︽ᠠᠶᠠᠯᠭᠤᠳᠦ ᠵᠢᠭᠤᠯᠴᠢᠯᠠᠯ ᠥᠪᠥᠷ ᠮᠣᠩᠭᠤᠯ᠂ ᠮᠥᠰᠥ ᠴᠠᠰᠤᠨ ᠤ ᠤᠯᠠᠷᠢᠯ︾ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠲᠤᠭᠤᠯᠬᠤ ᠠᠵᠢᠯᠯᠠᠭ᠎ᠠ ᠶᠠᠪᠤᠬᠳᠠᠪᠠ
ᠨᠡᠶᠢᠲᠡᠯᠡᠭᠰᠡᠨ ᠴᠠᠭ᠄
2025/1/16
    ︽ᠠᠶᠠᠯᠭᠤᠳᠦ ᠵᠢᠭᠤᠯᠴᠢᠯᠠᠯ ᠥᠪᠥᠷ ᠮᠣᠩᠭᠤᠯ᠂ ᠮᠥᠰᠥ ᠴᠠᠰᠤᠨ ᠤ ᠤᠯᠠᠷᠢᠯ︾ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠲᠤᠭᠤᠯᠬᠤ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠶᠠᠪᠤᠬᠳᠠᠵᠥ᠂ ᠪᠦᠬᠦ ᠤᠯᠤᠰ ᠤᠨ ᠡᠯ᠎ᠡ ᠭᠠᠵᠠᠷ ᠤᠨ 1 ᠲᠦᠮᠡ ᠭᠠᠷᠦᠢ ᠵᠢᠭᠤᠯᠴᠢᠯᠬᠠᠴᠢ ᠶᠢ ᠲᠠᠳᠠᠨ᠂ 3000 ᠭᠠᠷᠤᠢ ᠤᠷᠤᠯᠳᠤᠭᠠᠨ ᠤ ᠲᠡᠷᠭᠡ ᠪᠣᠯᠣᠨ ᠦᠪᠡᠷ ᠢᠶᠠᠨ ᠮᠠᠰᠢᠨ ᠪᠠᠷᠢᠵᠦ ᠵᠢᠭᠤᠯᠴᠢᠯᠠᠬᠤ ᠲᠡᠷᠭᠡ ᠤᠷᠤᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠬᠢᠨ ︽ᠨᠠᠶᠢᠷ︾ ᠬᠠᠮᠳᠤᠯᠢᠭ ᠲᠠᠢ ᠬᠠᠮᠳᠤᠷᠠᠨ ᠭᠤᠶᠢᠳᠠ ᠰᠠᠶᠢᠬᠠᠨ ᠲᠤᠬᠯᠠᠯᠳᠠ ᠭᠠᠷᠭᠠᠵᠦ᠂ ᠲᠣᠭᠤᠷᠢᠨ ᠵᠢᠭᠤᠯᠴᠢᠯᠠᠬᠤ ᠵᠢᠭᠰᠠᠭᠠᠯ ᠤᠨ ᠠᠩᠭᠢ᠂ ᠲᠥᠯᠥᠭᠡᠯᠡᠭᠴᠢᠳ ᠤᠨ ᠠᠩᠭᠢ᠂ ᠬᠡᠭᠡᠷ᠎ᠡ ᠶᠢᠨ ᠮᠠᠰᠢᠨ ᠲᠡᠷᠭᠡᠨ ᠤ ᠠᠩᠭᠢ ᠵᠢᠴᠢ ᠬᠤᠪᠴᠠᠰᠤ ᠵᠠᠰᠠᠯ ᠤᠨ ᠦᠵᠡᠭᠦᠯᠭᠡ ᠶᠢᠨ ᠠᠩᠭᠢ ᠶᠢᠨ ᠬᠢᠨ ᠬᠠᠮᠲᠤ ᠪᠠᠷ ᠤᠷᠠᠨ ᠰᠠᠶᠢᠬᠠᠨ ᠤ ᠲᠣᠭᠯᠠᠯᠲᠠ ᠭᠠᠷᠭᠠᠵᠠᠢ᠃ ᠠᠵᠢᠯᠯᠠᠭ᠎ᠠ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠦᠬᠡᠷ ᠤᠨ ᠮᠢᠬᠠᠨ ᠤ ᠠᠮᠲᠠᠲᠤ ᠢᠳᠡᠭᠡᠨ ᠤ ᠨᠠᠶᠢᠷ᠂ ᠱᠠᠩᠳᠦ ᠨᠠᠭᠤᠷ ᠢ ᠲᠤᠭᠤᠷᠢᠬᠤ ᠲᠡᠮᠡᠭᠡᠨ ᠤ ᠰᠢᠨᠳᠠᠰᠦ ᠰᠢᠯᠭᠠᠬᠤ ᠤᠷᠤᠯᠳᠤᠭᠠᠨ᠂ ᠭᠠᠨᠭ᠍ᠭᠠᠡᠭ ᠲᠡᠮᠡᠭᠡ ᠰᠢᠯᠭᠠᠷᠠᠭᠤᠯᠬᠤ ᠤᠷᠤᠯᠳᠤᠭᠠᠨ ᠢᠶᠠᠷ ᠮᠥᠰᠥ ᠴᠠᠰᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ᠂ ᠪᠠᠶᠠᠷ ᠪᠠᠶᠠᠰᠤᠯᠳᠦ ᠡᠪᠦᠯ ᠤᠨ ᠵᠢᠭᠤᠯᠴᠢᠯᠠᠯ ᠤᠨ ᠠᠭᠤᠷ ᠠᠮᠢᠰᠬᠤᠯ ᠢ ᠪᠤᠢ ᠪᠣᠯᠭᠠᠪᠠ᠃    ᠲᠤᠰ ᠤᠳᠠᠭ᠎ᠠ ᠶᠢᠨ ᠤᠷᠤᠯᠳᠤᠭᠠᠨ ᠢ ᠬᠤᠯᠠᠨ ᠰᠢᠷᠭ᠎ᠠ ᠳᠠᠭ᠎ᠠ ᠶᠢᠨ ᠦᠷᠦᠴᠡ ᠭᠠᠵᠠᠷ ᠲᠤ ᠶᠠᠪᠤᠭᠳᠠᠭᠤᠯᠵᠦ᠂ ᠬᠡᠭᠡᠷᠡᠯᠡᠨ ᠠᠶᠠᠯᠠᠬᠤ ᠬᠥᠮᠥᠰ ᠤᠨ ᠮᠠᠰᠢ ᠪᠠᠭ᠋ᠠᠷᠬᠠᠳᠠᠭ ᠲᠤᠬᠯᠠᠭᠠᠮ ᠤᠨ ᠠᠷᠭ᠎ᠠ ᠶᠢ ᠨᠡᠭᠡᠭᠡᠨ ᠬᠥᠭᠵᠢᠭᠦᠯᠵᠦ᠂ ᠡᠯᠪᠡᠭ ᠪᠠᠶᠠᠯᠢᠭ ᠤᠷᠤᠯᠳᠤᠭᠠᠨ ᠢ ᠲᠣᠬᠢᠷᠠᠭᠤᠯᠵᠠᠢ᠃      ᠲᠣᠰ ᠤᠳᠠᠭᠠᠨ ᠤ ᠠᠵᠢᠯᠯᠠᠭ᠎ᠠ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠰᠡᠶᠢᠷᠡᠭ ᠣᠶ᠂ ᠨᠠᠭᠤᠷ ᠴᠥᠭᠦᠷᠥᠮ ᠵᠡᠷᠭᠡ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠦᠵᠡᠮᠵᠢ ᠪᠠ ᠮᠥᠰᠥ ᠴᠠᠰᠤᠨ ᠤ ᠲᠠᠩᠰᠤᠭ ᠰᠠᠶᠢᠬᠠᠨ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠵᠤ᠂ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠬᠰᠠᠳ ᠤᠨ ᠰᠣᠨᠢᠷᠬᠠᠯ ᠢ ᠲᠠᠳᠠᠵᠠᠢ᠃ ᠰᠢᠯᠤᠭᠤᠨ ᠬᠥᠬᠡ ᠬᠤᠰᠢᠭᠤᠨ ᠤ ᠳᠡᠳ᠋ ᠳᠠᠷᠤᠭ᠎ᠠ ᠴᠡᠩᠭᠡᠯ ᠢᠯᠡᠷᠬᠡᠶᠢᠯᠡᠬᠦ ᠳᠡᠭᠡᠨ᠄ ︽ᠪᠢᠳᠡ ᠭᠤᠣᠯᠳᠠᠭᠤ ᠪᠥᠬᠦ ᠬᠤᠰᠢᠭᠤᠨ ᠤ ᠡᠯᠪᠡᠭ ᠪᠠᠶᠠᠯᠢᠭ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠬᠯᠠᠨ᠂ ︿ᠮᠥᠰᠥ ᠴᠠᠰᠤ + ᠵᠢᠭᠤᠯᠴᠢᠯᠠᠯ + ᠰᠣᠶᠣᠯ + ᠬᠤᠳᠠᠯᠳᠤᠭ᠎ᠠ﹀ ᠶᠢᠨ ᠵᠠᠬᠪᠤᠷ ᠢ ᠬᠡᠷᠡᠭᠵᠢᠭᠦᠯᠵᠦ᠂ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠤᠯᠠᠮ ᠠᠬᠢᠭᠤᠯᠵᠦ ᠪᠠᠶᠢᠨ᠎ᠠ︾ ᠭᠡᠪᠡ᠃    
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号