ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ᠂ 2025 | ᠣᠨ ᠤ 1 ᠰᠠᠷ᠎ᠠ ᠠᠴᠠ ᠡᠬᠢᠯᠡᠨ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ︾ ᠶᠢᠨ ᠲᠣᠭᠠᠴᠠᠭ᠎ᠠ ᠡᠷᠳᠡᠨᠢ ᠵᠢᠵᠢᠭ ᠫᠷᠤᠭ᠍ᠷᠠᠮ ︵支付宝小程︶ ᠳᠤ ᠨᠡᠶᠢᠭᠡᠮ ᠤᠨ | ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ ᠬᠢᠵᠦ ᠪᠣᠯᠤᠨ᠎ᠠ ᠭᠡᠪᠡ᠃ | ᠵᠢᠵᠢᠭ ᠫᠷᠤᠭ᠍ᠷᠠᠮ ᠳᠤ ᠭᠡᠷᠡᠴᠢᠯᠡᠭᠡ ᠬᠢᠬᠦ ᠶᠢᠨ ᠠᠯᠬᠤᠮ ᠳᠠᠷᠠᠭ᠎ᠠ | ᠨᠢᠭᠡᠳᠦᠭᠡᠷ ᠠᠯᠬᠤᠮ᠄ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︾ ᠶᠢᠨ ᠵᠢᠵᠢᠭ ᠫᠷᠤᠭ᠍ᠷᠠᠮ ᠢ ᠬᠠᠶᠢᠨ ᠡᠷᠢᠬᠦ ᠶᠢᠨ ᠬᠠᠮᠲᠤ ᠲᠡᠭᠦᠨ ᠢ ᠲᠤᠪᠰᠢᠵᠦ ᠣᠷᠣᠨ᠎ᠠ | ᠃ | ᠬᠤᠶᠠᠳᠤᠭᠠᠷ ᠠᠯᠬᠤᠮ᠄ ︽ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ︾ ᠢ | ᠰᠣᠩᠭᠤᠨ᠎ᠠ᠃ | ᠭᠤᠷᠪᠠᠳᠤᠭᠠᠷ ᠠᠯᠬᠤᠮ᠄ ᠭᠡᠷᠡᠴᠢᠯᠡᠭᠡ ᠬᠢᠬᠦ ᠬᠦᠮᠦᠨ ᠤ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ | ᠭᠠᠷ ᠤᠲᠠᠰᠤᠨ ᠤ ᠨᠣᠮᠧᠷ ᠢ ᠪᠢᠴᠢᠵᠦ ᠤᠷᠤᠭᠤᠯᠤᠭᠠᠳ ᠭᠡᠷᠡᠴᠢᠯᠡᠭᠡ ᠬᠢᠬᠦ ᠶᠢ ᠲᠤᠪᠰᠢᠵᠦ᠂ ᠵᠢᠰᠦ ᠴᠢᠷᠠᠶ ᠪᠠᠨ | ᠢᠯᠭᠠᠨ ᠲᠠᠨᠢᠭᠤᠯᠵᠤ᠂ ᠨᠤᠳᠠᠯᠠᠨ ᠭᠡᠷᠡᠴᠢᠯᠡᠭᠰᠡᠨ ᠤ ᠳᠠᠷᠠᠭ᠎ᠠ ᠭᠡᠷᠡᠴᠢᠯᠡᠭᠡ ᠬᠢᠭᠰᠡᠨ ᠦᠷ᠎ᠡ ᠳ᠋ᠦᠩ ᠢ ᠴᠢᠨᠢ ᠪᠤᠴᠠᠭᠠᠨ | ᠶᠠᠪᠤᠭᠤᠯᠵᠤ᠂ ᠨᠤᠳᠠᠯᠠᠨ ᠭᠡᠷᠡᠴᠢᠯᠡᠭᠰᠡᠨ ᠨᠢ ᠪᠦᠳᠦᠭᠰᠡᠨ ᠢ ᠰᠠᠨᠠᠭᠤᠯᠤᠨ᠎ᠠ᠃ |