︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠳᠠᠨ᠎ᠠ ᠲᠣᠬᠢᠷᠠᠭᠤᠯᠤᠭᠰᠠᠨ ᠵᠣᠷ ᠢ ᠵᠢᠷᠤᠮᠵᠢᠭᠤᠯᠤᠨ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ᠢ ᠲᠠᠷᠬᠠᠭᠠᠬᠤ ᠲᠤᠬᠠᠢ
ᠨᠡᠶᠢᠲᠡᠯᠡᠭᠰᠡᠨ ᠴᠠᠭ᠄
2025/1/16
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ᠂ ᠡᠯ᠎ᠡ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ᠄       ︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠳᠠᠨ᠎ᠠ ᠲᠣᠬᠢᠷᠠᠭᠤᠯᠤᠭᠰᠠᠨ ᠵᠣᠷ ᠢ ᠵᠢᠷᠤᠮᠵᠢᠭᠤᠯᠤᠨ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠥᠰᠥᠭ  ﹇2024﹈ 102 ᠳ᠋ᠤᠭᠠᠷ ᠲᠣᠭᠠᠲᠤ︶ ᠢ ᠡᠳᠦᠭᠡ ᠲᠠ ᠨᠠᠷ ᠲᠤ ᠤᠯᠠᠮᠵᠢᠯᠠᠨ ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃       ᠨᠢᠭᠡ᠂ ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠲᠠᠨᠢᠯᠲᠠ ᠪᠠᠨ ᠳᠡᠭᠡᠭᠰᠢᠯᠡᠭᠦᠯᠦᠨ ᠂ ᠭᠠᠳᠠᠨ᠎ᠠ ᠲᠣᠬᠢᠷᠠᠭᠤᠯᠤᠭᠰᠠᠨ ᠵᠣᠷ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠮ ᠤᠨ ᠵᠦᠢᠯ ᠢ ᠵᠦᠢ ᠵᠣᠬᠢᠰᠲᠠᠶ ᠲᠣᠬᠢᠷᠠᠭᠤᠯᠤᠨ᠂ ᠲᠤᠰ ᠪᠠᠶᠢᠭᠤᠯᠤᠮᠵᠢ ᠶᠢᠨ ᠬᠥᠮᠥᠷᠭᠡ ᠳᠤ ᠬᠠᠳᠠᠭᠠᠯᠠᠵᠤ ᠪᠠᠶᠢᠭ᠎ᠠ ᠡᠮ ᠤᠨ ᠵᠦᠢᠯ ᠢ ᠬᠢᠵᠠᠭᠠᠷᠯᠠᠬᠤ᠂ ᠶᠡᠷᠦᠩᠬᠡᠶ ᠲᠤᠭ᠎ᠠ ᠶᠢ ᠡᠵᠡᠮᠳᠡᠬᠦ᠂ ᠬᠡᠮᠵᠢᠶ᠎ᠡ ᠲᠠᠢ ᠬᠤᠳᠠᠯᠳᠤᠨ ᠠᠪᠬᠤ ᠭᠦᠢᠴᠡᠳᠬᠡᠯ ᠲᠤᠭ᠎ᠠ ᠶᠢ ᠬᠢᠵᠠᠭᠠᠷᠯᠠᠬᠤ ᠵᠡᠷᠭᠡ ᠪᠠᠷ ᠰᠢᠯᠲᠠᠭ ᠪᠣᠯᠭᠠᠵᠤ᠂ ᠳᠠᠭᠠᠳᠬᠠᠯ ᠳᠤ ᠣᠷᠣᠯᠴᠠᠭᠰᠠᠳ ᠲᠤ ᠵᠣᠷ ᠤᠨ ᠦᠢᠯᠡᠴᠢᠯᠡᠭᠡ ᠬᠠᠩᠭᠠᠬᠤ ᠶᠢ ᠲᠡᠪᠴᠢᠬᠦ ᠬᠡᠷᠡᠭᠲᠡᠶ᠃ ᠲᠥᠬᠦᠮ ᠲᠥᠳᠡ ᠡᠭᠦᠳᠡᠨ ᠡᠮᠨᠡᠯᠭᠡ ᠪᠠᠶᠢᠭᠤᠯᠵᠤ᠂ ᠨᠥᠬᠦᠴᠡᠯ ᠳᠤ ᠨᠡᠶᠢᠴᠡᠬᠦ ᠡᠩ ᠤᠨ ᠡᠪᠡᠳᠴᠢᠨ ᠪᠤᠶᠤ ᠤᠳᠠᠭᠠᠨ ᠴᠢᠨᠠᠷᠲᠠᠶ ᠡᠪᠡᠳᠴᠢᠲᠡᠨ ᠳᠤ ᠵᠣᠷ ᠤᠨ ᠦᠢᠯᠡᠴᠢᠯᠡᠭᠡ ᠬᠠᠩᠭᠠᠨ᠎ᠠ᠃ ︽ᠣᠷᠳᠣ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢᠨ ᠵᠢᠷᠤᠮᠵᠢᠯ ︵ᠲᠤᠷᠰᠢᠨ ᠬᠡᠷᠡᠭᠵᠢᠭᠦᠯᠬᠦ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠡᠪᠡᠳᠴᠢᠲᠡᠨ ᠳᠤ ᠣᠷᠳᠣ ᠬᠤᠭᠤᠴᠠᠭᠠᠨ ᠤ ᠵᠣᠷ ᠤᠨ ᠦᠢᠯᠡᠴᠢᠯᠡᠭᠡ ᠬᠠᠩᠭᠠᠬᠤ ᠬᠡᠷᠡᠭᠲᠡᠶ᠃       ᠬᠤᠶᠠᠷ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠳᠠᠨ᠎ᠠ ᠳᠣᠬᠢᠷᠠᠭᠤᠯᠤᠭᠰᠠᠨ ᠡᠮ ᠤᠨ ᠵᠣᠷ ᠢᠶᠠᠷ ᠡᠮ ᠤᠨ ᠵᠦᠢᠯ ᠢ ᠪᠣᠷᠤᠯᠠᠭᠤᠯᠬᠤ ᠬᠡᠷᠡᠭᠲᠡᠢ᠃ ᠡᠮ ᠤᠨ ᠵᠦᠢᠯ ᠢ ᠬᠤᠳᠠᠯᠳᠤᠬᠤ ᠳᠤ ᠵᠣᠷ ᠢ ᠴᠢᠩᠭ᠎ᠠ ᠬᠢᠨᠠᠬᠤ ᠬᠡᠷᠡᠭᠲᠡᠶ᠃       ᠭᠤᠷᠪᠠ᠂ 2024 ᠣᠨ ᠤ ᠡᠴᠦᠰ ᠠᠴᠠ ᠡᠮᠦᠨ᠎ᠡ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠴᠥᠮ ᠡᠯᠧᠺᠲᠷᠣᠨ ᠵᠣᠷ ᠤᠨ ᠡᠷᠭᠢᠯᠲᠡ ᠶᠢᠨ ᠨᠥᠬᠦᠴᠡᠯ ᠢ ᠪᠦᠷᠢᠯᠳᠦᠭᠦᠯᠵᠦ᠂ ᠵᠢᠯ ᠤᠨ ᠡᠴᠦᠰ ᠠᠴᠠ ᠡᠮᠦᠨ᠎ᠡ ᠡᠯᠧᠺᠲᠷᠣᠨ ᠵᠣᠷ ᠤᠨ ᠡᠷᠭᠢᠯᠲᠡ ᠶᠢ ᠪᠡᠶᠡᠯᠡᠭᠦᠯᠦᠭᠰᠡᠨ ᠥᠬᠡᠶ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠲᠠᠢ ᠪᠣᠯᠵᠣᠨ ᠶᠠᠷᠢᠯᠴᠠᠵᠤ᠂ ᠵᠣᠷ ᠤᠨ ᠡᠷᠭᠢᠯᠲᠡ ᠶᠢᠨ ᠴᠠᠭ ᠢ ᠲᠣᠳᠣᠷᠬᠠᠶᠢᠯᠠᠨ᠂ ᠨᠥᠬᠦᠴᠡᠯ ᠳᠤ ᠨᠡᠶᠢᠴᠡᠬᠦ ᠥᠬᠡᠶ ᠡᠮ ᠡᠮᠨᠡᠯᠭᠡ ᠶᠢᠨ ᠪᠠᠶᠢᠭᠤᠯᠤᠮᠵᠢ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡᠷ ᠢ ᠵᠣᠭᠰᠣᠭᠠᠬᠤ ᠪᠤᠶᠤ ᠬᠦᠴᠦᠨ ᠥᠬᠡᠶ ᠪᠣᠯᠭᠠᠵᠤ᠂ 2025 ᠣᠨ ᠤ ᠡᠮᠴᠢᠯᠡᠭᠡᠨ ᠤ ᠳᠠᠭᠠᠳᠬᠠᠯ ᠤᠨ ᠦᠷᠭᠦᠯᠵᠢᠯᠡᠨ ᠭᠠᠷ ᠤᠨ ᠥᠰᠥᠭ ᠵᠢᠷᠤᠬᠤ ᠬᠡᠪᠴᠢᠶᠡᠨ ᠳᠤ ᠣᠷᠣᠭᠤᠯᠬᠤ ᠥᠬᠡᠶ᠃       ᠳᠥᠷᠪᠡ᠂ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ︽ᠬᠤᠤᠰ ᠨᠡᠪᠲᠡᠷᠡᠬᠦ ᠵᠠᠮ︾ ᠤᠨ ᠡᠮ ᠤᠨ ᠵᠦᠢᠯ ᠤᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠴᠥᠮ ᠡᠯᠧᠺᠲᠷᠣᠨ ᠵᠣᠷ ᠤᠨ ᠲᠥᠪ ᠢᠶᠠᠷ ᠳᠠᠮᠵᠢᠭᠤᠯᠤᠨ ︽ᠬᠤᠤᠰ ᠨᠡᠪᠲᠡᠷᠡᠬᠦ ᠵᠠᠮ︾ ᠤᠨ ᠡᠮ ᠤᠨ ᠵᠦᠢᠯ ᠤᠨ ᠵᠣᠷ ᠢ ᠰᠢᠯᠵᠢᠭᠦᠯᠬᠦ ᠴᠢᠬᠤᠯᠠᠲᠠᠶ ᠪᠠᠶᠢᠵᠤ᠂ ᠴᠠᠭᠠᠰᠤᠨ ᠵᠣᠷ ᠢ ᠳᠠᠬᠢᠨ ᠬᠦᠯᠢᠶᠡᠵᠦ ᠠᠪᠬᠤ ᠥᠬᠡᠶ᠃       ᠲᠠᠪᠤ᠂ ᠡᠯ᠎ᠡ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠤᠬᠠᠭᠤᠯᠤᠨ ᠲᠠᠶᠢᠯᠪᠤᠷᠢᠯᠠᠬᠤ ᠠᠵᠢᠯ ᠢᠶᠠᠨ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠵᠦᠢ ᠵᠣᠬᠢᠰᠲᠠᠶ ᠪᠠᠷ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠤᠯᠤᠨ᠂ ᠡᠯ᠎ᠡ ᠵᠦᠢᠯ ᠤᠨ ᠰᠢᠯᠲᠠᠭ ᠢᠶᠠᠷ ᠳᠠᠭᠠᠳᠬᠠᠯ ᠳᠤ ᠣᠷᠣᠯᠴᠠᠭᠰᠠᠳ ᠢ ᠲᠦᠯᠬᠢᠯᠴᠡᠵᠦ ᠪᠣᠯᠬᠤ ᠦᠭᠡᠶ᠃ ᠬᠤᠯᠪᠣᠭᠳᠠᠯ ᠪᠦᠬᠦᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠢᠯᠡᠷᠡᠭᠦᠯᠦᠮᠡᠭᠴᠡ ᠬᠡᠯᠡᠯᠴᠡᠭᠡᠷ ᠢ ᠦᠨᠳᠦᠰᠦᠯᠡᠨ ᠴᠢᠩᠭ᠎ᠠ ᠰᠢᠢᠳᠪᠦᠷᠢᠯᠡᠨ᠎ᠡ᠃       ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄ ᠶᠣᠣ ᠯᠦ 0471 - 6606240       ᠳᠠᠭᠠᠯᠳᠤᠭᠤᠯᠤᠯ᠄ ︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠳᠠᠨ᠎ᠠ ᠲᠣᠬᠢᠷᠠᠭᠤᠯᠤᠭᠰᠠᠨ ᠵᠣᠷ ᠢ ᠵᠢᠷᠤᠮᠵᠢᠭᠤᠯᠤᠨ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ https://mgl.nmg.gov.cn/ylbzj/am/2024/12/27/U_65690_1120370.html?pid=12680    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ                 2024 ᠣᠨ ᠤ 12 ᠳ᠋ᠤᠭᠠᠷ ᠰᠠᠷ᠎ᠠ ᠶᠢᠨ 20 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号