1 ᠰᠠᠷ᠎ᠠ ᠶᠢᠨ 15 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠣᠷᠴᠢᠨ | ᠲᠣᠭᠤᠷᠢᠨ ᠡᠬᠢ ᠪᠠᠶᠠᠯᠢᠭ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ | ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠵᠠᠩ ᠶᠠᠨ ᠺᠦᠨ ᠣᠷᠣᠯᠴᠠᠵᠤ ᠶᠠᠷᠢᠶ᠎ᠠ ᠲᠠᠯᠪᠢᠵᠠᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠯᠢᠦ ᠵᠧᠨ᠂ ᠬᠤᠸᠠᠩ ᠵᠠᠨ ᠪᠢᠩ᠂ ᠵᠠᠩ ᠳ᠋ᠢᠶᠠᠨ ᠱᠧᠩ᠂ | ᠭᠤᠤ ᠷᠦᠨ ᠬᠤᠩ᠂ ᠶᠢᠨ ᠢᠦᠢ ᠾᠧ᠂ ᠬᠤᠩ ᠮᠧᠢ᠂ ᠭᠦᠩ ᡁᠢ ᠴᠢᠶᠠᠩ᠂ ᠭᠤᠤ ᠯᠢ ᠰᠢᠨ᠂ ᠵᠧᠦ ᠰᠢᠤᠸᠠᠢ | ᠴᠤᠤ᠂ ᠪᠦᠦ ᠸᠧᠢ᠂ ᠯᠦ ᠴᠢᠤᠸᠠᠨ ᠵᠦᠩ᠂ ᠴᠧᠨ ᠵᠢᠢ ᠯᠢᠨ᠂ ᠶᠦᠨ ᠯᠢ ᠶᠠᠨ᠂ ᠵᠠᠩ ᠬᠤᠸᠠ ᠵᠧᠨ ᠵᠡᠷᠭᠡ | ᠭᠡᠰᠢᠭᠦᠨ ᠤᠷᠢᠳ ᠬᠤᠵᠢᠳ ᠦᠭᠡ ᠬᠡᠯᠡᠵᠦ᠂ ᠰᠦᠨ ᠱᠤᠤ ᠴᠧᠩ ᠤᠯᠠᠨ ᠤ ᠶᠠᠷᠢᠬᠤ ᠶᠢ ᠰᠣᠨᠣᠰᠬᠤ ᠶᠢᠨ ᠳᠠᠭᠠᠤ | ᠲᠡᠮᠳᠡᠭᠯᠡᠵᠦ᠂ ᠪᠠᠶᠢᠨ ᠲᠠᠭᠢᠨ ᠤᠯᠠᠨ ᠲᠠᠢ ᠶᠠᠷᠢᠯᠴᠠᠨ ᠰᠣᠯᠢᠯᠴᠠᠵᠤ ᠪᠠᠶᠢᠪᠠ᠃ ᠲᠡᠷᠡ᠂ ᠤᠯᠠᠨ ᠤ ᠬᠡᠯᠡᠭᠰᠡᠨ ᠮᠠᠰᠢ | ᠰᠠᠶᠢᠨ᠂ ᠳᠤᠷᠠᠳᠤᠭᠰᠠᠨ ᠰᠠᠨᠠᠭᠤᠯᠭ᠎ᠠ ᠨᠢ ᠬᠠᠨᠳᠤᠯᠭᠠᠲᠤ ᠴᠢᠨᠠᠷᠲᠠᠢ ᠮᠥᠷᠲᠡᠭᠡᠨ ᠪᠠᠰᠠ ᠪᠣᠳᠠᠲᠠᠢ ᠬᠡᠷᠡᠭᠵᠢᠭᠦᠯᠵᠦ | ᠪᠣᠯᠬᠤᠶᠢᠴᠠ ᠴᠢᠨᠠᠷᠲᠠᠢ ᠪᠠᠶᠢᠨ᠎ᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠤᠨ ᠰᠢᠩᠭᠡᠬᠡᠨ | ᠠᠪᠬᠤ ᠬᠡᠷᠡᠭᠲᠡᠢ ᠭᠡᠪᠡ᠃ | | | 1 ᠰᠠᠷ᠎ᠠ ᠶᠢᠨ 15 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠣᠷᠴᠢᠨ | ᠲᠣᠭᠤᠷᠢᠨ ᠡᠬᠢ ᠪᠠᠶᠠᠯᠢᠭ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ | ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ᠂ ᠵᠠᠩ ᠶᠠᠨ ᠺᠦᠨ ᠨᠥᠬᠦᠷ ᠤᠨ ᠬᠢᠭᠰᠡᠨ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ | ᠡᠷᠢᠵᠦ᠂ ᠪᠠᠶᠢᠷᠢᠯᠠᠭᠤᠯᠤᠭᠰᠠᠨ ᠡᠭᠦᠷᠭᠡ ᠨᠢ ᠲᠣᠳᠣᠷᠬᠠᠢ ᠪᠥᠭᠡᠳ ᠪᠣᠳᠠᠲᠠᠢ ᠪᠠᠶᠢᠵᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ᠃ | ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ ᠪᠦᠭᠦ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠠᠵᠢᠯ ᠮᠠᠰᠢ ᠶᠡᠭᠡ ᠠᠮᠵᠢᠯᠲᠠ ᠣᠯᠵᠠᠢ᠂ ᠭᠦᠢᠴᠡᠳ ᠨᠤᠲᠠᠯᠠᠭᠤᠰᠢᠲᠠᠢ ᠪᠠᠶᠢᠨ᠎ᠠ᠃ ᠰᠢᠨ᠎ᠡ ᠨᠢᠭᠡ ᠵᠢᠯ ᠳᠤ ᠡᠯ᠎ᠡ | ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ | ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ | ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ | ᠠᠵᠢᠯᠯᠠᠭ᠎ᠠ︾ ᠶᠢ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠦᠭᠡ ᠬᠡᠯᠡᠵᠦ᠂ ᠰᠠᠶᠢᠨ ᠠᠷᠭ᠎ᠠ | ᠤᠬᠠᠭᠠᠨ ᠳᠡᠪᠰᠢᠭᠦᠯᠵᠦ᠂ ᠪᠣᠳᠠᠲᠠᠢ ᠠᠷᠭ᠎ᠠ ᠪᠣᠳᠣᠯᠭ᠎ᠠ ᠭᠠᠷᠭᠠᠨ᠂ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠪᠡ᠃ | ᠰᠦᠨ ᠱᠤᠤ ᠴᠧᠩ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠣᠯᠣᠨ ᠡᠬᠢ ᠪᠠᠶᠠᠯᠢᠭ ᠤᠨ ᠨᠡᠭᠡᠭᠡᠨ | ᠠᠰᠢᠭᠯᠠᠯᠲᠠ ᠶᠢ ᠴᠢᠩᠭᠠᠳᠬᠠᠬᠤ ᠨᠢ ᠥᠪᠥᠷ ᠮᠣᠩᠭᠤᠯ ᠤᠨ ᠪᠣᠬᠢᠷᠳᠤᠯ ᠦᠭᠡᠢ ᠬᠥᠭᠵᠢᠯᠲᠡ ᠳᠤ ᠮᠠᠰᠢ ᠴᠢᠬᠤᠯᠠ | ᠶᠤᠮ᠃ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ ᠴᠢᠷᠮᠠᠶᠢᠨ | ᠪᠠᠬᠢᠵᠢᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ᠣᠯᠠᠨ ᠲᠦᠮᠡᠨ ᠢ ᠳᠠᠶᠢᠴᠢᠯᠠᠨ | ᠥᠷᠭᠡᠨ ᠢᠶᠠᠷ ᠣᠷᠣᠯᠴᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠨᠠᠩ ᠶᠡᠭᠡ | ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ᠃ ᠪᠣᠬᠢᠷᠳᠤᠯ ᠪᠣᠳᠠᠰ ᠢ ᠭᠡᠲᠦ ᠤᠯᠠᠨ ᠭᠠᠳᠠᠭᠰᠢᠯᠠᠭᠤᠯᠬᠤ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ | ᠵᠡᠷᠭᠡ ᠶᠢᠨ ᠵᠠᠰᠠᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠡᠬᠢ ᠪᠠᠶᠠᠯᠢᠭ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ | ᠣᠨᠳᠣᠣᠰᠢᠭᠤᠯᠬᠤ ᠶᠢ ᠢᠳᠡᠪᠬᠢᠲᠡᠢ ᠠᠬᠢᠭᠤᠯᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠦᠷᠦᠯ ᠵᠦᠢᠯ ᠢ | ᠨᠡᠭᠡᠭᠡᠨ ᠬᠥᠭᠵᠢᠭᠦᠯᠬᠦ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠳᠦᠷᠢᠮ ᠢ ᠲᠣᠭᠲᠠᠭᠠᠬᠤ ᠪᠠ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠵᠣᠷᠢᠭᠲᠠᠢ | ᠰᠦᠪᠡᠭᠴᠢᠯᠡᠵᠦ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠬᠡᠷᠡᠭᠲᠡᠢ ᠭᠡᠪᠡ᠃ | ᠰᠦᠨ ᠱᠤᠤ ᠴᠧᠩ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠪᠣᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ | ᠰᠠᠶᠢᠵᠢᠷᠠᠭᠤᠯᠬᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ᠭᠠᠵᠠᠷ ᠰᠢᠷᠣᠢ ᠶᠢᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠠᠷᠭ᠎ᠠ ᠪᠦᠭᠦᠨ ᠢ | ᠰᠦᠪᠡᠭᠴᠢᠯᠡᠨ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠰᠤᠯᠠ | ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠬᠤ ᠶᠢ ᠲᠦᠢᠯᠪᠤᠷᠢᠲᠠᠢ ᠬᠢᠬᠦ ᠬᠡᠷᠡᠭᠲᠡᠢ᠃ ᠲᠠᠷᠢᠶᠠᠯᠠᠩ | ᠮᠠᠯ ᠠᠵᠤ ᠠᠬᠤᠢ ᠶᠢᠨ ᠬᠥᠭᠵᠢᠯᠲᠡ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠪᠡ᠃ | ᠢᠦᠢ ᠯᠢ ᠰᠢᠨ᠂ ᠶᠣᠣ ᠶᠦᠩ ᠪᠦᠸᠧ᠂ ᠳᠠᠶᠢᠴᠢᠨ᠂ ᠴᠡᠴᠡᠭ᠂ ᠵᠠᠩ ᠯᠧᠢ᠂ ᠵᠠᠩ ᠪᠠᠢ ᠴᠧᠩ ᠣᠷᠣᠯᠴᠠᠪᠠ᠃ | |