1 ᠰᠠᠷ᠎ᠠ ᠶᠢᠨ 13 ᠤ ᠡᠳᠦᠷ᠂ ᠪᠥᠬᠦ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠦᠵᠢ᠂ ᠶᠠᠮᠤᠨ ᠤ ᠰᠠᠶᠢᠳ᠂ ᠤᠯᠤᠰ ᠤᠨ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶᠠᠨ ᠤ ᠨᠢᠭᠡᠳᠦᠭᠡᠷ ᠺᠣᠮᠢᠰᠰᠠᠷ ᠸᠠᠩ ᠰᠢᠶᠠᠩ ᠰᠢ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ | ᠂ ᠬᠠᠷᠠᠯᠲᠠ ᠪᠠᠨ ᠲᠣᠭᠲᠠᠭᠠᠵᠤ᠂ ᠠᠵᠢᠯ ᠢᠶᠠᠨ ᠰᠠᠶᠢᠲᠤᠷ ᠬᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ | ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠦᠷᠦᠯ ᠤᠨ ᠭᠠᠢ | ᠭᠠᠮᠰᠢᠭ ᠠᠳᠡᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠨ | ᠪᠠᠲᠤᠯᠠᠬᠤ ᠳᠤᠮᠳᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠭᠦᠷᠭᠡᠯᠡᠯ ᠢᠶᠠᠨ ᠢᠯᠡᠷᠡᠭᠦᠯᠵᠦ᠂ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠤ ᠨᠠᠮ ᠤᠨ ᠬᠤᠷᠢᠶᠠᠨ ᠤ ᠭᠡᠰᠢᠭᠦᠨ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠫᠦ ᠢᠦᠢ ᠹᠸᠢ ᠬᠤᠷᠠᠯ ᠳᠤ ᠣᠷᠣᠯᠴᠠᠪᠠ᠃ ᠶᠠᠮᠤᠨ ᠤ ᠨᠠᠮ ᠤᠨ | ᠬᠤᠷᠢᠶᠠᠨ ᠤ ᠭᠡᠰᠢᠭᠦᠨ᠂ ᠳᠡᠳ᠋ ᠰᠠᠶᠢᠳ᠂ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ | ᠲᠣᠪᠴᠢᠶᠠᠨ ᠤ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ ᠵᠧᠤ ᠲᠢᠶᠠᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠶᠠᠮᠤᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ᠂ | ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶᠠᠨ ᠤ ᠨᠠᠮ ᠤᠨ ᠬᠤᠷᠢᠶᠠᠨ ᠤ | ᠱᠦᠵᠢ᠂ ᠺᠣᠮᠢᠰᠰᠠᠷ ᠬᠤᠤ ᠵᠢᠶᠦ᠋ᠨ ᠾᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠪᠣᠯ ᠤᠯᠤᠰ ᠤᠨ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠪᠥᠬᠦ | ᠲᠠᠯ᠎ᠠ ᠪᠠᠷ ᠭᠦᠢᠴᠡᠳᠭᠡᠭᠰᠡᠨ ᠠᠩᠬᠠᠨ ᠤ ᠵᠢᠯ ᠪᠣᠯᠤᠨ᠎ᠠ᠂ ᠡᠩᠨᠡᠭᠡ ᠶᠢᠨ ᠡᠯ᠎ᠡ ᠱᠠᠲᠤᠨ ᠤ ᠬᠢᠨ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠪᠠ᠂ ᠨᠠᠮ ᠤᠨ ᠲᠥᠪ ᠬᠤᠷᠢᠶ᠎ᠠ ᠶᠢ ᠡᠷᠡᠰ ᠲᠤᠭᠤᠰᠢᠯᠠᠭᠤᠯᠤᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ | ᠬᠡᠷᠡᠭᠲᠡᠶ᠂ ᠬᠦᠴᠢᠷ ᠢ ᠰᠦᠷᠦᠨ ᠤᠷᠤᠭᠰᠢᠯᠠᠬᠤ᠂ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠡᠭᠦᠷᠭᠡᠯᠡᠬᠦ᠂ | ᠡᠩᠨᠡᠭᠡᠨ ᠤ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ | ᠬᠤᠷᠳᠤᠴᠠ ᠲᠦᠷᠭᠡᠳᠪᠡ᠂ ᠭᠠᠯ ᠤᠨᠲᠠᠷᠠᠭᠠᠬᠤ ᠵᠠᠰᠠᠯᠲᠠ ᠨᠢ ᠤᠷᠢᠳᠴᠢᠯᠠᠨ ᠰᠡᠷᠭᠡᠶᠢᠯᠡᠬᠦ ᠲᠡᠶᠢᠰᠢ ᠢᠯᠡᠳᠲᠡ ᠦᠷ᠎ᠡ | ᠪᠦᠲᠦᠮᠵᠢ ᠤᠯᠪᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠤᠤᠯ ᠬᠦᠴᠦᠨ ᠴᠡᠷᠢᠭ ᠠᠩᠭᠢ ᠶᠢᠨ | ᠦᠢᠯᠡᠳᠦᠯ ᠢ ᠭᠦᠢᠴᠡᠳ ᠢᠯᠡᠷᠡᠭᠦᠯᠪᠡ᠂ ᠡᠩᠨᠡᠭᠡ ᠶᠢᠨ ᠤᠯᠤᠰ ᠲᠥᠷᠥ ᠶᠢᠨ ᠠᠮᠢ ᠠᠬᠤᠶ ᠨᠠᠩ ᠭᠡᠭᠡᠨ ᠰᠠᠷᠠᠭᠤᠯ | ᠪᠣᠯᠪᠠ᠂ ᠬᠦᠨᠳᠦ ᠶᠡᠭᠡ ᠠᠶᠤᠯ ᠲᠦᠭᠰᠢᠭᠦᠷᠢ ᠶᠢ ᠠᠷᠢᠯᠭᠠᠪᠠ᠂ ᠨᠢᠭᠡ ᠤᠳᠠᠭᠠᠨ ᠤ ᠶᠡᠭᠡ ᠳᠠᠶᠢᠨ ᠬᠠᠲᠠᠭᠤ ᠳᠠᠶᠢᠨ ᠢ | ᠢᠯᠠᠪᠠ᠂ ᠦᠢᠯᠡᠴᠢᠯᠡᠭᠡ ᠪᠠᠷ ᠠᠷᠠᠳ ᠤᠨ ᠠᠮᠢᠳᠤᠷᠠᠯ ᠠᠷᠠᠳ ᠤᠨ ᠠᠮᠤᠷ ᠲᠦᠪᠰᠢᠨ ᠢ ᠪᠠᠲᠤᠯᠠᠨ᠎ᠠ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠨᠢ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠎ᠡ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ | ᠬᠡᠷᠡᠭᠲᠡᠶ᠃ | ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠠᠶᠢᠨ ᠰᠠᠶᠢᠬᠠᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ | ᠪᠠᠶᠢᠨ᠎ᠠ᠃ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠨᠠᠮ ᠤᠨ | ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ | ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠡᠩᠨᠡᠭᠡ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠵᠢᠯᠤᠭᠤᠳᠤᠯᠭ᠎ᠠ ᠶᠢ | ᠡᠷᠡᠰ ᠳᠠᠭᠠᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ ᠭᠤᠤᠯ ᠰᠢᠪᠲᠤᠯᠬᠤ | ᠴᠢᠭᠯᠡᠯ ᠢ ᠣᠨᠢᠯᠠᠵᠤ᠂ ᠳᠡᠭᠡᠷ᠎ᠡ ᠳᠤᠤᠷ᠎ᠠ ᠱᠠᠲᠤ ᠪᠠᠷ ᠢᠶᠠᠨ ᠬᠠᠮᠲᠤ ᠪᠠᠷ ᠰᠡᠳᠦᠪᠯᠡᠵᠦ ᠬᠠᠮᠲᠤ ᠪᠠᠷ ᠬᠠᠷᠢᠭᠤᠯᠵᠤ᠂ | ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠪᠣᠳᠠᠲᠤ ᠴᠣᠭᠴᠠ ᠶᠢᠨ ᠪᠠᠶᠢᠯᠳᠤᠭᠠᠨᠴᠢᠯᠠᠭᠰᠠᠨ | ᠣᠨᠴᠠᠯᠢᠭ ᠲᠠᠢ᠂ ᠳᠤᠮᠳᠠᠳᠤ ᠤᠯᠤᠰ ᠤᠨ ᠣᠨᠴᠠᠯᠢᠭ ᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠴᠢᠬᠤᠯᠠ ᠶᠡᠭᠡ ᠭᠠᠯ ᠰᠡᠷᠭᠡᠶᠢᠯᠡᠬᠦ ᠭᠠᠯ ᠤᠨᠲᠠᠷᠠᠭᠠᠬᠤ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠡᠩᠨᠡᠭᠡ ᠶᠢ | ᠨᠡᠶᠢᠳᠬᠡᠨ ᠠᠭᠤᠰᠤᠯᠴᠠᠭᠤᠯᠬᠤ ᠥᠭᠡᠷᠡᠴᠢᠯᠡᠯᠲᠡ ᠶᠢ ᠲᠦᠷᠭᠡᠳᠬᠡᠵᠦ᠂ ᠲᠦᠷᠢᠮ ᠲᠣᠭᠲᠠᠴᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠪᠣᠭᠤᠮᠢ ᠶᠢᠨ ᠴᠢᠨᠠᠷᠲᠠᠢ ᠬᠦᠴᠢᠷ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ | ᠂ ᠥᠭᠡᠷᠡᠴᠢᠯᠡᠯᠲᠡ ᠶᠢᠨ ᠶᠠᠰᠤ ᠴᠢᠨᠠᠷ ᠢ ᠨᠡᠩ ᠭᠦᠢᠴᠡᠳ ᠪᠣᠯᠭᠠᠵᠤ᠂ ᠦᠨᠳᠦᠰᠦᠨ ᠱᠠᠲᠤᠨ ᠤ ᠵᠢᠯᠤᠭᠤᠳᠤᠬᠴᠢ | ᠪᠠᠶᠢᠯᠳᠤᠭᠴᠢᠳ ᠤᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ︽ᠨᠢᠭᠡ ᠶᠠᠪᠤᠳᠠᠯ︾ ᠤᠨ ᠪᠥᠬᠦ ᠬᠡᠯᠬᠢᠶᠡᠰᠦ ᠶᠢ | ᠳᠣᠪᠤᠶᠢᠯᠭᠠᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠵᠠᠰᠠᠯᠲᠠ ᠶᠢ ᠪᠣᠳᠠᠲᠠᠶ ᠠᠳᠬᠤᠵᠤ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ᠂ ᠭᠠᠯ ᠬᠥᠳᠡᠯᠭᠡᠬᠦ ᠠᠵᠢᠯᠯᠠᠭᠠᠨ ᠤ | ᠬᠠᠮᠢᠶᠠᠷᠤᠯᠲᠠ᠂ ᠦᠨᠳᠦᠰᠦᠨ ᠱᠠᠲᠤᠨ ᠤ ᠭᠠᠯ ᠰᠡᠷᠭᠡᠶᠢᠯᠡᠯᠲᠡ ᠶᠢᠨ ᠵᠠᠰᠠᠯᠲᠠ ᠵᠡᠷᠭᠡ ᠲᠤᠰᠬᠠᠶ ᠠᠵᠢᠯ ᠢ ᠭᠦᠨᠵᠡᠭᠡᠶ | ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢᠨ ᠰᠢᠨ᠎ᠡ ᠶᠢ ᠡᠭᠦᠳᠴᠦ᠂ ᠠᠷᠠᠳ ᠲᠤ ᠲᠥᠬᠦᠮ | ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ | ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠢᠷᠤᠮᠵᠢᠭᠤᠯᠵᠤ᠂ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠢᠯᠠᠯᠲᠠ ᠣᠯᠵᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠰᠢᠨ᠎ᠡ ᠴᠢᠨᠠᠷ ᠴᠢᠨᠰᠠᠭ᠎ᠠ ᠲᠠᠶᠢᠴᠢᠨ ᠬᠦᠴᠦᠨ ᠢ | ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠬᠤᠪᠢᠶᠠᠨ ᠲᠤᠰᠬᠠᠢ ᠪᠣᠯᠪᠠᠰᠤᠷᠠᠭᠤᠯᠬᠤ ᠶᠢ | ᠴᠢᠩᠭ᠎ᠠ ᠠᠳᠬᠤᠵᠤ᠂ ᠬᠦᠴᠢᠷ ᠠᠰᠠᠭᠤᠳᠠᠯ ᠪᠣᠯᠤᠨ ᠲᠤᠰᠬᠠᠢ ᠮᠡᠷᠭᠡᠵᠢᠯ ᠢᠶᠠᠷ ᠠᠪᠤᠷᠠᠨ ᠲᠤᠰᠠᠯᠠᠬᠤ ᠶᠢ | ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠳᠬᠠᠵᠤ᠂ | ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠡᠯ᠎ᠡ ᠲᠦᠷᠦᠯ ᠤᠨ ᠭᠠᠮᠰᠢᠭ ᠠᠳᠡᠯ ᠢ ᠬᠦᠴᠦᠲᠡᠢ | ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃ ᠪᠦᠬᠦ ᠲᠠᠯ᠎ᠠ ᠪᠠᠷ ᠴᠢᠩᠭ᠎ᠠ ᠠᠳᠬᠤᠬᠤ ᠶᠢ ᠪᠠᠷᠢᠮᠲᠠᠯᠠᠵᠤ ᠡᠩᠨᠡᠭᠡ ᠪᠠᠨ | ᠨᠡᠩ ᠪᠠᠲᠤ ᠴᠢᠩᠭ᠎ᠠ ᠪᠣᠯᠭᠠᠨ ᠳᠠᠪᠲᠠᠨ ᠪᠣᠯᠪᠠᠰᠤᠷᠠᠭᠤᠯᠵᠤ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ | ᠪᠡᠶ᠎ᠡ ᠪᠠᠷ ᠢᠶᠠᠨ ᠬᠡᠪ ᠳᠦᠷᠢᠮ ᠪᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠠᠵᠢᠯ ᠤᠨ | ᠪᠠᠶᠢᠷᠢ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠩᠨᠡᠭᠡ ᠶᠢ ᠴᠢᠩᠭ᠎ᠠ ᠬᠠᠮᠢᠶᠠᠷᠬᠤ ᠪᠠ ᠦᠨᠳᠦᠰᠦᠨ | ᠱᠠᠳᠤ ᠶᠢ ᠬᠠᠶᠢᠷᠠᠯᠠᠨ ᠬᠠᠯᠠᠮᠵᠢᠯᠠᠬᠤ ᠶᠢ ᠣᠷᠭᠠᠨᠢᠭ ᠢᠶᠠᠷ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠡᠷᠡᠰ ᠭᠤᠶᠢᠪᠢᠰᠢ | ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠮᠠᠭᠤ ᠰᠤᠷᠲᠠᠯ ᠢ | ᠡᠷᠡᠰ ᠵᠠᠯᠠᠷᠠᠭᠤᠯᠤᠨ ᠵᠠᠰᠠᠵᠤ᠂ ᠭᠤᠣᠯ ᠮᠥᠷᠡᠨ ᠢ ᠵᠠᠰᠠᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠢᠴᠡᠳ ᠲᠠᠨᠢᠵᠤ᠂ ᠠᠶᠤᠯ | ᠲᠦᠭᠰᠢᠭᠦᠷᠢ ᠶᠢ ᠲᠣᠳᠣᠷᠬᠠᠢ ᠲᠠᠨᠢᠵᠤ᠂ ᠠᠰᠠᠭᠤᠳᠠᠯ ᠢ ᠣᠨᠣᠪᠴᠢᠲᠠᠢ ᠣᠯᠵᠤ᠂ ᠨᠡᠩ ᠴᠤ ᠠᠵᠠ ᠲᠣᠬᠢᠶᠠᠯ ᠢ | ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠶᠡᠭᠡ ᠲᠠᠯ᠎ᠠ | ᠪᠦᠬᠦ ᠲᠠᠯ᠎ᠠ ᠳᠤ ᠵᠣᠭᠰᠣᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ | ᠣᠳᠣᠬᠢᠴᠢᠯᠠᠯᠲᠠ ᠶᠢ ᠲᠥᠯᠥᠪᠵᠢᠭᠦᠯᠦᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠬᠠᠶᠢᠯᠠᠭᠰᠠᠨ ᠠᠵᠢᠯ ᠪᠣᠯᠤᠨ ᠡᠩᠨᠡᠭᠡᠨ ᠤ ᠪᠠᠶᠢᠭᠤᠯᠤᠯᠲᠠ ᠶᠢᠨ | ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ︽ᠪᠦᠬᠦ ᠬᠡᠯᠬᠢᠶ᠎ᠡ︾ ᠶᠢᠨ ᠵᠠᠰᠠᠯᠲᠠ ᠶᠢᠨ ᠵᠠᠭᠪᠤᠷ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠬᠦᠨᠳᠦ ᠣᠨᠴᠠ ᠶᠡᠭᠡ ᠭᠠᠯ ᠤᠨ ᠭᠠᠮᠰᠢᠭ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠬᠤ | ᠬᠡᠷᠡᠭᠲᠡᠢ᠃ ᠬᠠᠤᠯᠢ ᠬᠡᠷᠡᠭᠵᠢᠭᠦᠯᠬᠦ ᠦᠢᠯᠡᠴᠢᠯᠡᠭᠡ ᠪᠠ ᠴᠢᠩᠭ᠎ᠠ ᠬᠢᠨᠠᠯᠲᠠ ᠬᠠᠮᠢᠶᠠᠷᠤᠯᠲᠠ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠎ᠡ᠃ ᠡᠩᠨᠡᠭᠡᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ | ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠰᠢᠨ᠎ᠡ ᠴᠢᠨᠠᠷ ᠪᠦᠬᠦᠢ ᠲᠠᠶᠢᠴᠢᠨ ᠬᠦᠴᠦᠨ ᠢ ᠲᠦᠷᠭᠡᠳᠬᠡᠨ ᠪᠤᠢ ᠪᠣᠯᠭᠠᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠭᠠᠯ ᠰᠡᠷᠭᠡᠶᠢᠯᠡᠬᠦ ᠠᠵᠢᠯ ᠤᠨ ᠭᠦᠨᠵᠡᠭᠡᠢ | ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ | ᠢᠳᠡᠪᠬᠢᠲᠡᠢ ᠪᠤᠶᠢᠵᠢᠭᠤᠯᠤᠨ᠎ᠠ᠃ ᠦᠨᠳᠦᠰᠦᠨ ᠱᠠᠲᠤ ᠶᠢ ᠴᠥᠬᠦᠷᠡᠰᠢ ᠥᠬᠡᠶ ᠠᠳᠬᠤᠨ ᠰᠠᠭᠤᠷᠢ ᠲᠠᠯᠪᠢᠵᠤ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ | ᠥᠬᠡᠶ ᠪᠠᠬᠢᠵᠢᠭᠦᠯᠬᠦ ᠬᠡᠷᠡᠭᠲᠡᠶ᠃ | ᠬᠤᠷᠠᠯ ᠠᠴᠠ᠂ ᠡᠩᠨᠡᠭᠡ ᠶᠢᠨ ᠡᠯ᠎ᠡ ᠱᠠᠲᠤᠨ ᠤ ᠬᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠠᠵᠢᠯ ᠤᠨ ᠱᠠᠭᠠᠷᠳᠠᠯᠭ᠎ᠠ ᠶᠢ ᠠᠬᠢᠭᠤᠯᠵᠤ᠂ ᠦᠵᠡᠯ ᠰᠠᠨᠠᠭ᠎ᠠ | ᠨᠠᠮᠴᠢ ᠴᠢᠨᠠᠷ ᠢ ᠴᠢᠩᠭᠠᠳᠬᠠᠬᠤ᠂ ᠤᠳᠤᠷᠢᠳᠬᠤ ᠪᠠᠭ ᠢ ᠠᠳᠬᠤᠬᠤ ᠬᠠᠷᠢᠭᠤᠴᠠᠯᠭ᠎ᠠ ᠶᠢ ᠴᠢᠩᠭᠠᠳᠬᠠᠬᠤ᠂ | ᠥᠭᠡᠷᠡᠴᠢᠯᠡᠯᠲᠡ ᠶᠢ ᠠᠳᠬᠤᠬᠤ ᠬᠥᠭᠵᠢᠯᠲᠡ ᠶᠢ ᠴᠢᠩᠭᠠᠳᠬᠠᠬᠤ᠂ ᠦᠨᠳᠦᠰᠦᠨ ᠱᠠᠳᠤ ᠶᠢ ᠠᠳᠬᠤᠬᠤ ᠰᠠᠭᠤᠷᠢ ᠶᠢ | ᠪᠠᠬᠢᠵᠢᠭᠦᠯᠬᠦ ᠶᠢ ᠬᠦᠴᠦᠯᠡᠨ ᠠᠳᠬᠤᠵᠤ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠢᠯᠭᠠᠷᠠᠭᠰᠠᠨ ᠡᠩᠨᠡᠭᠡ ᠶᠢ | ᠪᠦᠬᠦ ᠲᠠᠯ᠎ᠠ ᠪᠠᠷ ᠪᠠᠶᠢᠭᠤᠯᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ | ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠦᠨᠳᠦᠰᠦ ᠶᠢ | ᠪᠤᠶᠢᠵᠢᠭᠤᠯᠵᠤ ᠰᠦᠭ ᠰᠦᠨᠡᠰᠦ ᠶᠢ ᠱᠤᠭᠤᠬᠤ ᠶᠢ ᠨᠡᠩ ᠴᠢᠬᠤᠯᠠᠴᠢᠯᠠᠵᠤ᠂ ᠬᠦᠴᠦᠨ ᠢᠶᠠᠨ ᠲᠥᠪᠯᠡᠷᠡᠭᠦᠯᠦᠨ ᠤᠯᠤᠰ | ᠲᠦᠷᠦ ᠶᠢᠨ ᠪᠠᠶᠢᠭᠤᠯᠤᠯᠲᠠ ᠶᠢ ᠪᠣᠳᠠᠲᠠᠢ ᠠᠳᠬᠤᠬᠤ ᠬᠡᠷᠡᠭᠲᠡᠢ᠃ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠶᠢ | ᠨᠠᠩ ᠴᠢᠬᠤᠯᠠᠴᠢᠯᠠᠵᠤ᠂ ᠪᠠᠭ ᠤᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠪᠣᠳᠠᠲᠠᠶ ᠠᠳᠬᠤᠬᠤ ᠬᠡᠷᠡᠭᠲᠡᠶ᠃ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠨᠡᠩ ᠴᠢᠬᠤᠯᠠᠴᠢᠯᠠᠵᠤ᠂ ᠬᠦᠴᠦᠨ ᠢᠶᠠᠨ | ᠲᠥᠪᠯᠡᠷᠡᠭᠦᠯᠦᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠠᠳᠬᠤᠬᠤ ᠬᠡᠷᠡᠭᠲᠡᠢ᠃ ᠦᠨᠡᠨ ᠰᠡᠳᠬᠢᠯ ᠠᠴᠠ ᠪᠠᠨ᠂ | ᠬᠦᠴᠦ ᠪᠠᠨ ᠲᠥᠪᠯᠡᠷᠡᠭᠦᠯᠦᠨ ᠦᠨᠳᠦᠰᠦᠨ ᠱᠠᠲᠤᠨ ᠤ ᠰᠠᠭᠤᠷᠢ ᠶᠢ ᠪᠣᠳᠠᠲᠠᠢ ᠠᠳᠬᠤᠬᠤ ᠶᠢ ᠨᠡᠩ ᠴᠢᠬᠤᠯᠠᠴᠢᠯᠠᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠢ ᠬᠠᠮᠢᠶᠠᠷᠬᠤ ᠠᠩᠭᠢ ᠶᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠰᠲ᠋ᠧᠮ ᠲᠠᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠡᠷᠡᠰ | ᠪᠠᠲᠤ ᠪᠠᠷ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠡᠩᠨᠡᠭᠡ ᠶᠢ ᠬᠤᠪᠢᠰᠬᠠᠯᠲᠤ ᠴᠢᠨᠠᠷᠲᠠᠢ ᠳᠠᠪᠲᠠᠯᠲᠠ | ᠳᠤᠮᠳᠠ ᠨᠡᠩ ᠠᠷᠢᠭᠤᠨ ᠴᠡᠪᠡᠷ᠂ ᠨᠡᠩ ᠬᠠᠲᠠᠭᠤ ᠴᠢᠩᠭ᠎ᠠ ᠪᠣᠯᠭᠠᠬᠤ ᠬᠡᠷᠡᠭᠲᠡᠢ᠃ | ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠬᠠᠤᠯᠢ ᠴᠠᠭᠠᠵᠠ ᠶᠢᠨ | ᠵᠥᠪᠯᠡᠯ ᠠᠯᠪᠠᠨ ᠬᠡᠷ ᠤᠨ ᠲᠦᠷ ᠴᠠᠭ ᠤᠨ ᠬᠠᠷᠢᠭᠤᠴᠠᠯᠭᠠᠲᠠᠨ ᠨᠥᠬᠦᠳ᠂ ᠶᠠᠮᠤᠨ ᠤ ᠬᠠᠮᠢᠶ᠎ᠠ ᠪᠥᠬᠦᠶ ᠵᠤᠷᠭᠠᠨ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ | ᠪᠥᠬᠦᠶ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠶᠡᠷᠦᠩᠬᠡᠶ ᠠᠩᠭᠢ᠂ ᠪᠣᠯᠪᠠᠰᠤᠷᠠᠯ ᠤᠨ ᠶᠡᠷᠦᠩᠬᠡᠶ ᠠᠩᠭᠢ᠂ ᠪᠡᠯᠡᠳᠬᠡᠯ ᠰᠠᠯᠪᠤᠷᠢ ᠠᠩᠭᠢ᠂ ᠤᠯᠤᠰ ᠤᠨ ᠣᠷᠣᠨ | ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠥᠪ ᠤᠨ ᠪᠡᠯᠡᠳᠬᠡᠯ ᠠᠵᠢᠯ ᠤᠨ ᠳᠤᠭᠤᠶᠢᠯᠠᠩ | ᠂ ᠳᠤᠮᠳᠠᠳᠤ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠡᠭᠡᠳᠦ ᠰᠤᠷᠭᠠᠭᠤᠯᠢ | ᠪᠣᠯᠤᠨ ᠡᠯ᠎ᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠤᠳᠤᠯᠭᠠᠨ ᠤ ᠭᠠᠵᠠᠷ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠦᠢᠯᠡᠳᠭᠦᠨ ᠤ ᠬᠢᠷᠢ ᠲᠡᠩᠴᠡᠭᠰᠡᠨ ᠢ ᠦᠨᠡᠯᠡᠨ ᠲᠣᠭᠲᠠᠭᠠᠬᠤ ᠲᠥᠪ ᠤᠨ ᠭᠤᠤᠯ ᠬᠠᠷᠢᠭᠤᠴᠠᠯᠭᠠᠲᠠᠨ | ᠨᠥᠬᠦᠳ ᠥᠪᠡᠷ ᠥᠪᠡᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ |