ᠪᠠᠷᠠᠭᠤᠨ ᠦᠵᠦᠮᠦᠴᠢᠨ ᠬᠤᠰᠢᠭᠤ᠄ ︽99 ᠨᠣᠮᠧᠷᠲᠤ ᠵᠠᠰᠠᠮᠠᠯ ᠵᠠᠮ︾ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠮᠵᠢᠳᠤ ᠵᠢᠷᠤᠭ ᠢ ᠳᠡᠯᠬᠡᠨ ᠬᠠᠷᠠᠭᠤᠯᠪᠠ
ᠨᠡᠶᠢᠲᠡᠯᠡᠭᠰᠡᠨ ᠴᠠᠭ᠄
2025/1/24
    ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠠᠶᠢᠭᠠᠯᠢ ᠶᠢᠨ ᠥᠪᠡᠷᠮᠢᠴᠡ ᠥᠩᠭᠡ ᠦᠵᠡᠮᠵᠢ᠂ ᠰᠣᠶᠣᠯ ᠢᠷᠭᠡᠨᠰᠢᠯ ᠤᠨ ᠠᠭᠤᠯᠤᠭᠳᠠᠬᠤᠨ ᠪᠣᠯᠤᠨ ᠣᠯᠠᠨ ᠡᠰᠢᠵᠢᠨ ᠠᠭᠤᠰᠤᠯᠴᠠᠭᠰᠠᠨ ᠦᠨᠳᠦᠰᠦᠲᠡᠨ ᠤ ᠰᠣᠶᠣᠯ ᠳᠤ ᠲᠦᠰᠢᠭᠯᠡᠵᠦ᠂ ᠲᠠᠯ᠎ᠠ ᠨᠤᠲᠤᠭ  ᠤᠨ ︽99 ᠨᠣᠮᠧᠷᠲᠤ ᠵᠠᠰᠠᠮᠠᠯ ᠵᠠᠮ︾ ᠤᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ  ᠪᠠᠷ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠤᠷᠤᠭᠰᠢᠯᠠᠬᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠠᠮ ᠢ ᠳᠡᠪᠢᠰᠪᠡ᠃ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠵᠠᠮ ᠢ ᠴᠤᠭᠴᠠᠯᠠᠵᠤ᠂ ᠵᠢᠭᠤᠯᠴᠢᠯᠠᠯ ᠢ ᠬᠦᠭᠵᠢᠭᠦᠯᠪᠡ᠃ ︽ᠬᠥᠳᠡᠭᠡ ᠲᠣᠰᠬᠤᠨ ᠤ ᠳᠥᠷᠪᠡᠨ ᠰᠠᠶᠢᠨ ᠲᠠᠢ ᠵᠠᠮ︾ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠡᠭᠡ ᠪᠠᠷ ᠬᠡᠷᠡᠭᠵᠢᠬᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠬᠢᠭᠡᠳ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠪᠠ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠵᠤ᠂ 2.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ 160 ᠺᠢᠯᠣᠮᠧᠲᠷ ᠤᠨ ᠮᠤᠬᠤᠷ ᠵᠠᠮ ᠢ ᠨᠡᠪᠳᠡᠷᠡᠬᠦᠯᠵᠦ᠂ 6 ᠦᠵᠡᠮᠵᠢ ᠶᠢᠨ ᠣᠷᠣᠨ ᠢ ᠬᠤᠯᠪᠤᠵᠤ᠂ 1 ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ 22 ᠲᠠᠯ᠎ᠠ ᠨᠤᠲᠤᠭ ᠤᠨ ᠠᠷᠠᠳ ᠤᠨ ᠠᠶᠢᠯ ᠪᠠᠭᠤᠳᠠᠯ ᠪᠠ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠰᠣᠶᠣᠯ ᠤᠨ ᠭᠤᠤᠯ ᠰᠡᠳᠦᠪᠲᠦ ᠥᠷᠲᠡᠭᠡ ᠵᠡᠷᠭᠡ ᠳᠤ ᠵᠠᠮ ᠨᠡᠪᠲᠡᠷᠡᠭᠦᠯᠵᠡᠢ᠃ ︽ᠵᠠᠮ ᠢ ᠦᠵᠡᠮᠵᠢ ᠶᠢᠨ ᠤᠷᠤᠨ ᠳᠤ ᠨᠡᠪᠲᠡᠷᠡᠭᠦᠯᠬᠦ︾᠂ ︽ᠵᠠᠮ ᠢᠶᠠᠷ ᠦᠵᠡᠮᠵᠢ ᠶᠢᠨ ᠣᠷᠤᠨ ᠢ ᠬᠡᠯᠬᠢᠭᠰᠡᠨ︾ ᠬᠠᠮᠤᠭ ᠤᠨ ᠭᠤᠶᠣ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠰᠣᠳᠣᠨ ᠵᠢᠭᠤᠯᠴᠢᠯᠠᠯ ᠤᠨ ᠱᠤᠭᠤᠮ ᠢ ᠪᠥᠲᠥᠭᠡᠨ ᠪᠠᠶᠢᠭᠤᠯᠤᠭᠠᠳ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ᠂ ᠵᠠᠮ ᠦᠵᠡᠮᠵᠢ ᠬᠤᠣᠰᠯᠠᠭᠰᠠᠨ ᠵᠠᠮ ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠪᠣᠢ ᠪᠣᠯᠭᠠᠵᠠᠢ᠃ ︽ᠲᠠᠯ᠎ᠠ ᠨᠤᠲᠤᠭ ᠤᠨ 99 ᠨᠣᠮᠧᠷᠲᠤ ᠵᠠᠰᠠᠮᠠᠯ ᠵᠠᠮ︾ ᠤᠨ ᠪᠥᠬᠦ ᠰᠦᠯᠵᠢᠶᠡᠨ ᠳᠡᠭᠡᠷᠡᠬᠢ ᠳᠠᠷᠤᠮ ᠤᠨ ᠲᠤᠭ᠎ᠠ ᠪᠠ ᠤᠩᠰᠢᠭᠰᠠᠨ ᠬᠦᠮᠦᠨ ᠤ ᠲᠤᠭ᠎ᠠ  ᠨᠢ 1500 ᠲᠦᠮᠡᠨ ᠤᠳᠠᠭ᠎ᠠ ᠶᠢ ᠳᠠᠪᠠᠪᠠ᠂ ︽99 ᠨᠣᠮᠧᠷᠲᠤ ᠵᠠᠰᠠᠮᠠᠯ ᠵᠠᠮ︾ ᠭᠡᠬᠦ ᠣᠬᠤᠷ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ︽ᠣᠬᠤᠷ ᠵᠦᠴᠦᠭᠡ ᠪᠠᠷ ᠵᠢᠭᠤᠯᠴᠢᠯᠠᠬᠤ︾ ᠲᠠᠨᠢᠯᠴᠠᠭᠤᠯᠭ᠎ᠠ ᠶᠢᠨ ᠵᠦᠴᠦᠭᠡ ᠳᠤ ᠰᠤᠩᠭᠤᠭᠳᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠤᠨ ᠲᠠᠯ᠎ᠠ ᠨᠤᠲᠤᠭ ᠢᠶᠠᠷ ᠲᠣᠭᠤᠷᠢᠨ ᠵᠤᠭᠠᠴᠠᠬᠤ ᠦᠶ᠎ᠠ ᠳᠤ ᠵᠠᠪᠠᠯ ᠬᠦᠷᠬᠦ ᠭᠠᠵᠠᠷ ᠪᠤᠯᠤᠭᠰᠠᠨ ᠪᠠᠶᠢᠨ᠎ᠠ᠃
    1.jpg
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠵᠠᠮ ᠲᠠᠢ ᠪᠣᠯᠤᠭᠠᠳ ᠠᠷᠠᠳ ᠪᠠᠶᠠᠵᠢᠪᠠ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠪᠥᠲᠥᠭᠡᠨ ᠪᠠᠶᠢᠭᠤᠯᠤᠯᠲᠠ ᠨᠢ ᠮᠠᠯᠵᠢᠬᠤ ᠣᠷᠣᠨ ᠤ ᠵᠠᠮ ᠱᠤᠭᠤᠮ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠳᠠᠭᠠᠤ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠥᠭᠡᠳ ᠣᠷᠣᠨ ᠪᠦᠰᠡ ᠶᠢᠨ ᠰᠣᠶᠣᠯ᠂ ᠵᠢᠭᠤᠯᠴᠢᠯᠠᠯ᠂ ᠤᠨᠴᠠᠯᠢᠭᠳᠤ ᠠᠵᠤ ᠦᠢᠯᠡᠰ  ᠵᠡᠷᠭᠡ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠤ᠂ ᠵᠠᠮ ᠳᠠᠭᠠᠤ 5 ᠰᠤᠮᠤ ᠪᠠᠯᠭᠠᠰᠤᠨ ᠤ ᠠᠵᠤ  ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠢᠭᠤᠳ ᠳᠠᠶᠢᠴᠢᠯᠠᠭᠰᠠᠨ ᠪᠠᠶᠢᠨ᠎ᠠ᠃ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ᠂ ᠤᠯᠤᠰ ᠤᠨ ᠲᠠᠰ ᠤᠨ ᠭᠤᠤᠯᠳᠠᠯᠭ᠎ᠠ ᠲᠠᠢ ᠵᠢᠭᠤᠯᠴᠢᠯᠠᠯ ᠤᠨ ᠬᠥᠳᠡᠭᠡ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ᠂ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠵᠡᠷᠭᠡ ᠶᠢᠨ ᠨᠦᠯᠦᠬᠡᠯᠡᠯ ᠢᠶᠠᠷ ᠵᠠᠮ ᠳᠠᠭᠠᠤ ᠣᠯᠠᠨ ᠲᠦᠮᠡᠨ ᠢ ᠳᠠᠶᠢᠴᠢᠯᠠᠨ ︽ᠬᠡᠷ ᠪᠦᠯᠢ ᠶᠢᠨ ᠮᠠᠯᠵᠢᠯ ᠤᠨ ᠲᠠᠯᠠᠪᠠᠶ + ᠵᠢᠭᠤᠯᠴᠢᠯᠠᠯ︾᠂ ︽ᠠᠷᠠᠳ ᠤᠨ ᠵᠠᠩ  ᠦᠢᠯᠡ + ᠠᠷᠠᠳ ᠤᠨ ᠠᠶᠢᠯ ᠪᠠᠭᠤᠳᠠᠯ︾᠂ ︽ᠪᠣᠳᠠᠰ ᠤᠨ ᠪᠤᠰᠤ ᠰᠣᠶᠣᠯ ᠤᠨ ᠥᠪ + ᠰᠣᠶᠣᠯ ᠤᠨ ᠪᠡᠶᠡᠴᠢ ᠣᠶᠢᠯᠠᠭᠠᠯᠲᠠ︾ ᠵᠡᠷᠭᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠬᠡᠪᠴᠢᠶ᠎ᠠ ᠪᠠᠷ ᠤᠷᠤᠯᠴᠠᠳᠠᠭ᠂ ᠭᠦᠨᠵᠡᠭᠡᠶ ᠤᠶᠢᠯᠠᠭᠠᠳᠠᠭ ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠦᠢᠯᠡᠴᠢᠯᠡᠭᠡ᠂ ᠲᠠᠯ᠎ᠠ ᠨᠤᠲᠤᠭ  ᠤᠨ ᠠᠷᠠᠳ ᠤᠨ ᠠᠶᠢᠯ ᠪᠠᠭᠤᠳᠠᠯ ᠵᠡᠷᠭᠡ ᠬᠠᠮᠢᠶ᠎ᠠ ᠪᠥᠬᠦᠶ ᠠᠵᠤ  ᠦᠢᠯᠡᠰ ᠢ ᠬᠥᠭᠵᠢᠭᠦᠯᠵᠦ᠂ ᠤᠷᠤᠯᠭ᠎ᠠ ᠶᠢ ᠨᠢ ᠨᠡᠮᠡᠭᠳᠡᠬᠦᠯᠪᠠ᠃ 11 ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠵᠢᠭᠤᠯᠴᠢᠯᠠᠯ ᠤᠨ ᠣᠷᠣᠯᠭ᠎ᠠ ᠶᠢ 6.85 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠵᠠᠮ ᠳᠠᠭᠠᠤ ᠰᠠᠭᠤᠷᠢᠰᠢᠭ᠎ᠠ ᠲᠦᠮᠡ ᠭᠠᠷᠤᠶ ᠮᠠᠯᠴᠢᠳ ᠤᠨ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠦᠷᠭᠦᠯᠵᠢᠯᠡᠨ ᠨᠡᠮᠡᠭᠳᠡᠪᠡ᠃
21.jpg
    ᠵᠠᠩ ᠦᠢᠯᠡ ᠰᠣᠶᠣᠯ ᠤᠨ ᠦᠵᠡᠭᠦᠯᠭᠡ ᠶᠢᠨ ᠵᠠᠮ ᠢ ᠴᠣᠭᠴᠠᠯᠠᠵᠤ᠂ ᠵᠠᠮ ᠲᠠᠢ ᠪᠣᠯᠤᠭᠠᠳ ᠰᠤᠶᠤᠯ ᠪᠠᠳᠠᠷᠠᠪᠠ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠳᠠᠭᠠᠤ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ᠂ ᠲᠠᠯ᠎ᠠ ᠨᠤᠲᠤᠭ ᠤᠨ ᠠᠷᠠᠳ ᠤᠨ ᠠᠶᠢᠯ ᠪᠠᠭᠤᠳᠠᠯ ᠵᠡᠷᠭᠡ ᠶᠢ ᠪᠠᠶᠢᠭᠤᠯᠵᠤ᠂ ︽ᠬᠤᠪᠢᠰᠬᠠᠯ ᠤᠨ ᠰᠤᠳᠤᠯᠤᠨ ᠰᠤᠷᠤᠯᠴᠠᠬᠤ + ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ + ᠪᠡᠶ᠎ᠡ ᠶᠢᠨ ᠲᠠᠮᠢᠷ ᠤᠨ ᠬᠥᠳᠡᠯᠭᠡᠭᠡᠨ︾ ᠲᠠᠢ ᠵᠢᠭᠤᠯᠴᠢᠯᠠᠯ ᠢᠶᠠᠷ ᠳᠠᠮᠵᠢᠭᠤᠯᠵᠤ᠂ ᠡᠯ᠎ᠡ ᠦᠨᠳᠦᠰᠦᠲᠡᠨ ᠤ ᠵᠤᠭᠠᠴᠠᠭᠰᠠᠳ ᠲᠤ ᠲᠠᠯ᠎ᠠ ᠨᠤᠲᠤᠭ ᠤᠨ ᠰᠣᠶᠣᠯ ᠢ ᠮᠡᠳᠡᠷᠡᠭᠦᠯᠵᠡᠢ᠂ ︽ᠪᠢ ᠮᠤᠩᠭᠤᠯ ᠮᠤᠷᠢ ᠲᠠᠢ ᠪᠠᠨ︾ ᠭᠡᠬᠦ ᠰᠤᠳᠤᠯᠤᠨ ᠰᠤᠷᠤᠯᠴᠠᠬᠤ ᠵᠠᠮ ᠱᠤᠭᠤᠮ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ︾ ᠤᠨ ᠲᠦᠷᠦᠯ ᠵᠦᠢᠯ ᠳᠤ ᠰᠣᠩᠭᠤᠭᠳᠠᠪᠠ᠃ ᠦᠨᠳᠦᠰᠦᠲᠡᠨ ᠤ ᠰᠣᠶᠣᠯ ᠪᠠ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠢ ᠪᠦᠲᠦᠭᠡᠯᠴᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠵᠦ᠂ ︽ᠨᠠᠭᠠᠳᠤᠮ ᠤᠨ ᠪᠤᠯᠵᠤᠭ᠎ᠠ︾᠂ ᠦᠵᠦᠮᠦᠴᠢᠨ ᠰᠠᠭᠠᠷᠠᠯ ᠠᠳᠤᠭᠤᠨ ᠤ ᠰᠣᠶᠣᠯ ᠤᠨ ᠨᠠᠶᠢᠷ᠂ ᠮᠣᠩᠭᠤᠯ ᠮᠣᠷᠢᠨ ᠤ ᠬᠠᠮᠲᠤᠷᠠᠭᠰᠠᠨ ᠤᠷᠤᠯᠳᠤᠭᠠᠨ᠂ ᠪᠣᠳᠠᠰ ᠤᠨ ᠪᠤᠰᠤ ᠰᠣᠶᠣᠯ ᠤᠨ ᠨᠠᠶᠢᠷ ᠵᠡᠷᠭᠡ ᠦᠨᠳᠦᠰᠦᠲᠡᠨ ᠨᠦᠭᠦᠳ ᠤᠨ ᠬᠠᠮᠳᠤ ᠪᠠᠷ ᠡᠳ᠋ᠯᠡᠬᠦ ᠪᠠᠶᠠᠷ ᠳᠤᠷᠠᠰᠬᠠᠯ ᠤᠨ ᠲᠥᠷᠥᠯ ᠲᠡᠮᠳᠡᠭ ᠢ ᠶᠢ ᠪᠥᠬᠦ ᠬᠦᠴᠦᠨ ᠢᠶᠠᠷ ᠪᠣᠶ ᠪᠣᠯᠭᠠᠵᠤ᠂ ︽99 ᠨᠤᠮᠧᠷᠳᠦ ᠵᠠᠰᠠᠮᠠᠯ ᠵᠠᠮ ᠢ ᠳᠤᠭᠤᠯᠬᠤ︾ ᠰᠢᠷᠢᠰ ᠰᠣᠶᠣᠯ ᠵᠢᠭᠤᠯᠴᠢᠯᠠᠯ ᠤᠨ ᠤᠷᠤᠯᠳᠤᠭᠠᠨ ᠤ ᠠᠵᠢᠯᠯᠠᠭ᠎ᠠ ᠶᠢ 30 ᠭᠠᠷᠤᠶ ᠲᠠᠯᠠᠪᠠᠶ ᠤᠳᠠᠭ᠎ᠠ ᠥᠷᠨᠢᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪ ᠤᠨ ᠲᠣᠭᠤᠷᠢᠨ ᠳᠤ ︽ᠦᠵᠦᠮᠦᠴᠢᠨ ᠰᠠᠭᠠᠷᠠᠯ ᠠᠳᠤᠭᠤ︾ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠭᠡᠷ ᠣᠷᠣᠨ︾ ᠭᠡᠬᠦ ᠭᠤᠣᠯ ᠰᠡᠳᠦᠪᠲᠦ ᠦᠳᠡᠰᠢᠯᠡᠭᠡ ᠶᠢ ᠡᠷᠬᠢᠯᠡᠵᠦ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠬᠤ ᠦᠵᠦᠮᠦᠴᠢᠨ ᠬᠤᠷᠢᠮ ᠤᠨ ᠶᠣᠰᠣᠯᠠᠯ ᠤᠨ ᠦᠵᠡᠭᠳᠡᠯᠲᠦ ᠵᠦᠴᠦᠭᠡ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠦᠵᠡᠭᠦᠯᠭᠡ ᠵᠡᠷᠭᠡ ᠠᠵᠢᠯᠯᠠᠭ᠎ᠠ ᠶᠢ ᠡᠷᠬᠢᠯᠡᠭᠡᠳ ᠵᠢᠭᠤᠯᠴᠢᠯᠠᠯ ᠳᠤ ᠰᠣᠶᠣᠯ ᠤᠨ ᠵᠢᠭᠦᠷ ᠢ ᠤᠷᠭᠤᠭᠤᠯᠵᠤ᠂ ᠳᠤᠮᠳᠠᠳᠤ ᠶᠢᠨ ᠥᠪᠡᠷᠮᠢᠴᠡ ᠰᠣᠶᠣᠯ ᠵᠢᠭᠤᠯᠴᠢᠯᠠᠯ ᠤᠨ ᠪᠡᠶᠡᠴᠢᠯᠡᠨ ᠤᠶᠢᠯᠠᠭᠠᠬᠤ ᠭᠠᠵᠠᠷ ᠪᠤᠯᠤᠭᠰᠠᠨ ᠪᠠᠶᠢᠨ᠎ᠠ᠃
3jpg.jpg
    ᠨᠡᠭᠡᠭᠡᠯᠲᠡᠲᠡᠢ ᠪᠠᠭᠲᠠᠭᠠᠮᠵᠢᠲᠠᠢ ᠡᠶ᠎ᠡ ᠵᠣᠬᠢᠴᠠᠩᠭᠤᠢ ᠵᠠᠮ ᠢ ᠴᠣᠭᠴᠠᠯᠠᠵᠤ᠂ ᠵᠠᠮ ᠲᠠᠢ ᠪᠣᠯᠤᠭᠠᠳ ᠠᠭᠤᠰᠤᠯᠴᠠᠭ᠎ᠠ ᠨᠡᠮᠡᠭᠳᠡᠪᠡ᠃ ︽ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ︾᠂ ︽ᠵᠢᠭᠤᠯᠴᠢᠯᠠᠯ  ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠵᠡᠷᠭᠡ ᠶᠢ ᠲᠣᠭᠲᠠᠭᠠᠨ ᠬᠡᠷᠡᠭᠵᠢᠬᠦᠯᠵᠦ᠂ ᠵᠢᠭᠤᠯᠴᠢᠯᠠᠯ ᠤᠨ ᠬᠥᠭᠵᠢᠯᠲᠡ ᠶᠢ ᠲᠡᠳᠬᠦᠬᠦ ᠱᠠᠩᠨᠠᠯ ᠤᠨ ᠮᠥᠩᠭᠦ 215 ᠲᠦᠮᠡᠨ ᠲᠥᠭᠦᠷᠢᠭ ᠤᠯᠭᠤᠵᠤ᠂ 2.6 ᠳ᠋ᠦᠩᠰᠢᠭᠤᠷ ᠲᠥᠭᠦᠷᠢᠭ ᠵᠠᠷᠤᠴᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠦᠵᠡᠮᠵᠢ ᠶᠢᠨ ᠣᠷᠣᠨ ᠳᠤ ᠣᠷᠤᠭᠤᠯᠬᠤ ᠢᠨᠵᠧᠨᠧᠷᠢᠩ ᠢ ᠬᠡᠷᠡᠭᠵᠢᠬᠦᠯᠵᠦ᠂ ᠵᠢᠭᠤᠯᠴᠢᠯᠠᠯ ᠤᠨ ᠵᠠᠰᠠᠮᠠᠯ ᠵᠠᠮ᠂ ᠪᠠᠭᠤᠳᠠᠯ ᠢ ᠪᠥᠲᠥᠭᠡᠨ ᠪᠠᠶᠢᠭᠤᠯᠵᠤ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ ᠲᠤᠨᠤᠭ ᠲᠦᠬᠦᠬᠡᠷᠦᠮᠵᠢ ᠶᠢ ᠰᠠᠶᠢᠵᠢᠷᠠᠭᠤᠯᠵᠤ᠂ ︽ᠮᠦᠭᠳᠡᠨ — ᠪᠠᠷᠠᠭᠤᠨ ᠦᠵᠦᠮᠦᠴᠢᠨ ᠬᠤᠰᠢᠭᠤ︾᠂ ︽ᠴᠠᠩᠴᠦ᠋ᠨ — ᠪᠠᠷᠠᠭᠤᠨ ᠦᠵᠦᠮᠦᠴᠢᠨ ᠬᠤᠰᠢᠭᠤ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠡᠪᠳᠡᠷᠡᠬᠦᠯᠵᠦ᠂ ᠱᠠᠩᠬᠠᠢ᠂ ᠬᠠᠩᠵᠧᠦ ᠵᠡᠷᠭᠡ ᠭᠤᠣᠯ ᠬᠤᠲᠠ ᠳᠤ ᠤᠴᠢᠬᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ 14 ᠲᠠᠯᠠᠪᠤᠷ ᠦᠷᠨᠢᠬᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠵᠢᠭᠤᠯᠴᠢᠯᠠᠯ ᠤᠨ ᠴᠢᠨᠠᠷ ᠰᠠᠶᠢᠲᠠᠶ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ 11 ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠬᠤᠰᠢᠭᠤ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 153 ᠲᠦᠮᠡᠨ ᠬᠥᠮᠦᠨ ᠤᠳᠠᠭ᠎ᠠ ᠭᠥᠯᠢᠶᠡᠨ ᠠᠪᠴᠦ᠂ ᠵᠢᠭᠤᠯᠴᠢᠯᠠᠯ ᠤᠨ ᠦᠢᠯᠡᠰ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠰᠡᠳᠬᠢᠯ ᠤᠨ ᠬᠤᠯᠪᠤᠭᠠᠰᠤ ᠶᠢ ᠴᠤᠭᠴᠠᠯᠠᠪᠠ᠃
4.jpg
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号