᠵᠢᠭᠠᠨ ᠲᠣᠭᠲᠠᠭᠠᠵᠤ᠂ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠪᠠᠶᠢᠭ᠎ᠠ ᠠᠷᠠᠳ ᠤᠨ | ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠤᠶᠤ ᠲᠤᠰ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ | ᠡᠭᠦᠷᠭᠡᠯᠡᠭᠦᠯᠵᠦ ᠪᠣᠯᠣᠨ᠎ᠠ᠃ | ᠠᠷᠪᠠᠨ ᠨᠢᠭᠡᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠳᠤ ᠳᠣᠣᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠪᠠᠯ ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ᠄ | ︵ᠨᠢᠭᠡ︶ ᠭᠠᠯ ᠲᠦᠢᠮᠡᠷ ᠤᠨ ᠠᠳᠡᠯ ᠤᠨ ᠲᠤᠬᠠᠢ ᠶᠢᠨ ᠬᠥᠮᠥᠨ ᠪᠤᠶᠤ ᠲᠤᠬᠠᠢ ᠶᠢᠨ ᠬᠥᠮᠥᠨ ᠤ ᠣᠶᠢᠷ᠎ᠠ | ᠲᠥᠷᠥᠯ ᠰᠠᠳᠤᠨ ᠪᠣᠯᠬᠤ︔ | ︵ᠬᠤᠶᠠᠷ︶ ᠲᠤᠰ ᠬᠥᠮᠥᠨ ᠪᠤᠶᠤ ᠣᠶᠢᠷ᠎ᠠ ᠲᠥᠷᠥᠯ ᠰᠠᠳᠤᠨ ᠨᠢ ᠭᠠᠯ ᠲᠦᠢᠮᠡᠷ ᠤᠨ ᠠᠳᠡᠯ ᠯᠦᠭᠡ ᠠᠰᠢᠭ | ᠬᠤᠣᠷ ᠤᠨ ᠬᠠᠷᠢᠴᠠᠭ᠎ᠠ ᠲᠠᠢ ᠪᠠᠶᠢᠬᠤ︔ | ︵ᠭᠤᠷᠪᠠ︶ ᠭᠠᠯ ᠲᠦᠢᠮᠡᠷ ᠤᠨ ᠠᠳᠡᠯ ᠤᠨ ᠲᠤᠬᠠᠢ ᠶᠢᠨ ᠬᠥᠮᠥᠨ ᠯᠦᠭᠡ ᠪᠤᠰᠤᠳ ᠬᠠᠷᠢᠴᠠᠭ᠎ᠠ ᠲᠠᠢ ᠪᠠᠶᠢᠵᠤ᠂ | ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠥᠪ ᠭᠤᠤᠯᠴᠢ ᠴᠢᠨᠠᠷ ᠢ ᠨᠥᠯᠥᠭᠡᠯᠡᠬᠦ | ᠪᠣᠯᠣᠯᠴᠠᠭ᠎ᠠ ᠲᠠᠢ᠃ | ᠠᠷᠪᠠᠨ ᠬᠤᠶᠠᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠳᠣᠣᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠄ | ︵ᠨᠢᠭᠡ︶ ᠪᠠᠶᠢᠴᠠᠭᠠᠯᠲᠠ ᠶᠢᠨ ᠲᠥᠰᠥᠯ ᠲᠣᠭᠲᠠᠭᠠᠬᠤ᠂ ᠡᠭᠦᠷᠭᠡ ᠠᠵᠢᠯ ᠤᠨ ᠬᠤᠪᠢᠶᠠᠷᠢᠯᠠᠯ ᠢ ᠪᠠᠶᠢᠷᠢᠯᠠᠭᠤᠯᠬᠤ | ᠂ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠵᠤ ᠠᠬᠢᠭᠤᠯᠬᠤ︔ | ︵ᠬᠤᠶᠠᠷ︶ ᠭᠠᠯ ᠲᠦᠢᠮᠡᠷ ᠤᠨ ᠠᠳᠡᠯ ᠭᠠᠷᠤᠭᠰᠠᠨ ᠶᠠᠪᠤᠴᠠ᠂ ᠰᠢᠭᠤᠳ ᠰᠢᠯᠲᠠᠭᠠᠨ᠂ ᠳᠠᠮ ᠰᠢᠯᠲᠠᠭᠠᠨ ᠪᠠ | ᠭᠠᠮᠰᠢᠭ ᠪᠣᠯᠤᠭᠰᠠᠨ ᠰᠢᠯᠲᠠᠭᠠᠨ ᠢ ᠪᠠᠶᠢᠴᠠᠭᠠᠨ ᠲᠣᠳᠣᠯᠠᠵᠤ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠳᠠᠯ | ᠵᠢᠴᠢ ᠠᠵᠤ ᠠᠬᠤᠢ ᠶᠢᠨ ᠰᠢᠭᠤᠳ ᠬᠤᠬᠢᠷᠠᠯ ᠢ ᠪᠦᠷᠢᠳᠬᠡᠬᠦ︔ | ︵ᠭᠤᠷᠪᠠ︶ ᠭᠠᠯ ᠲᠦᠢᠮᠡᠷ ᠤᠨ ᠠᠳᠡᠯ ᠤᠨ ᠰᠢᠨᠵᠢ ᠴᠢᠨᠠᠷ ᠪᠠ ᠭᠠᠯ ᠲᠦᠢᠮᠡᠷ ᠤᠨ ᠠᠳᠡᠯ ᠤᠨ | ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ︔ | ︵ᠳᠥᠷᠪᠡ︶ ᠭᠠᠯ ᠲᠦᠢᠮᠡᠷ ᠤᠨ ᠠᠳᠡᠯ ᠤᠨ ᠬᠠᠷᠢᠭᠤᠴᠠᠭᠴᠢ ᠳᠤ ᠰᠢᠢᠳᠬᠡᠯ ᠥᠭᠬᠦ ᠰᠠᠨᠠᠭᠤᠯᠭ᠎ᠠ ᠳᠤᠷᠠᠳᠬᠤ︔ | | ︵ᠲᠠᠪᠤ︶ ᠭᠠᠯ ᠲᠦᠢᠮᠡᠷ ᠤᠨ ᠠᠳᠡᠯ ᠤᠨ ᠰᠤᠷᠭᠠᠮᠵᠢ ᠶᠢ ᠳ᠋ᠦᠩᠨᠡᠵᠦ᠂ ᠴᠡᠭᠴᠡᠯᠡᠨ ᠰᠠᠶᠢᠵᠢᠷᠠᠭᠤᠯᠬᠤ ᠪᠠ | ᠰᠡᠷᠭᠡᠶᠢᠯᠡᠬᠦ ᠠᠷᠭ᠎ᠠ ᠬᠡᠮᠵᠢᠶ᠎ᠡ ᠳᠤᠷᠠᠳᠬᠤ︔ | ︵ᠵᠢᠷᠭᠤᠭ᠎ᠠ︶ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠭᠠᠯ ᠲᠦᠢᠮᠡᠷ ᠤᠨ ᠠᠳᠡᠯ ᠤᠨ | ᠪᠠᠶᠢᠴᠠᠭᠠᠯᠲᠠ ᠶᠢᠨ ᠮᠡᠳᠡᠭᠦᠯᠦᠯᠲᠡ ᠲᠤᠰᠢᠶᠠᠬᠤ᠃ | ᠠᠷᠪᠠᠨ ᠭᠤᠷᠪᠠᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠨᠢ ᠪᠣᠳᠠᠲᠤ ᠪᠠᠶᠢᠳᠠᠯ ᠪᠠ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠶᠡᠷᠦᠩᠬᠡᠶᠢᠯᠡᠭᠰᠡᠨ ᠳᠤᠭᠤᠶᠢᠯᠠᠩ᠂ ᠮᠡᠷᠭᠡᠵᠢᠯ ᠤᠨ ᠳᠤᠭᠤᠶᠢᠯᠠᠩ᠂ | ᠬᠠᠮᠢᠶᠠᠷᠤᠯᠲᠠ ᠶᠢᠨ ᠳᠤᠭᠤᠶᠢᠯᠠᠩ᠂ ᠠᠪᠤᠷᠠᠨ ᠲᠤᠰᠠᠯᠠᠵᠤ ᠦᠨᠡᠯᠡᠨ ᠵᠢᠱᠢᠬᠦ ᠳᠤᠭᠤᠶᠢᠯᠠᠩ ᠵᠡᠷᠭᠡ ᠠᠵᠢᠯ ᠤᠨ | ᠳᠤᠭᠤᠶᠢᠯᠠᠩ ᠲᠣᠬᠢᠷᠠᠭᠤᠯᠵᠤ᠂ ᠮᠡᠷᠭᠡᠵᠢᠯ ᠤᠨ ᠳᠤᠭᠤᠶᠢᠯᠠᠩ ᠨᠢ ᠪᠠᠶᠢᠴᠠᠭᠠᠯᠲᠠ ᠶᠢᠨ ᠪᠣᠳᠠᠲᠤ ᠬᠡᠷᠡᠭᠴᠡᠭᠡ ᠪᠠᠨ | ᠦᠨᠳᠦᠰᠦᠯᠡᠨ ᠳᠣᠷᠣᠭᠰᠢ ᠪᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠮᠡᠷᠭᠡᠵᠢᠯ ᠤᠨ ᠳᠡᠮᠵᠢᠯᠭᠡ | ᠬᠠᠩᠭᠠᠯᠭᠠᠵᠤ ᠪᠣᠯᠣᠨ᠎ᠠ᠃ ᠶᠡᠷᠦᠩᠬᠡᠶᠢᠯᠡᠭᠰᠡᠨ ᠳᠤᠭᠤᠶᠢᠯᠠᠩ᠄ ᠭᠤᠣᠯᠳᠠᠭᠤ ᠪᠠᠶᠢᠴᠠᠭᠠᠬᠤ ᠠᠵᠢᠯ ᠤᠨ ᠶᠡᠷᠦᠩᠬᠡᠶᠢᠯᠡᠨ | ᠵᠣᠬᠢᠴᠠᠭᠤᠯᠬᠤ᠂ ᠵᠣᠬᠢᠶᠠᠨ ᠪᠠᠶᠢᠭᠤᠯᠵᠤ ᠲᠣᠬᠢᠷᠠᠭᠤᠯᠬᠤ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ | ᠬᠠᠷᠢᠭᠤᠴᠠᠨ᠎ᠠ︔ ᠪᠠᠶᠢᠴᠠᠭᠠᠯᠲᠠ ᠶᠢᠨ ᠳᠤᠭᠤᠶᠢᠯᠠᠩ ᠤᠨ ᠬᠤᠷᠠᠯ ᠢ ᠨᠢᠭᠡᠳᠦᠯᠲᠡᠢ ᠲᠥᠯᠥᠪᠯᠡᠨ ᠬᠤᠷᠠᠯᠳᠤᠭᠤᠯᠵᠤ᠂ | ᠡᠯ᠎ᠡ ᠠᠵᠢᠯ ᠤᠨ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠡᠵᠡᠮᠰᠢᠨ᠎ᠡ︔ ᠪᠠᠶᠢᠴᠠᠭᠠᠨ ᠰᠢᠢᠳᠪᠦᠷᠢᠯᠡᠬᠦ | ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ᠂ ᠰᠢᠢᠳᠪᠦᠷᠢᠯᠡᠬᠦ | ᠪᠠ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ︔ ᠡᠯ᠎ᠡ ᠠᠵᠢᠯ ᠤᠨ ᠳᠤᠭᠤᠶᠢᠯᠠᠩ ᠤᠨ | ᠪᠠᠶᠢᠴᠠᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ ᠳᠡᠪᠰᠢᠭᠦᠯᠵᠦ ᠬᠢᠨᠠᠨ | ᠵᠥᠪᠯᠡᠭᠦᠯᠦᠨ᠎ᠡ᠃ ᠮᠡᠷᠭᠡᠵᠢᠯ ᠤᠨ ᠳᠤᠭᠤᠶᠢᠯᠠᠩ᠄ ᠭᠤᠣᠯᠳᠠᠭᠤ ᠭᠠᠯ ᠲᠦᠢᠮᠡᠷ ᠤᠨ ᠬᠠᠮᠢᠶ᠎ᠠ ᠪᠦᠬᠦᠢ ᠪᠣᠳᠠᠲᠤ | ᠬᠡᠷᠡᠭ ᠢ ᠪᠠᠶᠢᠴᠠᠭᠠᠨ ᠲᠣᠳᠣᠯᠠᠵᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠵᠢᠴᠢ ᠭᠠᠯ ᠲᠦᠢᠮᠡᠷ ᠠᠴᠠ | ᠪᠣᠯᠤᠭᠰᠠᠨ ᠠᠵᠤ ᠠᠬᠤᠢ ᠶᠢᠨ ᠰᠢᠭᠤᠳ ᠬᠤᠬᠢᠷᠠᠯ ᠢ ᠪᠦᠷᠢᠳᠬᠡᠬᠦ ᠶᠢ ᠬᠠᠷᠢᠭᠤᠴᠠᠨ᠎ᠠ︔ ᠭᠠᠯ ᠲᠦᠢᠮᠡᠷ ᠭᠠᠷᠤᠭᠰᠠᠨ | ᠰᠢᠭᠤᠳ ᠰᠢᠯᠲᠠᠭᠠᠨ ᠪᠠ ᠮᠡᠷᠭᠡᠵᠢᠯ ᠤᠨ ᠲᠠᠯ᠎ᠠ ᠶᠢᠨ ᠳᠠᠮ ᠰᠢᠯᠲᠠᠭᠠᠨ ᠢ ᠪᠠᠶᠢᠴᠠᠭᠠᠨ ᠲᠣᠳᠣᠯᠠᠨ᠎ᠠ︔ ᠭᠠᠯ | ᠲᠦᠢᠮᠡᠷ ᠤᠨ ᠠᠳᠡᠯ ᠤᠨ ᠰᠢᠨᠵᠢ ᠴᠢᠨᠠᠷ ᠢ ᠮᠠᠭᠠᠳᠯᠠᠨ ᠲᠣᠭᠲᠠᠭᠠᠬᠤ ᠲᠤᠬᠠᠢ ᠠᠩᠬ᠎ᠠ ᠠᠯᠬᠤᠮ ᠤᠨ ᠰᠠᠨᠠᠯ ᠪᠠ | ᠠᠳᠡᠯ ᠢ ᠰᠡᠷᠭᠡᠶᠢᠯᠡᠬᠦ ᠮᠡᠷᠭᠡᠵᠢᠯ ᠤᠨ ᠴᠢᠨᠠᠷᠲᠠᠢ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ᠎ᠠ︔ | ᠮᠡᠷᠭᠡᠵᠢᠯ ᠤᠨ ᠳᠤᠭᠤᠶᠢᠯᠠᠩ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠭᠤᠷᠪᠢᠬᠤ ᠶᠢᠨ ᠬᠠᠮᠲᠤ | ᠪᠠᠶᠢᠴᠠᠭᠠᠯᠲᠠ ᠶᠢᠨ ᠳᠤᠭᠤᠶᠢᠯᠠᠩ ᠳᠤ ᠲᠤᠰᠢᠶᠠᠵᠤ ᠬᠢᠨᠠᠨ ᠪᠠᠶᠢᠴᠠᠭᠠᠯᠭᠠᠨ᠎ᠠ᠃ ᠬᠠᠮᠢᠶᠠᠷᠤᠯᠲᠠ ᠶᠢᠨ ᠳᠤᠭᠤᠶᠢᠯᠠᠩ᠄ | ᠭᠤᠣᠯᠳᠠᠭᠤ ᠭᠠᠯ ᠲᠦᠢᠮᠡᠷ ᠤᠨ ᠠᠳᠡᠯ ᠤᠨ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠢ ᠪᠠᠶᠢᠴᠠᠭᠠᠬᠤ ᠶᠢ | ᠬᠠᠷᠢᠭᠤᠴᠠᠵᠤ᠂ ᠭᠠᠯ ᠲᠦᠢᠮᠡᠷ ᠭᠠᠷᠤᠭᠰᠠᠨ᠂ ᠦᠷᠪᠢᠰᠦᠨ ᠥᠷᠭᠡᠵᠢᠭᠰᠡᠨ ᠳᠤ ᠬᠠᠷᠢᠭᠤᠴᠠᠯᠭ᠎ᠠ ᠲᠠᠢ ᠬᠤᠯᠪᠣᠭᠳᠠᠯ | ᠪᠦᠬᠦᠢ ᠨᠢᠭᠡᠴᠢ ᠪᠠ ᠠᠵᠢᠯᠲᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠨ ᠵᠠᠳᠠᠯᠵᠤ᠂ ᠭᠠᠯ ᠲᠦᠢᠮᠡᠷ ᠤᠨ ᠬᠠᠮᠢᠶ᠎ᠠ ᠪᠦᠬᠦᠢ | ᠨᠢᠭᠡᠴᠢ ᠵᠢᠴᠢ ᠲᠡᠭᠦᠨ ᠤ ᠠᠵᠢᠯᠲᠠᠨ ᠤ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠵᠤ᠂ ᠬᠠᠷᠢᠭᠤᠴᠠᠭᠴᠢ ᠳᠤ | ᠰᠢᠢᠳᠬᠡᠯ ᠥᠭᠬᠦ ᠰᠠᠨᠠᠭᠤᠯᠭ᠎ᠠ ᠳᠤᠷᠠᠳᠤᠨ᠎ᠠ︔ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠰᠡᠷᠭᠡᠶᠢᠯᠡᠬᠦ | ᠰᠠᠨᠠᠭᠤᠯᠭ᠎ᠠ ᠳᠤᠷᠠᠳᠤᠨ᠎ᠠ︔ ᠬᠠᠮᠢᠶᠠᠷᠤᠯᠲᠠ ᠶᠢᠨ ᠳᠤᠭᠤᠶᠢᠯᠠᠩ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ ᠲᠤᠰᠢᠶᠠᠵᠤ ᠬᠢᠨᠠᠨ ᠪᠠᠶᠢᠴᠠᠭᠠᠯᠭᠠᠨ᠎ᠠ᠃ ᠠᠪᠤᠷᠠᠨ | ᠲᠤᠰᠠᠯᠠᠯᠲᠠ ᠶᠢ ᠦᠨᠡᠯᠡᠨ ᠵᠢᠱᠢᠬᠦ ᠳᠤᠭᠤᠶᠢᠯᠠᠩ᠄ ᠭᠤᠣᠯᠳᠠᠭᠤ ᠠᠳᠡᠯ ᠤᠨ ᠠᠪᠤᠷᠠᠨ ᠲᠤᠰᠠᠯᠠᠬᠤ ᠠᠵᠢᠯ ᠢ ᠦᠨᠡᠯᠡᠨ | ᠵᠢᠱᠢᠬᠦ ᠶᠢ ᠬᠠᠷᠢᠭᠤᠴᠠᠵᠤ᠂ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶᠂ ᠬᠠᠷᠢᠶ᠎ᠠ | ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠳᠤ ᠣᠷᠣᠯᠴᠠᠭᠰᠠᠨ | ᠰᠠᠯᠠᠭ᠎ᠠ ᠮᠥᠴᠢᠷ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠯ ᠲᠦᠢᠮᠡᠷ ᠤᠨ ᠠᠳᠡᠯ | ᠭᠠᠷᠬᠤ ᠠᠴᠠ ᠡᠮᠦᠨ᠎ᠡ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠳᠠᠭᠠᠵᠤ ᠭᠦᠢᠴᠡᠳᠬᠡᠬᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠢᠴᠢ ᠠᠪᠤᠷᠠᠨ ᠲᠤᠰᠠᠯᠠᠬᠤ | ᠪᠤᠰᠤᠳ ᠠᠵᠢᠯ ᠤᠨ ᠲᠣᠭᠤᠷᠢᠨ ᠳᠤ ᠦᠨᠡᠯᠡᠨ ᠵᠢᠱᠢᠬᠦ ᠰᠠᠨᠠᠯ ᠳᠤᠷᠠᠳᠤᠨ᠎ᠠ︔ ᠠᠪᠤᠷᠠᠨ ᠲᠤᠰᠠᠯᠠᠯᠲᠠ ᠶᠢ ᠦᠨᠡᠯᠡᠨ | ᠵᠢᠱᠢᠭᠰᠡᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ | ᠲᠤᠰᠢᠶᠠᠵᠤ ᠬᠢᠨᠠᠨ ᠪᠠᠶᠢᠴᠠᠭᠠᠯᠭᠠᠨ᠎ᠠ᠃ | ᠠᠷᠪᠠᠨ ᠳᠥᠷᠪᠡᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠨᠢ ᠪᠠᠶᠢᠴᠠᠭᠠᠬᠤ ᠬᠤᠭᠤᠴᠠᠭᠠᠨ ᠳᠤ ᠪᠠᠨ | ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠪᠤᠶᠤ ᠡᠯᠧᠺᠲᠷᠣᠨ ᠰᠢᠤᠳᠠᠨ ᠤ ᠬᠠᠶ᠋ᠢᠭ ᠢᠶᠠᠨ ᠢᠯᠡ | ᠪᠣᠯᠭᠠᠵᠤ᠂ ᠪᠠᠶᠢᠴᠠᠭᠠᠯᠲᠠ ᠶᠢᠨ ᠡᠭᠦᠷᠭᠡ ᠯᠦᠭᠡ ᠬᠤᠯᠪᠣᠭᠳᠠᠬᠤ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢᠨ | ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠂ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠪᠠᠶᠢᠭᠠᠳ ᠬᠠᠷᠭᠤᠭᠤᠯᠤᠨ ᠪᠠᠶᠢᠴᠠᠭᠠᠯᠭᠠᠵᠤ᠂ | ᠬᠠᠤᠯᠢ ᠶᠣᠰᠣᠭᠠᠷ ᠰᠢᠢᠳᠪᠦᠷᠢᠯᠡᠭᠦᠯᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ | ᠬᠡᠷᠡᠭᠲᠡᠢ᠃ | ᠭᠤᠷᠪᠠᠳᠤᠭᠠᠷ ᠪᠦᠯᠦᠭ ᠠᠳᠡᠯ ᠤᠨ ᠪᠠᠶᠢᠴᠠᠭᠠᠯᠲᠠ | ᠠᠷᠪᠠᠨ ᠲᠠᠪᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢᠮᠡᠷ ᠤᠨ ᠠᠳᠡᠯ ᠢ | ᠪᠠᠶᠢᠴᠠᠭᠠᠨ ᠰᠢᠢᠳᠪᠦᠷᠢᠯᠡᠬᠦ ᠶᠢ ᠬᠠᠷᠰᠢᠯᠠᠵᠤ᠂ ᠬᠤᠷᠢᠭᠯᠠᠬᠤ ᠪᠠ ᠡᠨᠡ ᠬᠦ ᠠᠵᠢᠯ ᠳᠤ ᠭᠠᠷ ᠲᠥᠷᠥᠵᠦ ᠪᠣᠯᠬᠤ ᠦᠭᠡᠢ | ᠃ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠠᠳᠡᠯ ᠤᠨ ᠲᠤᠬᠠᠢ ᠶᠢᠨ ᠲᠠᠯᠠᠪᠠᠶ ᠵᠢᠴᠢ ᠬᠤᠯᠪᠣᠭᠳᠠᠯ ᠪᠦᠬᠦᠢ | ᠭᠡᠷᠡᠴᠢ ᠪᠠᠷᠢᠮᠲᠠ ᠶᠢ ᠲᠣᠬᠢᠲᠠᠢ ᠬᠠᠮᠠᠭᠠᠯᠠᠬᠤ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ | ᠲᠦᠢᠮᠡᠷ ᠤᠨ ᠠᠳᠡᠯ ᠤᠨ ᠲᠤᠬᠠᠢ ᠶᠢᠨ ᠲᠠᠯᠠᠪᠠᠶ ᠶᠢ ᠡᠪᠳᠡᠬᠦ ᠵᠢᠴᠢ ᠬᠠᠮᠢᠶ᠎ᠠ ᠪᠦᠬᠦᠢ ᠭᠡᠷᠡᠴᠢ ᠪᠠᠷᠢᠮᠲᠠ ᠶᠢ | ᠰᠦᠢᠳᠬᠡᠵᠦ᠂ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ | ᠲᠠᠯᠠᠪᠤᠷ ᠭᠠᠵᠠᠷ︶ ᠶᠢᠨ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ ᠠᠵᠢᠯᠲᠠᠨ ᠨᠢ ᠭᠠᠯ ᠲᠦᠢᠮᠡᠷ ᠤᠨ ᠠᠳᠡᠯ ᠳᠤ | ᠪᠠᠶᠢᠴᠠᠭᠠᠯᠲᠠ ᠬᠢᠵᠦ ᠪᠠᠶᠢᠭ᠎ᠠ ᠬᠤᠭᠤᠴᠠᠭᠠᠨ ᠳᠤ ᠠᠵᠢᠯ ᠲᠤᠰᠢᠶᠠᠯ ᠤᠨ ᠪᠠᠶᠢᠷᠢ ᠠᠴᠠ ᠪᠠᠨ ᠳᠤᠷ᠎ᠠ ᠪᠠᠷ ᠰᠠᠯᠵᠤ | ᠪᠣᠯᠬᠤ ᠦᠭᠡᠢ᠂ ᠪᠠᠶᠢᠴᠠᠭᠠᠯᠲᠠ ᠶᠢᠨ ᠳᠤᠭᠤᠶᠢᠯᠠᠩ ᠤᠨ ᠪᠠᠶᠢᠴᠠᠭᠠᠯᠲᠠ ᠶᠢ ᠢᠳᠡᠪᠬᠢᠲᠡᠢ ᠪᠠᠷ ᠬᠠᠮᠵᠢᠬᠤ ᠶᠢᠨ ᠬᠠᠮᠲᠤ᠂ | ᠬᠤᠯᠪᠣᠭᠳᠠᠯ ᠪᠦᠬᠦᠢ ᠪᠠᠶᠢᠳᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠨᠢ ᠬᠤᠯᠪᠣᠭᠳᠠᠯ ᠪᠦᠬᠦᠢ ᠨᠢᠭᠡᠴᠢ ᠪᠠ ᠬᠤᠪᠢ | ᠬᠥᠮᠥᠨ ᠠᠴᠠ ᠭᠠᠯ ᠲᠦᠢᠮᠡᠷ ᠤᠨ ᠠᠳᠡᠯ ᠯᠦᠭᠡ ᠬᠤᠯᠪᠣᠭᠳᠠᠭᠰᠠᠨ ᠪᠠᠶᠢᠳᠠᠯ ᠢ ᠪᠦᠬᠦ ᠲᠠᠯ᠎ᠠ ᠪᠠᠷ᠂ ᠦᠨᠡᠨ | ᠪᠣᠳᠠᠲᠠᠢ ᠪᠠᠷ ᠣᠶᠢᠯᠠᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠭᠤᠴᠢ ᠦᠢᠯᠡᠴᠢᠯᠡᠭᠡ᠂ ᠦᠢᠯᠡᠳᠬᠦᠨ ᠤ | ᠶᠠᠰᠤ ᠴᠢᠨᠠᠷ᠂ ᠬᠡᠷᠡᠭᠯᠡᠯᠲᠡ ᠶᠢᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠬᠠᠷᠢᠶ᠎ᠠ ᠭᠠᠵᠠᠷ ᠤᠨ | ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠬᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠬᠦ | ᠵᠡᠷᠭᠡ ᠪᠠᠶᠢᠳᠠᠯ ᠢ ᠤᠷᠲᠤᠳᠬᠠᠨ ᠪᠠᠶᠢᠴᠠᠭᠠᠬᠤ ᠶᠢᠨ ᠬᠠᠮᠲᠤ ᠲᠡᠭᠦᠨ ᠢ ᠪᠢᠴᠢᠭ ᠮᠠᠲ᠋ᠧᠷᠢᠶᠠᠯ᠂ ᠡᠯᠧᠺᠲᠷᠣᠨ ᠳ᠋ᠠᠶᠢᠲ᠋ᠠ | ᠵᠡᠷᠭᠡ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠪᠠᠯ᠂ ᠬᠤᠯᠪᠣᠭᠳᠠᠯ ᠪᠦᠬᠦᠢ | ᠨᠢᠭᠡᠴᠢ ᠪᠠ ᠬᠤᠪᠢ ᠬᠥᠮᠥᠨ ᠲᠡᠪᠴᠢᠵᠦ ᠪᠣᠯᠬᠤ ᠦᠭᠡᠢ᠃ ᠬᠠᠤᠯᠢ ᠲᠣᠭᠲᠠᠭᠠᠯ ᠢ ᠵᠥᠷᠢᠴᠡᠭᠰᠡᠨ ᠪᠤᠶᠤ ᠬᠠᠤᠯᠢ ᠳᠤ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ᠂ ᠭᠠᠯ ᠲᠦᠢᠮᠡᠷ ᠤᠨ ᠠᠳᠡᠯ | ᠭᠠᠷᠭᠠᠭᠰᠠᠨ ᠶᠠᠪᠤᠳᠠᠯ ᠳᠤ ᠬᠠᠷᠢᠭᠤᠴᠠᠯᠭ᠎ᠠ ᠲᠠᠢ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠳᠤ | ᠪᠠᠶᠢᠴᠠᠭᠠᠯᠲᠠ ᠶᠢᠨ ᠳᠤᠭᠤᠶᠢᠯᠠᠩ ᠰᠢᠢᠳᠬᠡᠯ ᠥᠭᠬᠦ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯᠲᠠᠨ ᠦᠨᠡᠨᠴᠢ | ᠢᠲᠡᠭᠡᠮᠵᠢᠲᠡᠢ ᠪᠠ ᠲᠥᠪ ᠭᠤᠣᠯᠴᠢ ᠪᠠᠶᠢᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ | ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ᠂ ᠪᠠᠶᠢᠴᠠᠭᠠᠯᠲᠠ ᠶᠢᠨ ᠨᠢᠭᠤᠴᠠ ᠶᠢ ᠬᠠᠮᠠᠭᠠᠯᠠᠨ᠂ ᠬᠢᠨᠠᠯᠲᠠ | ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠭᠠᠯ ᠲᠦᠢᠮᠡᠷ ᠤᠨ ᠠᠳᠡᠯ ᠢ ᠪᠠᠶᠢᠴᠠᠭᠠᠨ | ᠰᠢᠢᠳᠪᠦᠷᠢᠯᠡᠬᠦ ᠳᠤ ᠣᠷᠣᠯᠴᠠᠭᠰᠠᠨ ᠠᠵᠢᠯᠲᠠᠨ ᠭᠠᠯ ᠲᠦᠢᠮᠡᠷ ᠤᠨ ᠠᠳᠡᠯ ᠵᠢᠴᠢ ᠪᠠᠶᠢᠴᠠᠭᠠᠨ ᠰᠢᠢᠳᠪᠦᠷᠢᠯᠡᠭᠰᠡᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠭᠠᠳᠠᠭᠰᠢ ᠨᠡᠶᠢᠲᠡᠯᠡᠬᠦ ᠪᠠ ᠲᠠᠷᠬᠠᠭᠠᠵᠤ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠪᠠᠶᠢᠴᠠᠭᠠᠯᠲᠠ ᠶᠢᠨ ᠶᠠᠪᠤᠴᠠ ᠳᠤ᠂ ᠪᠠᠶᠢᠴᠠᠭᠠᠯᠲᠠ ᠳᠤ ᠣᠷᠣᠯᠴᠠᠭᠰᠠᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠠᠤᠯᠢ ᠶᠣᠰᠣᠭᠠᠷ ᠴᠤᠭᠯᠠᠭᠤᠯᠤᠨ᠂ ᠦᠢᠯᠡᠳᠦᠭᠰᠡᠨ | ᠲᠤᠬᠠᠢ ᠶᠢᠨ ᠬᠥᠮᠥᠨ ᠤ ᠲᠣᠭᠠᠴᠢᠯᠲᠠ᠂ ᠪᠢᠴᠢᠭ ᠤᠨ ᠭᠡᠷᠡᠴᠢ᠂ ᠪᠣᠳᠠᠰ ᠤᠨ ᠭᠡᠷᠡᠴᠢ᠂ ᠳᠠᠭᠤ ᠳᠦᠷᠰᠦ | ᠰᠢᠩᠭᠡᠯᠲᠡ ᠶᠢᠨ ᠮᠠᠲ᠋ᠧᠷᠢᠶᠠᠯ᠂ ᠡᠯᠧᠺᠲᠷᠣᠨ ᠳ᠋ᠠᠶᠢᠲ᠋ᠠ᠂ ᠭᠡᠷᠡᠴᠢᠯᠡᠭᠴᠢ ᠶᠢᠨ ᠭᠡᠷᠡᠴᠢ ᠦᠭᠡ᠂ ᠬᠢᠨᠠᠨ ᠲᠣᠭᠲᠠᠭᠠᠭᠰᠠᠨ | ᠰᠠᠨᠠᠯ᠂ ᠬᠠᠶᠢᠨ ᠰᠢᠯᠭᠠᠭᠰᠠᠨ ᠲᠡᠮᠳᠡᠭᠯᠡᠯ᠂ ᠲᠤᠬᠠᠢ ᠶᠢᠨ ᠲᠠᠯᠠᠪᠠᠶ ᠶᠢᠨ ᠲᠡᠮᠳᠡᠭᠯᠡᠯ ᠵᠡᠷᠭᠡ ᠭᠡᠷᠡᠴᠢ ᠪᠠᠷᠢᠮᠲᠠ ᠶᠢᠨ | ᠮᠠᠲ᠋ᠧᠷᠢᠶᠠᠯ ᠢ ᠬᠠᠷᠢᠯᠴᠠᠨ ᠨᠡᠪᠲᠡᠷᠡᠯᠴᠡᠵᠦ ᠬᠠᠮᠲᠤ ᠬᠦᠷᠲᠡᠬᠦ ᠶᠢᠨ ᠳᠠᠭᠠᠤ ᠪᠠᠶᠢᠴᠠᠭᠠᠯᠲᠠ ᠶᠢᠨ ᠳᠤᠭᠤᠶᠢᠯᠠᠩ ᠳᠤ ᠴᠠᠭ | ᠲᠤᠬᠠᠢ ᠳᠤ ᠨᠢ ᠰᠢᠯᠵᠢᠭᠦᠯᠦᠨ ᠲᠤᠰᠢᠶᠠᠬᠤ ᠪᠤᠶᠤ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ ᠪᠠᠶᠢᠭ᠎ᠠ ᠭᠠᠯ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠰᠢᠯᠵᠢᠭᠦᠯᠦᠨ ᠥᠭᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠳᠣᠣᠷᠠᠬᠢ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠄ | ︵ᠨᠢᠭᠡ︶ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠶᠢᠨ ᠲᠦᠢᠮᠣ ᠪᠠᠶᠢᠳᠠᠯ︔ | ︵ᠬᠤᠶᠠᠷ︶ ᠭᠠᠯ ᠲᠦᠢᠮᠡᠷ ᠤᠨ ᠠᠳᠡᠯ ᠭᠠᠷᠤᠭᠰᠠᠨ ᠶᠠᠪᠤᠴᠠ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠵᠤ ᠰᠢᠢᠳᠪᠦᠷᠢᠯᠡᠭᠰᠡᠨ ᠪᠠᠶᠢᠳᠠᠯ︔ | ︵ᠭᠤᠷᠪᠠ︶ ᠭᠠᠯ ᠲᠦᠢᠮᠡᠷ ᠤᠨ ᠠᠳᠡᠯ ᠠᠴᠠ ᠪᠣᠯᠵᠤ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠠᠵᠤ | ᠠᠬᠤᠢ ᠶᠢᠨ ᠰᠢᠭᠤᠳ ᠬᠤᠬᠢᠷᠠᠯ ᠭᠠᠷᠤᠭᠰᠠᠨ︔ | ︵ᠳᠥᠷᠪᠡ︶ ᠭᠠᠯ ᠲᠦᠢᠮᠡᠷ ᠤᠨ ᠠᠳᠡᠯ ᠤᠨ ᠭᠠᠯ ᠭᠠᠷᠤᠭᠰᠠᠨ ᠰᠢᠯᠲᠠᠭᠠᠨ᠂ ᠭᠠᠮᠰᠢᠭ ᠡᠭᠦᠰᠦᠭᠰᠡᠨ | ᠰᠢᠯᠲᠠᠭᠠᠨ ᠪᠠ ᠠᠳᠡᠯ ᠤᠨ ᠰᠢᠨᠵᠢ ᠴᠢᠨᠠᠷ︔ | ︵ᠲᠠᠪᠤ︶ ᠭᠠᠯ ᠲᠦᠢᠮᠡᠷ ᠤᠨ ᠠᠳᠡᠯ ᠤᠨ ᠢᠯᠡᠷᠡᠭᠦᠯᠦᠭᠰᠡᠨ ᠭᠤᠣᠯ ᠠᠰᠠᠭᠤᠳᠠᠯ︔ | ︵ᠵᠢᠷᠭᠤᠭ᠎ᠠ︶ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠵᠢᠴᠢ ᠠᠳᠡᠯ ᠤᠨ | ᠬᠠᠷᠢᠭᠤᠴᠠᠭᠴᠢ ᠳᠤ ᠰᠢᠢᠳᠬᠡᠯ ᠥᠭᠬᠦ ᠰᠠᠨᠠᠭᠤᠯᠭ᠎ᠠ︔ | ︵ᠳᠣᠯᠤᠭ᠎ᠠ︶ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶᠡᠨ ᠤ | ᠰᠠᠨᠠᠭᠤᠯᠭ᠎ᠠ᠃ ᠪᠠᠶᠢᠴᠠᠭᠠᠯᠲᠠ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ | ᠳᠠᠭᠠᠯᠳᠤᠭᠤᠯᠬᠤ ᠬᠡᠷᠡᠭᠲᠡᠢ᠃ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠨᠠᠷ ᠪᠠᠶᠢᠴᠠᠭᠠᠯᠲᠠ ᠶᠢᠨ | ᠮᠡᠳᠡᠭᠦᠯᠦᠯᠲᠡ ᠳᠤ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠪᠠᠶᠢᠴᠠᠭᠠᠯᠲᠠ ᠶᠢᠨ ᠳᠤᠭᠤᠶᠢᠯᠠᠩ ᠤᠨ | ᠪᠦᠷᠢᠯᠳᠦᠭᠦᠨ ᠨᠠᠷ ᠪᠠᠶᠢᠴᠠᠭᠠᠯᠲᠠ ᠶᠢᠨ ᠮᠡᠳᠡᠭᠦᠯᠦᠯᠲᠡ ᠳᠤ ᠠᠳᠠᠯᠢ ᠪᠤᠰᠤ ᠰᠠᠨᠠᠯ ᠪᠠᠶᠢᠪᠠᠯ᠂ ᠭᠠᠷ ᠤᠨ ᠦᠰᠦᠭ | ᠵᠢᠷᠤᠭᠰᠠᠨ ᠤ ᠳᠠᠷᠠᠭ᠎ᠠ ᠠᠳᠠᠯᠢ ᠪᠤᠰᠤ ᠰᠠᠨᠠᠯ ᠲᠠᠢ ᠪᠣᠯᠤᠭᠰᠠᠨ ᠰᠢᠯᠲᠠᠭᠠᠨ ᠪᠠ ᠦᠨᠳᠦᠰᠦᠯᠡᠯ ᠢᠶᠠᠨ ᠲᠤᠰᠬᠠᠢ | ᠬᠠᠭᠤᠳᠠᠰᠤᠨ ᠳᠤ ᠪᠢᠴᠢᠵᠦ ᠲᠣᠳᠣᠷᠬᠠᠶᠢᠯᠠᠭᠠᠳ ᠳᠠᠭᠠᠯᠳᠤᠭᠤᠯᠬᠤ ᠬᠡᠷᠡᠭᠲᠡᠢ᠃ | ᠬᠤᠷᠢᠳᠤᠭᠠᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠠᠶᠢᠴᠠᠭᠠᠯᠲᠠ ᠶᠢᠨ | ᠳᠤᠭᠤᠶᠢᠯᠠᠩ ᠬᠢᠨᠠᠨ ᠵᠥᠪᠯᠡᠵᠦ ᠪᠠᠲᠤᠯᠠᠬᠤ ᠬᠡᠷᠡᠭᠲᠡᠢ᠃ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠨᠠᠷ | ᠭᠠᠯ ᠭᠠᠷᠤᠭᠰᠠᠨ ᠰᠢᠯᠲᠠᠭᠠᠨ᠂ ᠠᠳᠡᠯ ᠤᠨ ᠰᠢᠨᠵᠢ ᠴᠢᠨᠠᠷ᠂ ᠬᠠᠷᠢᠭᠤᠴᠠᠯᠭ᠎ᠠ ᠶᠢᠨ ᠮᠠᠭᠠᠳᠯᠠᠨ ᠲᠣᠭᠲᠠᠭᠠᠯᠲᠠ᠂ | ᠬᠠᠷᠢᠭᠤᠴᠠᠭᠴᠢ ᠳᠤ ᠰᠢᠢᠳᠬᠡᠯ ᠥᠭᠬᠦ ᠰᠠᠨᠠᠭᠤᠯᠭ᠎ᠠ ᠵᠡᠷᠭᠡ ᠳᠤ ᠰᠠᠨᠠᠯ ᠦᠯᠦ ᠨᠢᠭᠡᠳᠪᠡᠯ᠂ ᠪᠠᠶᠢᠴᠠᠭᠠᠯᠲᠠ ᠶᠢᠨ | ᠳᠤᠭᠤᠶᠢᠯᠠᠩ ᠤᠨ ᠳᠠᠷᠤᠭ᠎ᠠ ᠵᠣᠬᠢᠴᠠᠭᠤᠯᠬᠤ ᠬᠡᠷᠡᠭᠲᠡᠢ︔ ᠵᠣᠬᠢᠴᠠᠭᠤᠯᠤᠭᠠᠳ ᠮᠥᠨ ᠬᠦ ᠰᠠᠨᠠᠯ ᠦᠯᠦ ᠨᠢᠭᠡᠳᠪᠡᠯ᠂ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠭᠡᠳ ᠰᠤᠳᠤᠯᠤᠨ ᠲᠣᠭᠲᠠᠭᠠᠯᠭᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠭᠠᠯ ᠲᠦᠢᠮᠡᠷ ᠤᠨ ᠠᠳᠡᠯ ᠭᠠᠷᠤᠭᠰᠠᠨ | ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ | ᠪᠠᠭᠲᠠᠨ᠎ᠠ᠂ ᠳᠣᠷᠣᠭᠰᠢ ᠠᠳᠠᠯᠢ︶ ᠪᠠᠶᠢᠴᠠᠭᠠᠯᠲᠠ ᠶᠢᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ︔ ᠣᠨᠴᠠᠭᠠᠢ | ᠪᠠᠶᠢᠳᠠᠯ ᠳᠤ᠂ ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠤᠭᠤᠴᠠᠭ᠎ᠠ ᠶᠢ ᠨᠢ ᠤᠷᠲᠤᠳᠬᠠᠵᠤ ᠪᠣᠯᠣᠨ᠎ᠠ᠂ ᠤᠷᠲᠤᠳᠬᠠᠬᠤ | ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠳᠣᠣᠷ᠎ᠠ | ᠵᠢᠭᠰᠠᠭᠠᠭᠰᠠᠨ ᠴᠠᠭ ᠢ ᠪᠠᠶᠢᠴᠠᠭᠠᠯᠲᠠ ᠶᠢᠨ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ᠂ ᠭᠡᠬᠦ ᠳᠤ ᠪᠠᠨ ᠭᠠᠯ | ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠳᠤ ᠪᠠᠨ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠳᠤ ᠲᠣᠳᠣᠷᠬᠠᠶᠢᠯᠠᠬᠤ ᠬᠡᠷᠡᠭᠲᠡᠢ᠄ | ︵ᠨᠢᠭᠡ︶ ᠭᠠᠯ ᠲᠦᠢᠮᠡᠷ ᠤᠨ ᠠᠳᠡᠯ ᠢ ᠪᠠᠶᠢᠴᠠᠭᠠᠵᠤ ᠬᠢᠨᠠᠨ ᠬᠠᠷᠭᠤᠭᠤᠯᠬᠤ ᠳᠤ ᠬᠡᠷᠡᠭᠰᠡᠬᠦ ᠴᠠᠭ ᠢ ᠨᠢᠭᠤᠵᠤ | ᠦᠯᠦ ᠮᠡᠳᠡᠭᠦᠯᠦᠭᠰᠡᠨ᠂ ᠬᠤᠳᠠᠯ ᠢᠶᠠᠷ ᠮᠡᠳᠡᠭᠦᠯᠦᠭᠰᠡᠨ᠂ ᠣᠷᠣᠢ ᠮᠡᠳᠡᠭᠦᠯᠦᠭᠰᠡᠨ︔ | ︵ᠬᠤᠶᠠᠷ︶ ᠭᠠᠯ ᠲᠦᠢᠮᠡᠷ ᠤᠨ ᠠᠳᠡᠯ ᠠᠴᠠ ᠠᠪᠤᠷᠠᠨ ᠲᠤᠰᠠᠯᠠᠬᠤ ᠠᠴᠠ ᠪᠣᠯᠵᠤ ᠲᠤᠬᠠᠢ ᠶᠢᠨ ᠳᠡᠯᠡᠪᠡᠢ ᠶᠢ | ᠬᠠᠶᠢᠨ ᠪᠠᠶᠢᠴᠠᠭᠠᠬᠤ ᠠᠷᠭ᠎ᠠ ᠦᠭᠡᠢ ᠪᠣᠯᠤᠭᠰᠠᠨ ᠴᠠᠭ︔ | ︵ᠭᠤᠷᠪᠠ︶ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠯᠭᠡᠭᠰᠡᠨ᠂ ᠮᠥᠷᠳᠡᠵᠦ ᠰᠢᠮᠳᠠᠭᠤᠯᠤᠨ | ᠰᠢᠢᠳᠪᠦᠷᠢᠯᠡᠭᠰᠡᠨ ᠭᠠᠯ ᠲᠦᠢᠮᠡᠷ ᠤᠨ ᠠᠳᠡᠯ ᠢ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠴᠠᠭ︔ ︵ᠳᠥᠷᠪᠡ︶ | ᠪᠠᠶᠢᠴᠠᠭᠠᠨ ᠰᠢᠯᠭᠠᠬᠤ᠂ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠳᠤ ᠬᠡᠷᠡᠭᠰᠡᠬᠦ ᠴᠠᠭ᠃ | ᠬᠤᠷᠢᠨ ᠬᠤᠶᠠᠳᠤᠭᠠᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ | ᠪᠠᠶᠢᠭ᠎ᠠ ᠠᠷᠠᠳ ᠤᠨ ᠵᠠᠰᠠᠭ ᠤᠨ ᠣᠷᠳᠣᠨ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠬᠦᠯᠢᠶᠡᠨ ᠠᠪᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠴᠣᠬᠤᠯᠠᠪᠤᠷᠢᠯᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠬᠠᠭᠤᠯᠤᠨ ᠢᠯᠡᠭᠡᠬᠦ ᠶᠢᠨ ᠬᠠᠮᠲᠤ ᠨᠡᠶᠢᠭᠡᠮ ᠨᠡᠶᠢᠲᠡ ᠳᠤ | ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠪᠠ ᠭᠠᠯ ᠲᠦᠢᠮᠡᠷ ᠤᠨ | ᠠᠳᠡᠯ ᠤᠨ ᠬᠠᠮᠢᠶ᠎ᠠ ᠪᠦᠬᠦᠢ ᠨᠢᠭᠡᠴᠢ ᠨᠦᠭᠦᠳ ᠨᠢ᠂ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ | ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠴᠣᠬᠤᠯᠠᠪᠤᠷᠢᠯᠠᠭᠰᠠᠨ ᠤ ᠳᠠᠷᠠᠭᠠᠬᠢ | 3 ᠰᠠᠷ᠎ᠠ ᠶᠢᠨ ᠳᠣᠲᠣᠷ᠎ᠠ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠰᠢᠢᠳᠪᠦᠷᠢᠯᠡᠭᠰᠡᠨ ᠪᠠᠶᠢᠳᠠᠯ᠂ ᠭᠠᠯ ᠲᠦᠢᠮᠡᠷ ᠤᠨ | ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢᠶᠠᠨ ᠴᠣᠬᠤᠯᠠᠪᠤᠷᠢᠯᠠᠭᠰᠠᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠦᠨ ᠬᠦᠷᠭᠡᠬᠦ | ᠬᠡᠷᠡᠭᠲᠡᠢ᠃ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠴᠢᠬᠤᠯᠠ ᠦᠭᠡᠢ ᠭᠠᠯ ᠲᠦᠢᠮᠡᠷ ᠤᠨ ᠠᠳᠡᠯ ᠳᠤ᠂ ᠭᠠᠯ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠦᠬᠦᠢ ᠠᠵᠢᠯ | ᠲᠥᠷᠥᠯ ᠤᠨ ᠰᠠᠯᠠᠭ᠎ᠠ ᠮᠥᠴᠢᠷ ᠤᠳ ᠭᠠᠯ ᠲᠦᠢᠮᠡᠷ ᠤᠨ ᠠᠳᠡᠯ ᠤᠨ ᠪᠠᠶᠢᠳᠠᠯ ᠤᠨ ᠨᠡᠪᠲᠡᠷᠡᠭᠦᠯᠭᠡ ᠶᠢ ᠲᠣᠰᠴᠤ | ᠣᠯᠣᠭᠰᠠᠨ ᠤ ᠳᠠᠷᠠᠭ᠎ᠠ᠂ ᠰᠢᠢᠳᠪᠦᠷᠢᠯᠡᠭᠰᠡᠨ ᠪᠠᠶᠢᠳᠠᠯ ᠢᠶᠠᠨ ᠲᠤᠰ ᠱᠠᠲᠤᠨ ᠤ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠬᠦᠷᠭᠡᠭᠰᠡᠨ ᠤ ᠳᠠᠷᠠᠭ᠎ᠠ᠂ ᠪᠠᠶᠢᠴᠠᠭᠠᠯᠲᠠ ᠶᠢᠨ ᠳᠤᠭᠤᠶᠢᠯᠠᠩ ᠤᠨ ᠪᠠᠶᠢᠴᠠᠭᠠᠨ ᠰᠢᠢᠳᠪᠦᠷᠢᠯᠡᠬᠦ ᠠᠵᠢᠯ ᠳᠠᠭᠤᠰᠤᠨ᠎ᠠ᠃ | ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠳᠠᠩᠰᠠ | ᠡᠪᠬᠡᠮᠡᠯ ᠳᠤ ᠣᠷᠣᠭᠤᠯᠤᠨ ᠬᠠᠳᠠᠭᠠᠯᠠᠬᠤ ᠬᠡᠷᠡᠭᠲᠡᠢ᠃ | ᠳᠥᠷᠪᠡᠳᠦᠭᠡᠷ ᠪᠦᠯᠦᠭ ᠳᠡᠰ ᠳᠡᠪᠰᠢᠭᠦᠯᠦᠨ ᠪᠠᠶᠢᠴᠠᠭᠠᠬᠤ ᠬᠢᠭᠡᠳ ᠰᠢᠮᠳᠠᠭᠤᠯᠤᠨ ᠰᠢᠢᠳᠪᠦᠷᠢᠯᠡᠵᠦ ᠦᠨᠡᠯᠡᠨ | ᠵᠢᠱᠢᠬᠦ | ᠬᠤᠷᠢᠨ ᠲᠠᠪᠤᠳᠤᠭᠠᠷ ᠵᠦᠢᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠬᠤᠯᠠᠲᠠᠢ ᠭᠡᠵᠦ | ᠦᠵᠡᠭᠰᠡᠨ ᠦᠶ᠎ᠡ ᠳᠤ᠂ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠵᠤ ᠪᠠᠶᠢᠴᠠᠭᠠᠨ | ᠰᠢᠢᠳᠪᠦᠷᠢᠯᠡᠵᠦ ᠪᠠᠶᠢᠭ᠎ᠠ ᠭᠠᠯ ᠲᠦᠢᠮᠡᠷ ᠤᠨ ᠠᠳᠡᠯ ᠢ ᠳᠡᠰ ᠳᠡᠪᠰᠢᠭᠦᠯᠦᠨ ᠪᠠᠶᠢᠴᠠᠭᠠᠨ ᠰᠢᠢᠳᠪᠦᠷᠢᠯᠡᠵᠦ ᠪᠣᠯᠣᠨ᠎ᠠ᠂ | ᠬᠥᠮᠥᠨ ᠬᠠᠷ᠎ᠠ ᠦᠬᠦᠭᠰᠡᠨ ᠪᠤᠶᠤ ᠨᠡᠶᠢᠭᠡᠮ ᠳᠤ ᠨᠡᠯᠢᠶᠡᠳ ᠶᠡᠭᠡ ᠨᠥᠯᠥᠭᠡ ᠭᠠᠷᠭᠠᠭᠰᠠᠨ ᠭᠠᠯ ᠲᠦᠢᠮᠡᠷ ᠤᠨ ᠠᠳᠡᠯ ᠢ | ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠲᠤᠰ ᠱᠠᠲᠤᠨ ᠤ ᠭᠠᠯ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠺᠣᠮᠢᠰ ᠲᠤ ᠳᠤᠷᠠᠳᠤᠯᠭ᠎ᠠ ᠳᠡᠪᠰᠢᠭᠦᠯᠦᠨ ᠨᠡᠷ᠎ᠡ ᠵᠢᠭᠠᠵᠤ ᠰᠢᠮᠳᠠᠭᠤᠯᠤᠨ | ᠭᠦᠢᠴᠡᠳᠬᠡᠯᠭᠡᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠯᠭᠡᠵᠦ ᠪᠠᠶᠢᠭ᠎ᠠ ᠭᠠᠯ ᠲᠦᠢᠮᠡᠷ ᠤᠨ | ᠠᠳᠡᠯ ᠳᠤ᠂ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠨᠢ ᠭᠠᠯ | ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠴᠣᠬᠤᠯᠠᠪᠤᠷᠢ ᠥᠭᠬᠦ ᠠᠴᠠ ᠡᠮᠦᠨ᠎ᠡ᠂ | ᠰᠢᠮᠳᠠᠭᠤᠯᠤᠨ ᠰᠢᠢᠳᠪᠦᠷᠢᠯᠡᠭᠦᠯᠵᠦ ᠪᠠᠶᠢᠭ᠎ᠠ ᠨᠢᠭᠡᠴᠢ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠭᠠᠯ ᠲᠦᠢᠮᠡᠷ ᠤᠨ ᠠᠳᠡᠯ ᠳᠤ ᠪᠠᠶᠢᠴᠠᠭᠠᠯᠲᠠ ᠶᠢᠨ ᠮᠡᠳᠡᠭᠦᠯᠦᠯᠲᠡ ᠶᠢ | ᠴᠣᠬᠤᠯᠠᠪᠤᠷᠢᠯᠠᠨ ᠵᠥᠪᠰᠢᠶᠡᠷᠡᠭᠰᠡᠨ ᠡᠳᠦᠷ ᠠᠴᠠ ᠡᠬᠢᠯᠡᠨ 1 ᠵᠢᠯ ᠤᠨ ᠳᠣᠲᠣᠷ᠎ᠠ᠂ ᠪᠠᠶᠢᠴᠠᠭᠠᠨ ᠰᠢᠢᠳᠪᠦᠷᠢᠯᠡᠯᠲᠡ ᠶᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠲᠤᠰ ᠱᠠᠲᠤᠨ ᠤ | ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠭᠠᠯ ᠲᠦᠢᠮᠡᠷ ᠤᠨ ᠠᠳᠡᠯ ᠤᠨ ᠴᠡᠭᠴᠡᠯᠡᠨ | ᠰᠠᠶᠢᠵᠢᠷᠠᠭᠤᠯᠵᠤ ᠦᠨᠡᠯᠡᠨ ᠵᠢᠱᠢᠬᠦ ᠳᠤᠭᠤᠶᠢᠯᠠᠩ ︵ᠳᠣᠷᠣᠭᠰᠢ ᠦᠨᠡᠯᠡᠨ ᠵᠢᠱᠢᠬᠦ ᠳᠤᠭᠤᠶᠢᠯᠠᠩ ᠭᠡᠵᠦ ᠲᠣᠪᠴᠢᠯᠠᠪᠠ | ︶ ᠢ ᠪᠠᠶᠢᠭᠤᠯᠵᠤ᠂ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ ᠦᠨᠡᠯᠡᠨ | ᠵᠢᠱᠢᠨ᠎ᠡ᠃ ᠦᠨᠡᠯᠡᠨ ᠵᠢᠱᠢᠬᠦ ᠳᠤᠭᠤᠶᠢᠯᠠᠩ ᠨᠢ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ | ᠣᠷᠣᠯᠴᠠᠭᠰᠠᠨ ᠬᠠᠮᠢᠶ᠎ᠠ ᠪᠦᠬᠦᠢ ᠨᠢᠭᠡᠴᠢ ᠪᠠᠷ ᠪᠦᠷᠢᠯᠳᠦᠨ᠎ᠡ᠂ ᠴᠢᠬᠤᠯᠠᠲᠠᠢ ᠦᠶ᠎ᠡ ᠳᠤ ᠬᠠᠮᠢᠶ᠎ᠠ ᠪᠦᠬᠦᠢ ᠲᠤᠰᠬᠠᠢ | ᠠᠵᠢᠯ ᠤᠨ ᠪᠠᠶᠢᠭᠤᠯᠤᠮᠵᠢ ᠳᠤ ᠨᠠᠶᠢᠳᠠᠬᠤ ᠪᠤᠶᠤ ᠲᠤᠰᠬᠠᠢ ᠮᠡᠷᠭᠡᠵᠢᠯᠲᠡᠨ ᠢ ᠤᠷᠢᠵᠤ ᠦᠨᠡᠯᠡᠨ ᠵᠢᠱᠢᠬᠦ ᠠᠵᠢᠯ ᠳᠤ | ᠣᠷᠣᠯᠴᠠᠭᠤᠯᠵᠤ ᠪᠣᠯᠣᠨ᠎ᠠ᠃ ᠦᠨᠡᠯᠡᠨ ᠵᠢᠱᠢᠬᠦ ᠳᠤᠭᠤᠶᠢᠯᠠᠩ ᠨᠢ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠨ | ᠠᠰᠠᠭᠤᠵᠤ ᠯᠠᠪᠯᠠᠬᠤ᠂ ᠰᠤᠷᠪᠤᠯᠵᠢᠯᠠᠵᠤ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠷ ᠦᠨᠡᠯᠡᠨ ᠵᠢᠱᠢᠯᠲᠡ ᠶᠢᠨ | ᠠᠵᠢᠯ ᠥᠷᠨᠢᠭᠦᠯᠵᠦ ᠪᠣᠯᠣᠨ᠎ᠠ᠃ | ᠬᠤᠷᠢᠨ ᠨᠠᠢᠮᠠᠳᠤᠭᠠᠷ ᠵᠦᠢᠯ ᠦᠨᠡᠯᠡᠨ ᠵᠢᠱᠢᠬᠦ ᠠᠵᠢᠯ ᠢ ᠦᠨᠡᠯᠡᠨ ᠵᠢᠱᠢᠬᠦ ᠳᠤᠭᠤᠶᠢᠯᠠᠩ ᠪᠠᠶᠢᠭᠤᠯᠤᠭᠳᠠᠭᠰᠠᠨ ᠤ | ᠳᠠᠷᠠᠭᠠᠬᠢ 60 ᠡᠳᠦᠷ ᠤᠨ ᠳᠣᠲᠣᠷ᠎ᠠ ᠪᠡᠶᠡᠯᠡᠭᠦᠯᠵᠦ᠂ ᠮᠡᠳᠡᠭᠦᠯᠦᠯᠲᠡ ᠭᠠᠷᠭᠠᠭᠠᠳ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠦᠨᠡᠯᠡᠨ ᠵᠢᠱᠢᠯᠲᠡ ᠶᠢᠨ ᠮᠡᠳᠡᠭᠦᠯᠦᠯᠲᠡ ᠳᠤ ᠳᠣᠣᠷᠠᠬᠢ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠄ | ︵ᠨᠢᠭᠡ︶ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠭᠰᠠᠨ ᠵᠢᠴᠢ ᠥᠷᠨᠢᠭᠦᠯᠦᠭᠰᠡᠨ ᠪᠠᠶᠢᠳᠠᠯ︔ | ︵ᠬᠤᠶᠠᠷ︶ ᠬᠠᠷᠢᠭᠤᠴᠠᠭᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠳᠥᠷᠪᠡ︶ ᠦᠨᠡᠯᠡᠨ ᠵᠢᠱᠢᠯᠲᠡ ᠶᠢᠨ ᠰᠠᠨᠠᠯ᠃ | ᠬᠤᠷᠢ ᠶᠢᠰᠦᠳᠦᠭᠡᠷ ᠵᠦᠢᠯ ᠭᠠᠯ ᠲᠦᠢᠮᠡᠷ ᠤᠨ ᠠᠳᠡᠯ ᠳᠤ ᠢᠯᠡᠷᠡᠭᠰᠡᠨ ᠲᠣᠪᠤᠶᠢᠮ᠎ᠠ ᠠᠰᠠᠭᠤᠳᠠᠯ ᠳᠤ᠂ | ᠬᠠᠮᠢᠶᠠᠷᠤᠯᠲᠠ ᠪᠠ ᠮᠡᠷᠭᠡᠵᠢᠯ ᠤᠨ ᠦᠨᠳᠦᠰᠦᠯᠡᠯ ᠨᠢ ᠬᠠᠷᠠᠬᠠᠨ ᠳᠤᠲᠠᠭᠳᠠᠭᠰᠠᠨ ᠪᠤᠶᠤ ᠣᠳᠣ ᠶᠢᠨ ᠬᠡᠷᠡᠭᠵᠢᠭᠦᠯᠵᠦ | ᠪᠠᠶᠢᠭ᠎ᠠ ᠵᠢᠷᠤᠮᠵᠢᠯ ᠪᠠᠷᠢᠮᠵᠢᠶ᠎ᠠ ᠨᠢ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ | ᠳᠡᠶᠢᠯᠬᠦ ᠦᠭᠡᠢ ᠪᠣᠯ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠢ ᠳᠤ ᠪᠠᠷᠢᠮᠵᠢᠶ᠎ᠠ ᠵᠢᠷᠤᠮᠵᠢᠯ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤᠷᠠᠳᠤᠯᠭ᠎ᠠ | ᠳᠡᠪᠰᠢᠭᠦᠯᠦᠨ᠎ᠡ᠃ | ᠲᠠᠪᠤᠳᠤᠭᠠᠷ ᠪᠦᠯᠦᠭ ᠠᠳᠡᠯ ᠢ ᠰᠢᠢᠳᠪᠦᠷᠢᠯᠡᠬᠦ | ᠭᠤᠴᠢᠳᠤᠭᠠᠷ ᠵᠦᠢᠯ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠨᠢᠭᠡᠴᠢ | ᠵᠢᠴᠢ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠨᠦᠭᠦᠳ ᠴᠣᠬᠤᠯᠠᠪᠤᠷᠢᠯᠠᠭᠰᠠᠨ ᠭᠠᠯ | ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠤᠶᠤ ᠭᠠᠯ ᠲᠦᠢᠮᠡᠷ ᠤᠨ ᠠᠳᠡᠯ ᠢ ᠮᠠᠭᠠᠳᠯᠠᠨ | ᠲᠣᠭᠲᠠᠭᠠᠭᠰᠠᠨ ᠪᠠᠶᠢᠳᠠᠯ ᠶᠣᠰᠣᠭᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ᠂ ᠡᠷᠬᠡ ᠮᠡᠳᠡᠯ ᠪᠠ ᠳᠡᠰ ᠳᠠᠷᠠᠭᠠᠯᠠᠯ ᠶᠣᠰᠣᠭᠠᠷ ᠭᠠᠯ ᠲᠦᠢᠮᠡᠷ ᠤᠨ ᠠᠳᠡᠯ ᠤᠨ ᠬᠠᠷᠢᠭᠤᠴᠠᠭᠴᠢ ᠶᠢ | ᠰᠢᠢᠳᠪᠦᠷᠢᠯᠡᠬᠦ ᠬᠡᠷᠡᠭᠲᠡᠢ︔ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠦᠷᠢᠶᠡᠨ ᠳᠤ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠣᠷᠣᠰᠢᠪᠠᠯ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ | ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠬᠥᠮᠥᠨ ᠶᠠᠯ᠎ᠠ ᠬᠢᠭᠰᠡᠨ ᠢᠶᠠᠷ ᠰᠡᠵᠢᠭᠯᠡᠭᠳᠡᠪᠡᠯ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠤᠭᠰᠠᠨ ᠪᠥᠭᠡᠳ ᠨᠡᠶᠢᠭᠡᠮ ᠳᠤ ᠨᠡᠯᠢᠶᠡᠳ ᠶᠡᠭᠡ ᠨᠥᠯᠥᠭᠡ ᠲᠠᠢ ᠭᠠᠯ ᠲᠦᠢᠮᠡᠷ ᠭᠠᠷᠪᠠᠯ᠂ | ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ | ᠣᠷᠳᠣᠨ ᠨᠢ ᠭᠠᠯ ᠲᠦᠢᠮᠡᠷ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠶᠢᠨ | ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ ᠭᠠᠯ ᠰᠡᠷᠭᠡᠶᠢᠯᠡᠨ ᠤᠨᠲᠠᠷᠠᠭᠠᠬᠤ ᠠᠮᠤᠷ | ᠲᠦᠪᠰᠢᠨ ᠤ ᠲᠠᠯ᠎ᠠ ᠪᠠᠷ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠤᠷᠲᠤ | ᠬᠤᠭᠤᠴᠠᠭ᠎ᠠ ᠪᠠᠷ ᠣᠷᠣᠰᠢᠵᠤ ᠪᠠᠶᠢᠬᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠭᠡᠮ | ᠰᠣᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ ᠵᠠᠰᠠᠯᠲᠠ ᠬᠢᠭᠰᠡᠨ ᠦᠭᠡᠢ ᠠᠴᠠ ᠪᠣᠯᠵᠤ᠂ ᠮᠠᠭᠤ | ᠨᠥᠯᠥᠭᠡ ᠪᠤᠶᠤ ᠤᠷᠰᠢᠭ ᠳ᠋ᠦᠩ ᠡᠭᠦᠰᠬᠡᠭᠰᠡᠨ ᠦᠵᠡᠭᠳᠡᠯ ᠢ ᠣᠯᠵᠤ ᠮᠡᠳᠡᠪᠡᠯ᠂ ᠬᠠᠮᠢᠶ᠎ᠠ ᠪᠦᠬᠦᠢ ᠠᠵᠢᠯᠲᠠᠨ ᠠᠴᠠ | ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ᠲᠤᠰ ᠭᠠᠵᠠᠷ ᠣᠷᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠨᠡᠯᠢᠶᠡᠳ ᠶᠡᠭᠡ ᠭᠠᠯ ᠲᠦᠢᠮᠡᠷ ᠤᠨ ᠬᠠᠷᠢᠭᠤᠴᠠᠯᠭ᠎ᠠ ᠶᠢᠨ ᠠᠳᠡᠯ ᠭᠠᠷᠤᠭᠰᠠᠨ | ᠪᠣᠯ᠂ ᠬᠢᠨᠠᠨ ᠬᠠᠮᠢᠶᠠᠷᠬᠤ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠭᠠᠯ ᠲᠦᠢᠮᠡᠷ ᠤᠨ ᠠᠳᠡᠯ ᠭᠠᠷᠤᠭᠰᠠᠨ | ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠲᠡᠭᠦᠨ ᠠᠴᠠ ᠳᠣᠷᠣᠭᠰᠢᠬᠢ ᠠᠷᠠᠳ ᠤᠨ | ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠨᠡᠬᠡᠮᠵᠢᠯᠡᠨ᠎ᠡ︔ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠭᠠᠯ ᠲᠦᠢᠮᠡᠷ ᠤᠨ ᠬᠠᠷᠢᠭᠤᠴᠠᠯᠭ᠎ᠠ ᠶᠢᠨ | ᠠᠳᠡᠯ ᠭᠠᠷᠤᠭᠰᠠᠨ ᠪᠣᠯ᠂ ᠭᠠᠯ ᠲᠦᠢᠮᠡᠷ ᠤᠨ ᠠᠳᠡᠯ ᠭᠠᠷᠤᠭᠰᠠᠨ ᠭᠠᠵᠠᠷ ᠤᠨ ᠠᠶᠢᠮᠠᠭ ᠬᠤᠲᠠ ᠵᠢᠴᠢ ᠲᠡᠭᠦᠨ ᠠᠴᠠ | ᠳᠣᠷᠣᠭᠰᠢᠬᠢ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ᠭᠤᠴᠢᠨ ᠭᠤᠷᠪᠠᠳᠤᠭᠠᠷ ᠵᠦᠢᠯ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ | ᠠᠷᠭ᠎ᠠ ᠬᠡᠮᠵᠢᠶ᠎ᠡ ᠵᠢᠴᠢ ᠬᠠᠷᠢᠭᠤᠴᠠᠭᠴᠢ ᠳᠤ ᠰᠢᠢᠳᠬᠡᠯ ᠥᠭᠬᠦ ᠶᠢ ᠦᠯᠦ ᠨᠠᠶᠢᠳᠠᠪᠤᠷᠢᠵᠢᠭᠤᠯᠤᠭᠰᠠᠨ ᠪᠤᠶᠤ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠣᠯ᠂ ᠦᠨᠡᠯᠡᠨ ᠵᠢᠱᠢᠬᠦ ᠳᠤᠭᠤᠶᠢᠯᠠᠩ ᠨᠢ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠳᠤᠷᠠᠳᠤᠯᠭ᠎ᠠ ᠳᠡᠪᠰᠢᠭᠦᠯᠦᠭᠡᠳ ᠰᠢᠮᠳᠠᠭᠤᠯᠤᠨ ᠰᠢᠢᠳᠪᠦᠷᠢᠯᠡᠭᠦᠯᠵᠦ᠂ | ᠬᠠᠷᠢᠭᠤᠴᠠᠯᠭ᠎ᠠ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠨᠠᠶᠢᠳᠠᠪᠤᠷᠢᠵᠢᠭᠤᠯᠬᠤ ᠬᠡᠷᠡᠭᠲᠡᠢ᠃ ᠬᠤᠭᠤᠴᠠᠭ᠎ᠠ ᠥᠩᠭᠡᠷᠡᠭᠡᠳ ᠮᠥᠨ ᠬᠦ ᠴᠡᠭᠴᠡᠯᠡᠨ ᠰᠠᠶᠢᠵᠢᠷᠠᠭᠤᠯᠤᠭᠰᠠᠨ | ᠦᠭᠡᠢ ᠠᠴᠠ ᠪᠣᠯᠵᠤ ᠬᠦᠨᠳᠦ ᠨᠣᠴᠢᠲᠠᠢ ᠤᠷᠰᠢᠭ ᠳ᠋ᠦᠩ ᠡᠭᠦᠰᠬᠡᠭᠰᠡᠨ ᠪᠣᠯ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠨᠡᠪᠲᠡᠷᠡᠭᠦᠯᠦᠨ ᠮᠡᠳᠡᠭᠡᠯᠡᠵᠦ ᠴᠢᠩᠭ᠎ᠠ ᠰᠢᠢᠳᠪᠦᠷᠢᠯᠡᠭᠦᠯᠬᠦ᠂ ᠴᠢᠨᠠᠭᠰᠢᠯᠠᠪᠠᠯ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ᠂ ᠦᠨᠡᠯᠡᠨ | ᠵᠢᠱᠢᠬᠦ ᠳᠤ ᠵᠦᠢ ᠶᠣᠰᠣᠨ ᠤ ᠰᠢᠯᠲᠠᠭᠠᠨ ᠦᠭᠡᠢ ᠪᠠᠷ ᠬᠠᠮᠵᠢᠯᠴᠠᠬᠤ ᠶᠢ ᠲᠡᠪᠴᠢᠭᠰᠡᠨ ᠨᠢᠭᠡᠴᠢ ᠪᠠ ᠬᠤᠪᠢ ᠬᠥᠮᠥᠨ ᠢ | ᠬᠠᠤᠯᠢ ᠴᠠᠭᠠᠵᠠ ᠶᠢᠨ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ | ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤ ᠨᠢ ᠰᠢᠯᠵᠢᠭᠦᠯᠦᠨ ᠲᠤᠰᠢᠶᠠᠵᠤ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠰᠢᠢᠳᠪᠦᠷᠢᠯᠡᠬᠦ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠲᠠᠪᠤᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠤᠨ ᠨᠡᠷᠡᠶᠢᠳᠦᠯ ᠳᠤ ︽ᠭᠠᠯ ᠲᠦᠢᠮᠡᠷ ᠤᠨ | ᠨᠡᠷᠡᠶᠢᠳᠦᠯ + ᠠᠳᠡᠯ ᠤᠨ ᠪᠠᠶᠢᠴᠠᠭᠠᠯᠲᠠ ᠶᠢᠨ ᠳᠤᠭᠤᠶᠢᠯᠠᠩ︾ ᠬᠡᠮᠡᠨ ᠨᠢᠭᠡᠳᠦᠯᠲᠡᠢ ᠬᠡᠷᠡᠭᠯᠡᠵᠦ᠂ ᠭᠠᠯ ᠲᠦᠢᠮᠡᠷ ᠤᠨ | ᠨᠡᠷᠡᠶᠢᠳᠦᠯ ᠢ ᠬᠠᠮᠢᠶ᠎ᠠ ᠪᠦᠬᠦᠢ ᠲᠣᠭᠲᠠᠭᠠᠯ ᠤᠨ ᠪᠠᠷᠢᠮᠵᠢᠶ᠎ᠠ ᠪᠠᠷ ᠪᠣᠳᠠᠲᠠᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠤᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠲᠦᠢᠮᠡᠷ ᠤᠨ | ᠠᠳᠡᠯ ᠢ ᠪᠠᠶᠢᠴᠠᠭᠠᠨ ᠰᠢᠢᠳᠪᠦᠷᠢᠯᠡᠬᠦ ᠵᠢᠴᠢ ᠦᠨᠡᠯᠡᠨ ᠵᠢᠱᠢᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠠᠳᠠᠯᠢ | ᠱᠠᠲᠤᠨ ᠤ ᠠᠷᠠᠳ ᠤᠨ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠪᠠᠲᠤᠯᠠᠨ᠎ᠠ᠃ | ᠭᠤᠴᠢᠨ ᠳᠣᠯᠣᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠤᠨ | ᠬᠠᠷᠢᠭᠤᠴᠠᠯᠭ᠎ᠠ ᠳᠤ ᠪᠠᠶᠢᠴᠠᠭᠠᠯᠲᠠ ᠬᠢᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ ﹇2022﹈ 15 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ | ᠪᠣᠯᠭᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | | 2024 ᠣᠨ ᠤ 11 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ |