ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/1/16
    1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ︾ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠵᠢᠴᠢ 2025 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠥᠪ ᠤᠨ ᠲᠥᠰᠥᠯ ᠢ ᠬᠢᠨᠠᠨ ᠪᠠᠶᠢᠴᠠᠭᠠᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠳ᠋ᠤᠸᠠᠨ ᡁᠢ ᠴᠢᠶᠠᠩ ᠬᠤᠷᠠᠯ ᠳᠤ ᠣᠷᠣᠯᠴᠠᠵᠠᠢ᠃    ᠥᠪᠡᠷᠲᠡᠭᠡᠨ ᠵᠠᠰᠠᠬᠤ ᠣᠷᠣᠨ ᠤ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷᠭᠦᠯᠵᠢᠯᠡᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠪᠡᠯᠡ ᠣᠷᠣᠭᠤᠯᠤᠯᠲᠠ ᠶᠢ ᠠᠳᠬᠤᠬᠤ᠂ ᠲᠦᠷᠦᠯ ᠵᠦᠢᠯ ᠣᠯᠬᠤ᠂ ᠬᠡᠷᠡᠭᠯᠡᠭᠡ ᠶᠢ ᠠᠬᠢᠭᠤᠯᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠲᠡᠩᠴᠡᠭᠦᠷᠢᠲᠡᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢ ᠦᠨᠡᠨ ᠬᠦ ᠴᠢᠩᠭᠠᠷᠠᠭᠤᠯᠬᠤ ᠬᠡᠷᠡᠭᠲᠡᠢ ᠭᠡᠬᠦ ᠰᠠᠨᠠᠭᠤᠯᠭ᠎ᠠ ᠳᠤᠷᠠᠳᠴᠠᠢ᠃    ᠥᠪᠡᠷᠲᠡᠭᠡᠨ ᠵᠠᠰᠠᠬᠤ ᠣᠷᠣᠨ ᠤ 2025 ᠣᠨ ᠤ ᠡᠳ᠋ ᠤᠨ ᠵᠠᠰᠠᠭ ᠤᠨ ᠲᠥᠰᠥᠪ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠠᠴᠠ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠵᠢᠴᠢ ᠰᠢᠢᠳᠪᠦᠷᠢ ᠶᠢᠨ ᠲᠥᠰᠥᠯ᠂ ᠥᠪᠡᠷᠲᠡᠭᠡᠨ ᠵᠠᠰᠠᠬᠤ ᠣᠷᠣᠨ ᠤ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ᠤᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠵᠢᠴᠢ ᠰᠢᠢᠳᠪᠦᠷᠢ ᠶᠢᠨ ᠲᠥᠰᠥᠯ ᠢ ᠵᠠᠷᠴᠢᠮ ᠳᠡᠭᠡᠷ᠎ᠡ ᠪᠠᠨ ᠪᠠᠲᠤᠯᠠᠵᠤ᠂ ᠬᠤᠶᠠᠷ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号