ᠬᠢᠩᠭᠠᠨ ᠠᠶᠢᠮᠠᠭ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠡᠨᠡ ᠡᠪᠦᠯ ᠢᠷᠡᠬᠦ ᠬᠠᠪᠤᠷ ᠤᠨ ᠠᠶᠤᠯᠭᠦᠶ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/20
    ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠢᠯ ᠤᠨ ᠰᠡᠭᠦᠯᠴᠢ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠬᠤ ᠶᠢᠨ ᠲᠥᠯᠥᠭᠡ 1 ᠳ᠋ᠦ᠋ᠭᠡᠷ ᠰᠠᠷ᠎ᠠ ᠶᠢᠨ 10 ᠤ ᠡᠳᠦᠷ ᠠᠴᠠ 1 ᠳ᠋ᠦ᠋ᠭᠡᠷ ᠰᠠᠷ᠎ᠠ ᠶᠢᠨ 13 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠵᠠᠯᠠᠶᠢᠳ ᠬᠤᠰᠢᠭᠤ ᠬᠢᠭᠡᠳ ᠲᠦᠴᠢᠦᠸᠠᠨ ᠰᠢᠶᠠᠨ ᠳᠤ ᠭᠦᠨᠵᠡᠭᠡᠶᠢᠷᠡᠨ᠂ ᠠᠷᠠᠯᠵᠢᠶ᠎ᠠ ᠬᠤᠳᠠᠯᠳᠤᠭᠠᠨ ᠤ 12 ᠠᠵᠤ ᠠᠬᠤᠶᠢᠯᠠᠯ ᠳᠤ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃
W020250120368772482685_ORIGIN.jpg
    ᠪᠠᠶᠢᠴᠠᠭᠠᠬᠤ ᠳᠤᠭᠤᠶᠢᠯᠠᠩ ᠤᠨ ᠬᠢᠨ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠲᠠᠯᠠᠪᠤᠷ ᠵᠢᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠬᠥᠮᠦᠨ ᠨᠢᠭᠲᠠᠷᠠᠭᠰᠠᠨ ᠪᠠ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠪᠦᠰᠡ ᠶᠢ ᠭᠤᠤᠯᠳᠠᠯᠭ᠎ᠠ ᠲᠠᠢ ᠠᠩᠬᠠᠷᠴᠤ᠂ ᠠᠮᠤᠷ ᠲᠦᠪᠰᠢᠨ ᠭᠠᠷᠬᠤ ᠡᠭᠦᠳᠡ ᠪᠠ ᠲᠠᠷᠬᠠᠭᠠᠬᠤ ᠵᠠᠮ ᠪᠥᠭᠯᠡᠷᠡᠭᠰᠡᠨ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠰᠢᠲᠠᠮᠠᠬᠠᠶ ᠬᠡᠶ ᠬᠡᠷᠡᠭᠯᠡᠬᠦ᠂ ᠪᠣᠯᠪᠠᠰᠤᠷᠠᠭᠤᠯᠤᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠲᠦᠷᠢᠮ ᠲᠡᠭᠦᠯᠳᠡᠷᠵᠢᠭᠡᠳᠦᠶ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠳᠤ ᠣᠷᠣᠰᠢᠵᠤ ᠪᠠᠶᠢᠭ᠎ᠠ ᠳᠤᠲᠠᠭᠳᠠᠯ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠲᠤᠰᠬᠠᠶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ ᠬᠡᠮ ᠰᠣᠭᠤᠭ ᠲᠤ᠂ ᠠᠵᠤ ᠠᠬᠤᠶᠢᠯᠠᠯ ᠤᠨ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠱᠠᠭᠠᠷᠳᠠᠬᠤ ᠶᠢᠨ ᠬᠠᠮᠲᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠡᠯ᠎ᠡ ᠲᠠᠯᠠᠪᠤᠷ ᠭᠠᠵᠠᠷ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃
W020250120368772661972_ORIGIN.jpg
    ᠪᠠᠶᠢᠴᠠᠭᠠᠬᠤ ᠳᠤᠭᠤᠶᠢᠯᠠᠩ᠂ ᠠᠶᠤᠯᠭᠦᠢ ᠦᠢᠯᠡᠳᠪᠦᠷᠢᠯᠡᠯ ᠤᠨ ᠠᠵᠢᠯ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠨᠢ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠷᠢᠳᠠᠬᠤ ᠪᠣᠳᠣᠯ ᠪᠠ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ  ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠢᠯᠲᠠᠨ ᠤ ᠠᠵᠢᠯ ᠤᠨ ᠪᠠᠶᠢᠷᠢ ᠳᠤ ᠪᠠᠶᠢᠬᠤ᠂ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠠᠳᠡᠯ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号