ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | ᠥᠪᠥᠷ ᠵᠠᠰᠠᠭ ᠥᠰᠦᠭ ﹇2024﹈ 238 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵2024 ᠣᠨ ᠤ ᠬᠡᠪᠯᠡᠯ︶︾ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ | ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵2024 ᠣᠨ ᠤ ᠬᠡᠪᠯᠡᠯ︶︾ ︵ | ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ᠂ | ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠨᠢᠭᠡ᠂ ︽ᠭᠠᠷᠴᠠᠭ︾ ᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠠᠮᠢᠶ᠎ᠠ ᠪᠦᠬᠦᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ | ᠮᠠᠲ᠋ᠧᠷᠢᠶᠠᠯ ︵ᠰᠠᠴᠤᠷᠠᠭ ᠤᠨ ᠪᠤᠰᠤ ᠲᠥᠷᠥᠯ︶ ᠢ ᠱᠠᠲᠤ ᠬᠤᠪᠢᠶᠠᠨ ᠬᠢᠨᠠᠨ ᠵᠥᠪᠰᠢᠶᠡᠷᠡᠬᠦ ᠡᠷᠬᠡ ᠮᠡᠳᠡᠯ ᠳᠤ | ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2021﹈ 29 ᠳ᠋ᠦ᠋ᠭᠡᠷ | ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ | ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵ᠰᠠᠴᠤᠷᠠᠭ ᠤᠨ ᠪᠤᠰᠤ ᠲᠥᠷᠥᠯ︶﹀ | ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2021﹈ 94 ᠳ᠋ᠦ᠋ᠭᠡᠷ ᠲᠣᠭᠠᠲᠤ︶ ᠢ | ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠬᠤᠶᠠᠷ᠂ ︽ᠭᠠᠷᠴᠠᠭ︾ ᠲᠤ ᠵᠢᠭᠰᠠᠭᠠᠭᠰᠠᠨ ᠦᠭᠡᠢ ᠪᠤᠰᠤᠳ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠡᠯ᠎ᠡ ᠠᠶᠢᠮᠠᠭ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠱᠠᠲᠤ ᠬᠤᠪᠢᠶᠠᠨ ᠬᠢᠨᠠᠨ ᠵᠥᠪᠰᠢᠶᠡᠷᠡᠭᠰᠡᠨ | ᠰᠠᠨᠠᠯ ᠳᠤᠷᠠᠳᠴᠤ᠂ 2025 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠶᠢᠭ᠎ᠠ ᠭᠠᠵᠠᠷ ᠤᠨ ᠢᠶᠠᠨ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠬᠡᠷᠡᠭᠵᠢᠭᠦᠯᠦᠨ᠎ᠡ᠂ ᠡᠭᠦᠨ ᠳᠤ᠂ ᠴᠥᠮ᠎ᠡ ᠶᠢᠨ ᠬᠢᠭᠡᠳ ᠰᠠᠴᠤᠷᠠᠭ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠬᠤ | ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠪᠦᠬᠦᠨ ᠢ ᠠᠶᠢᠮᠠᠭ ᠬᠤᠲᠠ ᠶᠢᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠬᠢᠨᠠᠨ ᠵᠥᠪᠰᠢᠶᠡᠷᠡᠨ᠎ᠡ᠃ | ᠭᠤᠷᠪᠠ᠂ ︽ᠭᠠᠷᠴᠠᠭ︾ ᠢ ᠬᠡᠷᠡᠭᠵᠢᠭᠦᠯᠬᠦ ᠶᠠᠪᠤᠴᠠ ᠳᠤᠮᠳᠠ ᠠᠰᠠᠭᠤᠳᠠᠯ ᠲᠤᠯᠭᠠᠷᠠᠪᠠᠯ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | 2024 ᠣᠨ ᠤ 12 ᠳ᠋ᠤᠭᠠᠷ ᠰᠠᠷ᠎ᠠ ᠶᠢᠨ 17 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵2024 ᠣᠨ ᠤ ᠬᠡᠪᠯᠡᠯ︶ | | ᠨᠢᠭᠡ᠂ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ | ᠪᠢᠴᠢᠭ ᠮᠠᠲ᠋ᠧᠷᠢᠶᠠᠯ ᠢ ᠬᠠᠷᠢᠭᠤᠴᠠᠨ ᠬᠢᠨᠠᠨ ᠵᠥᠪᠰᠢᠶᠡᠷᠡᠬᠦ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠠᠴᠠ ᠭᠠᠳᠠᠨ᠎ᠠ᠂ ᠠᠶᠢᠮᠠᠭ ᠬᠤᠲᠠ ᠠᠯᠤᠰᠯᠠᠭᠰᠠᠨ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠪᠠ ᠳᠣᠣᠷᠠᠬᠢ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠭᠰᠠᠨ | ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃ | ︵ᠨᠢᠭᠡ︶ ᠤᠰᠤᠨ ᠠᠰᠢᠭᠯᠠᠯᠲᠠ | ᠤᠰᠤᠨ ᠴᠥᠭᠦᠷᠥᠮ᠄ ᠰᠢᠨ᠎ᠡ ᠪᠠᠷ ᠪᠠᠶᠢᠭᠤᠯᠬᠤ ᠴᠥᠭᠦᠷᠥᠮ ᠤᠨ ᠪᠠᠭᠲᠠᠭᠠᠮᠵᠢ ᠨᠢ 1000 ᠲᠦᠮᠡᠨ ᠺᠦᠪ | ᠮᠧᠲᠷ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ᠃ | ᠤᠰᠤ ᠲᠠᠲᠠᠵᠤ ᠤᠰᠤ ᠲᠣᠬᠢᠷᠠᠭᠤᠯᠬᠤ ᠢᠨᠵᠧᠨᠧᠷᠢᠩ᠄ ᠰᠢᠨ᠎ᠡ ᠪᠠᠷ ᠪᠠᠶᠢᠭᠤᠯᠬᠤ ᠲᠥᠷᠥᠯ ᠵᠦᠢᠯ᠃ | ︵ᠬᠤᠶᠠᠷ︶ ᠡᠨᠧᠷᠬᠢ | ᠨᠡᠭᠦᠷᠡᠰᠦ ᠲᠦᠯᠡᠬᠦ ᠴᠠᠬᠢᠯᠭᠠᠨ ᠥᠷᠲᠡᠭᠡ ︵ᠢᠯᠴᠢ ᠴᠠᠬᠢᠯᠭᠠᠨ ᠪᠠᠭᠲᠠᠨ᠎ᠠ︶᠄ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ︵ᠰᠢᠲᠠᠭᠠᠯᠭ᠎ᠠ ᠶᠢᠨ ᠨᠡᠭᠦᠷᠡᠰᠦᠨ ᠳᠤ | ᠬᠠᠶᠠᠭᠳᠠᠮᠠᠯ ᠪᠣᠳᠠᠰ ᠬᠤᠯᠢᠵᠤ ᠰᠢᠲᠠᠭᠠᠬᠤ ᠪᠠᠭᠲᠠᠨ᠎ᠠ︔ ᠳᠡᠪᠢᠰᠬᠡᠷ ᠳᠠᠷᠤᠴᠠ ᠶᠢᠨ ᠮᠠᠰᠢᠨ ᠴᠣᠭᠴᠠᠯᠠᠪᠤᠷᠢ | ᠪᠠᠭᠲᠠᠬᠤ ᠦᠭᠡᠢ︶᠃ | ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠤᠨ ᠴᠠᠬᠢᠯᠭᠠᠨ ᠥᠷᠲᠡᠭᠡ᠄ ᠰᠢᠨ᠎ᠡ ᠪᠠᠷ ᠨᠡᠮᠡᠭᠳᠡᠭᠦᠯᠬᠦ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 50 ᠲᠦᠮᠡᠨ ᠺᠢᠯᠣᠸᠠᠲ ᠵᠢᠴᠢ ᠲᠡᠭᠦᠨ ᠠᠴᠠ ᠳᠡᠭᠡᠭᠰᠢ ᠲᠥᠷᠥᠯ | ᠵᠦᠢᠯ᠃ | ᠤᠰᠤᠨ ᠴᠠᠬᠢᠯᠭᠠᠨ ᠥᠷᠲᠡᠭᠡ᠄ ᠰᠢᠨ᠎ᠡ ᠪᠠᠷ ᠪᠠᠶᠢᠭᠤᠯᠬᠤ ᠪᠠᠶᠢᠩᠭᠤ ᠶᠢᠨ ᠤᠰᠤᠨ ᠴᠠᠬᠢᠯᠭᠠᠨ ᠥᠷᠲᠡᠭᠡ ᠶᠢᠨ | ᠲᠥᠷᠥᠯ ᠵᠦᠢᠯ᠂ ᠰᠢᠨ᠎ᠡ ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 5 ᠲᠦᠮᠡᠨ | ᠺᠢᠯᠣᠸᠠᠲ ᠠᠴᠠ ᠳᠡᠭᠡᠭᠰᠢᠬᠢ ᠪᠠᠶᠢᠩᠭᠤ ᠶᠢᠨ ᠤᠰᠤᠨ ᠴᠠᠬᠢᠯᠭᠠᠨ ᠥᠷᠲᠡᠭᠡ ᠶᠢᠨ ᠲᠥᠷᠥᠯ ᠵᠦᠢᠯ᠂ ᠣᠷᠴᠢᠨ | ᠲᠣᠭᠤᠷᠢᠨ ᠤ ᠬᠥᠨᠳᠡᠭᠦᠷ ᠣᠷᠣᠨ ᠳᠤ ᠬᠤᠯᠪᠣᠭᠳᠠᠬᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ ᠶᠢᠨ ᠲᠥᠷᠥᠯ ᠵᠦᠢᠯ᠂ ᠰᠢᠨ᠎ᠡ ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 30 | ᠲᠦᠮᠡᠨ ᠺᠢᠯᠣᠸᠠᠲ ᠠᠴᠠ ᠳᠡᠭᠡᠭᠰᠢᠬᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ | ᠵᠦᠢᠯ᠃ | ︵ᠭᠤᠷᠪᠠ︶ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ᠄ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ ᠬᠡᠪᠴᠢᠶᠡᠵᠢᠯ ᠨᠢ | 90 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ | ᠨᠡᠭᠦᠷᠡᠰᠦ ᠮᠠᠯᠲᠠᠬᠤ ᠲᠥᠷᠥᠯ ᠵᠦᠢᠯ᠃ | ᠬᠠᠷ᠎ᠠ ᠲᠡᠮᠦᠷᠯᠢᠭ ᠤᠨ ᠬᠦᠳᠡᠷ ᠮᠠᠯᠲᠠᠵᠤ ᠰᠢᠯᠢᠬᠦ ᠦᠢᠯᠡᠰ᠄ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ | ᠬᠡᠪᠴᠢᠶᠡᠵᠢᠯ ᠨᠢ 30 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ᠂ | ᠥᠷᠭᠡᠳᠬᠡᠨ ᠪᠠᠶᠢᠭᠤᠯᠬᠤ ᠲᠡᠮᠦᠷ ᠤᠨ ᠬᠦᠳᠡᠷ ᠮᠠᠯᠲᠠᠵᠤ ᠰᠢᠯᠢᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠃ | ᠥᠩᠭᠡᠲᠦ ᠲᠡᠮᠦᠷᠯᠢᠭ ᠤᠨ ᠠᠭᠤᠷᠬᠠᠢ ᠮᠠᠯᠲᠠᠵᠤ ᠰᠢᠯᠢᠬᠦ ᠦᠢᠯᠡᠰ᠄ ᠬᠤᠪᠣᠷ ᠰᠢᠷᠣᠢ ᠶᠢᠨ ᠮᠠᠯᠲᠠᠵᠤ | ᠰᠣᠩᠭᠤᠬᠤ ᠶᠢ ᠨᠢᠭᠡ ᠴᠣᠭᠴᠠᠵᠢᠭᠤᠯᠤᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ︔ | ᠵᠡᠰ᠂ ᠲᠤᠭᠤᠯᠭ᠎ᠠ - ᠴᠠᠶᠢᠷ᠂ ᠨᠢᠺᠧᠯ - ᠺᠣᠪᠠᠯᠲ᠂ ᠰᠲ᠋ᠠᠨ᠂ ᠰᠲ᠋ᠢᠪᠢ᠂ ᠮᠥᠩᠭᠦᠨ ᠤᠰᠤᠨ ᠤ ᠬᠦᠳᠡᠷ ᠢ | ᠮᠠᠯᠲᠠᠵᠤ ᠰᠢᠯᠢᠬᠦ ᠶᠢ ᠨᠢᠭᠡ ᠴᠣᠭᠴᠠᠵᠢᠭᠤᠯᠤᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ | ᠵᠦᠢᠯ᠃ | ᠦᠯᠡᠳᠡᠭᠳᠡᠯ ᠬᠦᠳᠡᠷ ᠤᠨ ᠠᠭᠤᠷᠬᠠᠢ ᠲᠠᠯᠠᠪᠠᠢ᠄ ᠦᠯᠡᠳᠡᠭᠳᠡᠯ ᠬᠦᠳᠡᠷ ᠤᠨ ᠠᠭᠤᠷᠬᠠᠢ ᠲᠠᠯᠠᠪᠠᠢ ᠶᠢ | ᠪᠠᠭᠲᠠᠭᠠᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠠᠭᠤᠷᠬᠠᠢ ᠶᠢᠨ ᠮᠠᠯᠲᠠᠵᠤ ᠰᠢᠯᠢᠬᠦ ᠲᠥᠷᠥᠯ | ᠵᠦᠢᠯ︔ ᠲᠤᠰᠠᠭᠠᠷ ᠦᠯᠡᠳᠡᠭᠳᠡᠯ ᠬᠦᠳᠡᠷ ᠤᠨ ᠠᠭᠤᠷᠬᠠᠢ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ | ᠪᠠᠶᠢᠭᠤᠯᠬᠤ ᠲᠥᠷᠥᠯ ᠵᠦᠢᠯ᠃ | ︵ᠳᠥᠷᠪᠡ︶ ᠵᠠᠮ ᠬᠠᠷᠢᠯᠴᠠᠭ᠎ᠠ ᠲᠡᠭᠡᠭᠡᠪᠦᠷᠢ | ᠭᠠᠷᠠᠮ᠄ ᠨᠡᠭᠦᠷᠡᠰᠦ᠂ ᠬᠦᠳᠡᠷ᠂ ᠲᠣᠰᠣ ᠬᠡᠢ ᠶᠢᠨ ᠲᠤᠰᠬᠠᠢ ᠬᠡᠷᠡᠭᠯᠡᠭᠡᠨ ᠤ ᠵᠣᠭᠰᠣᠭᠠᠯ ᠢ ᠰᠢᠨ᠎ᠡ ᠪᠠᠷ | ᠪᠠᠶᠢᠭᠤᠯᠬᠤ ᠲᠥᠷᠥᠯ ᠵᠦᠢᠯ᠂ ᠠᠶᠤᠯᠲᠠᠢ ᠪᠣᠳᠠᠰ ᠣᠪᠣᠭᠠᠯᠠᠬᠤ ᠲᠠᠯᠠᠪᠤᠷ ᠲᠤ ᠬᠤᠯᠪᠣᠭᠳᠠᠬᠤ ᠴᠢᠩᠭᠡᠯᠢᠭ ᠤᠨ | ᠲᠤᠰᠬᠠᠢ ᠬᠡᠷᠡᠭᠯᠡᠭᠡᠨ ᠤ ᠭᠠᠷᠠᠮ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠃ | ᠨᠢᠰᠬᠡᠯ ᠤᠨ ᠪᠠᠭᠤᠳᠠᠯ᠄ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ᠂ ᠨᠡᠭᠦᠯᠭᠡᠨ | ᠪᠠᠶᠢᠭᠤᠯᠬᠤ ᠵᠢᠴᠢ ᠠᠭᠠᠷ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠨᠢ ᠨᠡᠮᠡᠭᠳᠡᠭᠦᠯᠵᠦ | ᠥᠷᠭᠡᠳᠬᠡᠨ ᠪᠠᠶᠢᠭᠤᠯᠬᠤ ᠲᠥᠷᠥᠯ ᠵᠦᠢᠯ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠰᠢᠨ᠎ᠡ ᠪᠠᠷ | ᠪᠠᠶᠢᠭᠤᠯᠬᠤ᠂ ᠨᠡᠭᠦᠯᠭᠡᠨ ᠪᠠᠶᠢᠭᠤᠯᠬᠤ ᠲᠥᠷᠥᠯ ᠵᠦᠢᠯ᠃ | ︵ᠲᠠᠪᠤ︶ ᠦᠢᠯᠡᠳᠬᠦ ᠦᠢᠯᠡᠰ | ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠄ ᠴᠢᠯᠠᠭᠤᠨ ᠲᠣᠰᠣ ᠪᠣᠯᠪᠠᠰᠤᠷᠠᠭᠤᠯᠬᠤ ᠪᠥᠬᠦ ᠲᠥᠷᠥᠯ | ᠵᠦᠢᠯ ︵2511︶︔ ᠡᠲ᠋ᠧᠨ ᠤ ᠪᠦᠬᠦ ᠲᠦᠷᠦᠯ ᠵᠦᠢᠯ᠂ ᠬᠤᠶᠠᠷ ᠮᠧᠲ᠋ᠢᠯᠲᠦ ᠪᠧᠨ᠋ᠽᠧᠨ ᠤ ᠰᠢᠨ᠎ᠡ ᠪᠠᠷ | ᠪᠠᠶᠢᠭᠤᠯᠬᠤ ᠲᠦᠷᠦᠯ ᠵᠦᠢᠯ᠂ ᠬᠤᠶᠠᠷ ᠹᠧᠨᠣᠯᠲᠤ ᠮᠧᠲ᠋ᠠᠨ ᠤ ᠬᠤᠶᠠᠷ ᠢᠽᠣᠼᠢᠶᠠᠨ ᠬᠦᠴᠢᠯ ᠤᠨ ᠡᠰᠲ᠋ᠧᠷ ᠤᠨ | ᠰᠢᠨ᠎ᠡ ᠪᠠᠷ ᠪᠠᠶᠢᠭᠤᠯᠬᠤ ᠲᠦᠷᠦᠯ ᠵᠦᠢᠯ᠂ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠬᠠᠶᠠᠭᠳᠠᠮᠠᠯ ᠳᠤᠭᠤᠶᠢᠯᠠᠪᠤᠷᠢ ᠪᠠᠷ | ᠳᠠᠬᠢᠯᠲᠠ ᠲᠣᠰᠣ ᠦᠢᠯᠡᠳᠪᠦᠷᠢᠯᠡᠬᠦ ᠲᠦᠷᠦᠯ ᠵᠦᠢᠯ᠃ | ᠬᠢᠮᠢ ᠶᠢᠨ ᠠᠵᠤ ᠦᠢᠯᠡᠳᠪᠦᠷᠢ᠄ ᠪᠥᠬᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ︵ | 2522᠂ 2523᠂ ᠨᠡᠭᠦᠷᠡᠰᠦ ᠪᠠᠷ ᠠᠽᠣᠲ ᠪᠣᠷᠳᠣᠭᠤᠷ ᠦᠢᠯᠡᠳᠬᠦ᠂ ᠤᠲᠤᠭᠠᠲᠤ ᠨᠡᠭᠦᠷᠡᠰᠦ ᠶᠢ ᠴᠢᠨᠠᠷ | ᠬᠤᠪᠢᠶᠠᠨ ᠠᠰᠢᠭᠯᠠᠬᠤ ᠪᠠᠭᠲᠠᠨ᠎ᠠ︶᠂ ᠪᠥᠬᠦ ᠬᠢᠮᠢ ᠶᠢᠨ ᠲᠠᠷᠢᠶᠠᠨ ᠡᠮ ᠤᠨ ᠲᠦᠭᠦᠬᠡᠢ ᠡᠮ ᠢ ᠦᠢᠯᠡᠳᠬᠦ ᠲᠥᠷᠥᠯ | ᠵᠦᠢᠯ ︵2631᠂ ᠭᠤᠣᠯᠳᠠᠭᠤ ᠬᠢᠮᠢ ᠶᠢᠨ ᠲᠠᠷᠢᠶᠠᠨ ᠡᠮ ᠤᠨ ᠲᠦᠭᠦᠬᠡᠢ ᠡᠮ ᠢ ᠨᠡᠶᠢᠯᠡᠭᠦᠯᠬᠦ ᠳᠤ ᠬᠡᠷᠡᠭᠯᠡᠬᠦ | ᠵᠠᠪᠰᠠᠷ ᠤᠨ ᠴᠣᠭᠴᠠ ᠶᠢ ᠦᠢᠯᠡᠳᠪᠦᠷᠢᠯᠡᠬᠦ ᠲᠥᠷᠥᠯ ᠵᠦᠢᠯ᠂ ᠬᠢᠮᠢ ᠶᠢᠨ ᠲᠠᠷᠢᠶᠠᠨ ᠡᠮ ᠤᠨ ᠨᠠᠶᠢᠷᠠᠯᠲᠠ ᠶᠢᠨ ᠲᠥᠷᠥᠯ | ᠵᠦᠢᠯ ᠪᠠᠭᠲᠠᠬᠤ ᠦᠭᠡᠢ︶᠂ ᠪᠥᠬᠦ ᠾᠷᠣᠮ ᠤᠨ ᠳᠠᠪᠤᠰᠤ᠂ ᠪᠥᠬᠦ ᠼᠢᠶᠠᠨᠲᠤ ᠨᠢᠭᠡᠳᠪᠦᠷᠢ ᠶᠢ ᠦᠢᠯᠡᠳᠪᠦᠷᠢᠯᠡᠬᠦ | ᠲᠥᠷᠥᠯ ᠵᠦᠢᠯ᠃ | ᠱᠦᠢᠨᠢ ᠶᠢᠨ ᠪᠣᠯᠭᠤᠭᠰᠠᠨ ᠮᠠᠲ᠋ᠧᠷᠢᠶᠠᠯ᠄ ᠪᠦᠬᠦ ᠲᠦᠷᠦᠯ ᠵᠦᠢᠯ ︵ᠱᠦᠢᠨᠢ ᠶᠢᠨ ᠤᠭᠤᠷᠭᠠᠢ ᠶᠢᠨ ᠠᠶᠤᠯᠲᠠᠢ | ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠬᠦ ᠪᠠᠭᠲᠠᠨ᠎ᠠ︶᠃ | ᠰᠢᠯ᠄ ᠰᠢᠯ ᠬᠠᠶᠢᠯᠤᠭᠤᠯᠬᠤ ᠤᠭᠤᠷᠭᠠᠢ ᠶᠢᠨ ᠲᠥᠬᠦᠭᠡᠷᠦᠮᠵᠢ ᠳᠤ ᠬᠤᠯᠪᠣᠭᠳᠠᠬᠤ ᠪᠦᠬᠦ ᠲᠥᠷᠥᠯ ᠵᠦᠢᠯ ︵ | 304᠂ ᠴᠠᠬᠢᠯᠭᠠᠨ ᠢᠶᠠᠷ ᠬᠠᠶᠢᠯᠤᠭᠤᠯᠬᠤ ᠤᠭᠤᠷᠭᠠᠢ ᠠᠴᠠ ᠭᠠᠳᠠᠨ᠎ᠠ︶᠃ | ᠪᠣᠯᠣᠳ ᠲᠡᠮᠦᠷ᠄ ᠪᠦᠬᠦᠨ ᠢᠶᠠᠷ ᠢᠶᠠᠨ ᠨᠠᠷᠢᠯᠢᠭ ᠬᠦᠳᠡᠷ ᠢᠶᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠲᠡᠮᠦᠷ | ᠬᠠᠶᠢᠯᠤᠭᠤᠯᠬᠤ ᠲᠥᠷᠥᠯ ᠵᠦᠢᠯ ︵ᠰᠢᠲᠠᠭᠠᠨ ᠪᠠᠷᠢᠯᠳᠤᠭᠤᠯᠬᠤ᠂ ᠪᠥᠮᠪᠥᠭᠡᠯᠡᠬᠦ ᠪᠠᠭᠲᠠᠨ᠎ᠠ︶᠂ ᠪᠦᠬᠦᠨ ᠢᠶᠠᠷ ᠢᠶᠠᠨ | ᠰᠢᠷᠡᠮᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠪᠣᠯᠣᠳ ᠬᠠᠶᠢᠯᠤᠭᠤᠯᠬᠤ ᠲᠥᠷᠥᠯ ᠵᠦᠢᠯ ︵ᠣᠬᠤᠷ | ᠴᠤᠪᠤᠷᠠᠯ ᠢᠶᠠᠷ ᠪᠣᠯᠣᠳ ᠪᠣᠯᠪᠠᠰᠤᠷᠠᠭᠤᠯᠬᠤ ᠠᠴᠠ ᠭᠠᠳᠠᠨ᠎ᠠ︶᠂ ᠰᠢᠨ᠎ᠡ ᠪᠠᠷ ᠪᠠᠶᠢᠭᠤᠯᠬᠤ᠂ ᠥᠷᠭᠡᠳᠬᠡᠨ | ᠪᠠᠶᠢᠭᠤᠯᠬᠤ ᠪᠣᠯᠣᠳ ᠲᠡᠮᠦᠷ ᠤᠨ ᠴᠠᠶᠢᠷ ᠡᠯᠧᠮᠧᠨ᠋ᠲ ᠠᠭᠤᠯᠤᠭᠰᠠᠨ ᠲᠣᠭᠤᠰᠣ ᠰᠢᠪᠠᠷ ᠵᠡᠷᠭᠡ ᠴᠠᠶᠢᠷ ᠡᠯᠧᠮᠧᠨ᠋ᠲ | ᠠᠭᠤᠯᠤᠭᠰᠠᠨ ᠬᠤᠶᠠᠳᠠᠭᠢ ᠡᠬᠢ ᠪᠠᠶᠠᠯᠢᠭ ᠢᠶᠠᠷ ︵ᠳᠡᠳ᠋︶ ᠴᠠᠶᠢᠷ ᠤᠨ ᠢᠰᠦᠯ ᠦᠢᠯᠡᠳᠪᠦᠷᠢᠯᠡᠬᠦ ᠲᠥᠷᠥᠯ ᠵᠦᠢᠯ᠃ | ᠬᠡᠦᠷᠰᠢᠭᠦᠯᠬᠦ᠄ ᠪᠥᠬᠦ ᠲᠥᠷᠥᠯ ᠵᠦᠢᠯ ︵2521᠂ ᠬᠤᠶᠢᠷᠭᠤ ᠬᠡᠢ ᠪᠠᠷ ᠬᠥᠷᠥᠭᠡᠬᠦ᠂ ᠨᠡᠭᠦᠷᠡᠰᠦᠨ ᠬᠡᠢ ᠶᠢ | ᠴᠡᠪᠡᠷᠰᠢᠭᠦᠯᠬᠦ᠂ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠬᠡᠦᠷᠰᠢᠭᠦᠯᠬᠦ ᠵᠤᠤᠬ᠎ᠠ / ᠨᠡᠭᠦᠷᠡᠰᠦᠵᠢᠭᠦᠯᠬᠦ | ᠵᠤᠤᠬ᠎ᠠ ᠳᠤ ᠦᠯᠦ ᠬᠤᠯᠪᠣᠭᠳᠠᠬᠤ ᠥᠭᠡᠷᠡᠴᠢᠯᠡᠨ ᠰᠢᠨᠡᠳᠬᠡᠭᠰᠡᠨ ᠲᠥᠷᠥᠯ ᠵᠦᠢᠯ ᠪᠠᠭᠲᠠᠬᠤ ᠦᠭᠡᠢ︶᠃ | ᠥᠩᠭᠡᠲᠦ ᠲᠡᠮᠦᠷᠯᠢᠭ ᠪᠣᠯᠪᠠᠰᠤᠷᠠᠭᠤᠯᠬᠤ᠄ ᠪᠦᠬᠦᠨ ᠢᠶᠠᠷ ᠢᠶᠠᠨ ᠨᠠᠷᠢᠯᠢᠭ ᠬᠦᠳᠡᠷ ᠢᠶᠠᠷ ᠲᠦᠭᠦᠬᠡᠢ ᠮᠠᠲ᠋ᠧᠷᠢᠶᠠᠯ | ᠪᠣᠯᠭᠠᠭᠰᠠᠨ ᠥᠩᠭᠡᠲᠦ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ᠂ ᠳᠠᠬᠢᠯᠲᠠ ᠥᠩᠭᠡᠲᠦ ᠲᠡᠮᠦᠷᠯᠢᠭ | ᠪᠣᠯᠪᠠᠰᠤᠷᠠᠭᠤᠯᠬᠤ ᠪᠦᠬᠦ ᠲᠥᠷᠥᠯ ᠵᠦᠢᠯ᠃ | ᠴᠢᠳᠬᠤᠬᠤ᠄ ᠴᠢᠳᠬᠤᠬᠤ ᠳᠤ ᠬᠡᠷᠡᠭᠯᠡᠬᠦ ᠰᠢᠷᠡᠮᠦ ᠶᠢᠨ ᠪᠦᠬᠦ ᠲᠥᠷᠥᠯ ᠵᠦᠢᠯ᠂ ᠲᠡᠮᠦᠷ ᠬᠠᠶᠢᠯᠤᠭᠤᠯᠬᠤ | ᠪᠣᠰᠤᠭ᠎ᠠ ᠵᠤᠤᠬ᠎ᠠ ᠪᠠᠷ ᠬᠠᠶᠢᠯᠤᠭᠤᠯᠬᠤ ᠲᠥᠬᠦᠭᠡᠷᠦᠮᠵᠢ ᠪᠣᠯᠭᠠᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ | ᠪᠠᠶᠢᠭᠤᠯᠬᠤ ᠴᠢᠳᠬᠤᠯᠲᠠ ᠶᠢᠨ ᠲᠥᠷᠥᠯ ᠵᠦᠢᠯ᠃ | ᠨᠡᠭᠦᠷᠡᠰᠦᠲᠥ᠋ᠷᠥᠭᠴᠢᠲᠦ ᠦᠢᠯᠡᠳᠬᠦᠨ᠄ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠴᠢᠯᠠᠭᠤᠨ ᠲᠣᠰᠣᠨ ᠤ | ᠬᠡᠦᠷᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠵᠤ ᠨᠡᠭᠦᠷᠡᠰᠦᠲᠥ᠋ᠷᠥᠭᠴᠢᠲᠦ ᠦᠢᠯᠡᠳᠬᠦᠨ ᠦᠢᠯᠡᠳᠪᠦᠷᠢᠯᠡᠬᠦ ᠲᠥᠷᠥᠯ | ᠵᠦᠢᠯ ︵3091︶᠃ | ︵ᠵᠢᠷᠭᠤᠭ᠎ᠠ︶ ᠨᠡᠶᠢᠭᠡᠮ ᠤᠨ ᠠᠵᠢᠯ ᠦᠢᠯᠡᠰ | ᠴᠡᠴᠡᠷᠯᠢᠭ᠄ ᠰᠢᠨ᠎ᠡ ᠪᠠᠷ ᠪᠠᠶᠢᠭᠤᠯᠬᠤ ᠣᠨᠴᠠ ᠲᠣᠮᠣ ᠬᠡᠯᠪᠡᠷᠢ ᠶᠢᠨ ᠭᠤᠣᠯ ᠰᠡᠳᠦᠪᠲᠦ ᠴᠡᠴᠡᠷᠯᠢᠭ︔ | ᠰᠢᠨ᠎ᠡ ᠪᠠᠷ ᠪᠠᠶᠢᠭᠤᠯᠬᠤ ᠲᠣᠮᠣ ᠬᠡᠯᠪᠡᠷᠢ ᠶᠢᠨ ᠭᠤᠣᠯ ᠰᠡᠳᠦᠪᠲᠦ ᠴᠡᠴᠡᠷᠯᠢᠭ᠃ | ᠬᠢᠮᠡᠯ ᠨᠠᠭᠤᠷ᠂ ᠵᠣᠬᠢᠶᠠᠮᠠᠯ ᠨᠤᠭᠤ ᠭᠠᠵᠠᠷ᠄ ᠲᠤᠰᠠᠭᠠᠷ ᠲᠥᠷᠥᠯ ᠵᠦᠢᠯ ᠲᠣᠭᠲᠠᠭᠠᠵᠤ ᠣᠷᠴᠢᠨ ᠲᠣᠭᠤᠷᠢᠨ ᠤ | ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠬᠤ ᠬᠢᠮᠡᠯ ᠨᠠᠭᠤᠷ ᠪᠤᠶᠤ ᠵᠣᠬᠢᠶᠠᠮᠠᠯ ᠨᠤᠭᠤ | ᠭᠠᠵᠠᠷ ᠤᠨ ᠲᠥᠷᠥᠯ ᠵᠦᠢᠯ︔ ᠬᠢᠮᠡᠯ ᠨᠠᠭᠤᠷ᠂ ᠵᠣᠬᠢᠶᠠᠮᠠᠯ ᠨᠤᠭᠤ ᠭᠠᠵᠠᠷ ᠤᠨ ᠡᠵᠡᠯᠡᠬᠦᠨ ᠨᠢ 500 ᠲᠦᠮᠡᠨ ᠺᠦᠪ | ᠮᠧᠲᠷ ᠵᠢᠴᠢ ᠲᠡᠭᠦᠨ ᠠᠴᠠ ᠳᠡᠭᠡᠭᠰᠢ᠂ ᠡᠰᠡᠬᠦᠯ᠎ᠡ ᠡᠵᠡᠯᠡᠬᠦᠨ ᠨᠢ 5 ᠲᠦᠮᠡ ᠠᠴᠠ 500 ᠲᠦᠮᠡᠨ ᠺᠦᠪ | ᠮᠧᠲᠷ ᠤᠨ ᠬᠤᠭᠤᠷᠣᠨᠳᠤ ᠪᠠᠶᠢᠬᠤ ᠪᠥᠭᠡᠳ ᠣᠷᠴᠢᠨ ᠲᠣᠭᠤᠷᠢᠨ ᠤ ᠬᠥᠨᠳᠡᠭᠦᠷ ᠣᠷᠣᠨ ᠳᠤ ᠬᠤᠯᠪᠣᠭᠳᠠᠵᠤ | ᠂ ᠡᠰᠡᠬᠦᠯ᠎ᠡ ᠵᠢᠯ ᠤᠨ ᠤᠰᠤ ᠨᠥᠬᠦᠪᠦᠷᠢᠯᠡᠬᠦ ᠬᠡᠮᠵᠢᠶ᠎ᠡ ᠨᠢ ᠤᠰᠤ ᠲᠠᠲᠠᠬᠤ ᠭᠤᠣᠯ ᠤᠨ ᠵᠠᠮ ᠤᠨ ᠤᠰᠤ ᠲᠠᠲᠠᠬᠤ | ᠣᠭᠲᠣᠯᠣᠭᠠᠰᠤ ᠶᠢᠨ ᠪᠠᠶᠢᠭᠠᠯᠢᠯᠢᠭ ᠵᠢᠯ ᠤᠨ ᠤᠷᠤᠰᠬᠠᠯ ᠤᠨ ᠬᠡᠮᠵᠢᠶᠡᠨ ᠤ 25% ᠵᠢᠴᠢ ᠲᠡᠭᠦᠨ ᠠᠴᠠ ᠳᠡᠭᠡᠭᠰᠢᠬᠢ | ᠬᠠᠮᠢᠶ᠎ᠠ ᠪᠦᠬᠦᠢ ᠲᠥᠷᠥᠯ ᠵᠦᠢᠯ ︵ᠬᠤᠳᠠ ᠶᠢᠨ ᠪᠣᠷᠣᠭᠠᠨ ᠦᠶᠡᠷ ᠤᠨ ᠤᠰᠤ᠂ ᠳᠠᠬᠢᠯᠲᠠ ᠤᠰᠤ᠂ ᠠᠭᠤᠷᠬᠠᠢ ᠶᠢᠨ | ᠬᠤᠳᠳᠤᠭ ᠤᠨ ᠤᠰᠤ ᠵᠡᠷᠭᠡ ᠪᠠᠶᠢᠩᠭᠤ ᠶᠢᠨ ᠪᠤᠰᠤ ᠤᠰᠤᠨ ᠰᠤᠷᠪᠤᠯᠵᠢ ᠶᠢ ᠯᠠ ᠠᠰᠢᠭᠯᠠᠬᠤ ᠬᠢᠮᠡᠯ ᠨᠠᠭᠤᠷ ᠪᠤᠶᠤ | ᠵᠣᠬᠢᠶᠠᠮᠠᠯ ᠨᠤᠭᠤ ᠭᠠᠵᠠᠷ ᠤᠨ ᠲᠥᠷᠥᠯ ᠵᠦᠢᠯ᠂ ᠵᠢᠴᠢ ᠬᠠᠲᠤᠨ ᠭᠤᠣᠯ ᠤᠨ ᠭᠤᠣᠯ ᠤᠷᠤᠰᠬᠠᠯ ᠵᠢᠴᠢ ᠡᠯ᠎ᠡ | ᠱᠠᠲᠤᠨ ᠤ ᠰᠠᠯᠪᠤᠷᠢ ᠤᠷᠤᠰᠬᠠᠯ ᠤᠨ ᠤᠰᠤ ᠶᠢ ᠲᠠᠲᠠᠵᠤ ᠬᠡᠷᠡᠭᠯᠡᠬᠦ ᠦᠭᠡᠢ ᠮᠥᠷᠲᠡᠭᠡᠨ ᠭᠤᠣᠯᠳᠠᠭᠤ ᠪᠣᠬᠢᠷ | ᠤᠰᠤ ᠶᠢ ᠭᠦᠨᠵᠡᠭᠡᠢ ᠰᠢᠢᠳᠪᠦᠷᠢᠯᠡᠬᠦ ᠳᠤ ᠬᠡᠷᠡᠭᠯᠡᠬᠦ ᠬᠠᠮᠢᠶ᠎ᠠ ᠪᠦᠬᠦᠢ ᠲᠥᠷᠥᠯ ᠵᠦᠢᠯ ᠪᠠᠭᠲᠠᠬᠤ ᠦᠭᠡᠢ︶᠃ | ︵ᠳᠣᠯᠤᠭ᠎ᠠ︶ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ | ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠲᠠᠭᠠᠬᠤ᠂ ᠲᠥᠪᠯᠡᠷᠡᠭᠦᠯᠦᠨ ᠪᠤᠯᠠᠵᠤ | ᠰᠢᠢᠳᠪᠦᠷᠢᠯᠡᠬᠦ ᠲᠥᠷᠥᠯ ᠵᠦᠢᠯ ︵ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠲᠥᠷᠥᠯ | ᠵᠦᠢᠯ ᠪᠠᠭᠲᠠᠬᠤ ᠦᠭᠡᠢ︶᠂ ᠠᠶᠤᠯᠲᠠᠢ ᠬᠠᠶᠠᠭᠳᠠᠮᠠᠯ ᠪᠣᠳᠠᠰ ᠡᠭᠦᠰᠬᠡᠬᠦ ᠨᠢᠭᠡᠴᠢ ᠶᠢᠨ ᠰᠢᠨ᠎ᠡ ᠪᠠᠷ ᠪᠠᠶᠢᠭᠤᠯᠤᠭᠰᠠᠨ | ᠠᠶᠤᠯᠲᠠᠢ ᠬᠠᠶᠠᠭᠳᠠᠮᠠᠯ ᠪᠣᠳᠠᠰ ᠢ ᠲᠤᠰᠠᠭᠠᠷ ᠰᠢᠲᠠᠭᠠᠬᠤ ᠪᠤᠶᠤ ᠪᠤᠯᠠᠵᠤ ᠰᠢᠢᠳᠪᠦᠷᠢᠯᠡᠬᠦ ᠥᠪᠡᠰᠦᠪᠡᠨ ᠬᠡᠷᠡᠭᠯᠡᠬᠦ | ᠪᠡᠯᠡᠳᠬᠡᠮᠵᠢ ᠶᠢᠨ ᠲᠥᠷᠥᠯ ᠵᠦᠢᠯ᠃ | ︵ᠨᠠᠢᠮᠠ︶ ᠰᠤᠳᠤᠯᠤᠯᠲᠠ ᠪᠠ ᠲᠤᠷᠰᠢᠯᠲᠠ ᠶᠢᠨ ᠬᠥᠭᠵᠢᠯᠲᠡ | ᠲᠤᠰᠬᠠᠢ ᠮᠡᠷᠭᠡᠵᠢᠯ ᠤᠨ ᠲᠤᠷᠰᠢᠯᠲᠠ ᠶᠢᠨ ᠲᠠᠰᠤᠭ᠄ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ | P3᠂ P4 ᠠᠮᠢᠳᠤ ᠪᠣᠳᠠᠰ ᠤᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠤᠨ ᠲᠥᠷᠥᠯ ᠵᠦᠢᠯ᠃ | ᠬᠤᠶᠠᠷ᠂ ᠴᠥᠮ᠎ᠡ ᠶᠢᠨ ᠬᠢᠭᠡᠳ ᠰᠠᠴᠤᠷᠠᠭ ᠤᠨ ᠪᠦ᠋ᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ | ᠪᠢᠴᠢᠭ ᠮᠠᠲ᠋ᠧᠷᠢᠶᠠᠯ ᠢ ᠬᠠᠷᠭᠤᠴᠠᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ | ᠭᠠᠳᠠᠨ᠎ᠠ᠂ ᠠᠶᠢᠮᠠᠭ ᠬᠤᠲᠠ ᠠᠯᠤᠰᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠳᠣᠣᠷᠠᠬᠢ | ᠴᠥᠮ᠎ᠡ ᠶᠢᠨ ᠬᠢᠭᠡᠳ ᠰᠠᠴᠤᠷᠠᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃ | ᠰᠠᠴᠤᠷᠠᠭ ᠢᠳᠡᠪᠬᠢ ᠢᠵᠢᠯ ᠪᠠᠶᠢᠷᠢᠲᠤ ᠡᠯᠧᠮᠧᠨ᠋ᠲ᠄ ᠪᠦᠬᠦ ᠲᠥᠷᠥᠯ ᠵᠦᠢᠯ᠃ | ᠰᠠᠴᠤᠷᠠᠭ ᠤᠨ ᠲᠣᠨᠣᠭᠯᠠᠯ᠄ ᠪᠦᠬᠦ ᠲᠥᠷᠥᠯ ᠵᠦᠢᠯ᠃ | ᠳᠠᠭᠠᠯᠲᠠ ᠰᠠᠴᠤᠷᠠᠭ ᠢᠳᠡᠪᠬᠢ ᠬᠦᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ᠳᠤ ᠬᠥᠷᠥᠭᠰᠡᠨ 16 ᠲᠥᠷᠥᠯ ᠤᠨ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠄ ᠬᠤᠪᠣᠷ ᠰᠢᠷᠣᠢ᠂ ᠼᠢᠷᠺᠦᠨ ᠵᠢᠴᠢ | ᠼᠢᠷᠺᠦᠨ ᠤ ᠢᠰᠦᠯ᠂ ᠨᠢᠦᠪᠢ / ᠲᠠᠨᠲ᠋ᠠᠯ᠂ ᠰᠲ᠋ᠠᠨ᠂ ᠬᠥᠩᠭᠡᠨ ᠴᠠᠭᠠᠨ᠂ ᠲᠤᠭᠤᠯᠭ᠎ᠠ / ᠴᠠᠶᠢᠷ᠂ ᠵᠡᠰ᠂ ᠲᠡᠮᠦᠷ᠂ | ᠸᠠᠨᠠᠳᠢ᠂ ᠮᠣᠯᠢᠪᠳᠧᠨ᠂ ᠨᠢᠺᠧᠯ᠂ ᠭᠧᠷᠮᠠᠨ᠂ ᠲᠢᠲ᠋ᠠᠨ᠂ ᠠᠯᠲᠠᠨ ᠠᠭᠤᠷᠬᠠᠢ ᠨᠡᠭᠡᠭᠡᠨ ᠮᠠᠯᠲᠠᠬᠤ᠂ ᠬᠦᠳᠡᠷ | ᠰᠣᠩᠭᠤᠬᠤ᠂ ᠪᠣᠯᠪᠠᠰᠤᠷᠠᠭᠤᠯᠬᠤ ᠲᠥᠷᠥᠯ ᠵᠦᠢᠯ᠂ ᠹᠣᠰᠹᠣᠷ ᠬᠦᠴᠢᠯ ᠤᠨ ᠳᠠᠪᠤᠰᠤ ᠨᠡᠭᠡᠭᠡᠨ ᠮᠠᠯᠲᠠᠬᠤ᠂ ᠬᠦᠳᠡᠷ | ᠰᠣᠩᠭᠤᠬᠤ ᠪᠠ ᠰᠢᠭᠤᠳ ᠹᠣᠰᠹᠣᠷ ᠬᠦᠴᠢᠯ ᠤᠨ ᠳᠠᠪᠤᠰᠤ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠡᠳ᠋ᠰᠢᠭᠦᠯᠦᠨ | ᠪᠣᠯᠪᠠᠰᠤᠷᠠᠭᠤᠯᠬᠤ ᠠᠵᠢᠯᠯᠠᠭ᠎ᠠ ᠶᠢᠨ ᠲᠥᠷᠥᠯ ᠵᠦᠢᠯ᠂ ᠨᠡᠭᠦᠷᠡᠰᠦ ᠨᠡᠭᠡᠭᠡᠨ ᠮᠠᠯᠲᠠᠬᠤ᠂ ᠬᠦᠳᠡᠷ ᠰᠣᠩᠭᠤᠬᠤ ᠲᠥᠷᠥᠯ | ᠵᠦᠢᠯ᠃ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠄ 220 ᠺᠢᠯᠤᠸᠤᠯᠲ ᠵᠢᠴᠢ ᠲᠡᠭᠦᠨ ᠠᠴᠠ | ᠳᠡᠭᠡᠭᠰᠢᠬᠢ ᠪᠥᠬᠦ ᠲᠥᠷᠥᠯ ᠵᠦᠢᠯ᠃ | ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠤᠬᠢᠶ᠎ᠠ ᠥᠷᠲᠡᠭᠡ᠂ ᠲᠧᠯᠸᠢᠰ ᠤᠨ ᠰᠤᠪᠤᠷᠭᠠᠲᠤ ᠲᠠᠶᠢᠰᠠ᠂ | ᠳᠠᠭᠠᠭᠤᠯᠢ ᠶᠢᠨ ᠭᠠᠵᠠᠷ ᠤᠨ ᠳᠡᠭᠡᠭᠰᠢ ᠵᠠᠯᠭᠠᠨ ᠳᠠᠮᠵᠢᠭᠤᠯᠬᠤ ᠥᠷᠲᠡᠭᠡ᠂ ᠷᠠᠳᠠᠷ᠄ ᠪᠥᠬᠦ ᠲᠥᠷᠥᠯ ᠵᠦᠢᠯ᠃ | ᠰᠠᠴᠤᠷᠠᠭ ᠢᠳᠡᠪᠬᠢ ᠪᠣᠬᠢᠷᠲᠤᠯ ᠢ ᠵᠠᠰᠠᠬᠤ ᠲᠥᠷᠥᠯ ᠵᠦᠢᠯ᠄ ᠴᠥᠮ᠎ᠡ ᠶᠢᠨ ᠮᠡᠷᠭᠡᠵᠢᠯ ᠢ ᠠᠰᠢᠭᠯᠠᠭᠰᠠᠨ ᠠᠴᠠ | ᠪᠣᠯᠤᠭᠰᠠᠨ ᠰᠠᠴᠤᠷᠠᠭ ᠢᠳᠡᠪᠬᠢ ᠪᠣᠬᠢᠷᠲᠤᠯ ᠢ ᠵᠠᠰᠠᠬᠤ ᠲᠥᠷᠥᠯ ᠵᠦᠢᠯ︔ ᠳᠠᠭᠠᠯᠲᠠ ᠰᠠᠴᠤᠷᠠᠭ ᠢᠳᠡᠪᠬᠢ | ᠠᠭᠤᠷᠬᠠᠢ ᠶᠢ ᠨᠡᠭᠡᠭᠡᠨ ᠠᠰᠢᠭᠯᠠᠭᠰᠠᠨ ᠠᠴᠠ ᠪᠣᠯᠤᠭᠰᠠᠨ ᠰᠠᠴᠤᠷᠠᠭ ᠢᠳᠡᠪᠬᠢ ᠪᠣᠬᠢᠷᠲᠤᠯ ᠢ ᠵᠠᠰᠠᠬᠤ ᠲᠥᠷᠥᠯ ᠵᠦᠢᠯ | ᠃ | ᠴᠥᠮ᠎ᠡ ᠶᠢᠨ ᠲᠥᠬᠦᠭᠡᠷᠦᠮᠵᠢ ᠶᠢᠨ ᠳᠣᠲᠣᠷ᠎ᠠ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠪᠠᠷ ᠪᠠᠶᠢᠭ᠎ᠠ ᠴᠥᠮ᠎ᠡ ᠳᠤ ᠦᠯᠦ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ᠃ | ᠭᠤᠷᠪᠠ᠂ ᠬᠤᠯᠪᠣᠭᠳᠠᠯ ᠪᠦᠬᠦᠢ ᠲᠣᠳᠣᠷᠬᠠᠶᠢᠯᠠᠯᠲᠠ | ︵ᠨᠢᠭᠡ︶ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ ᠢᠯᠭᠠᠯ ᠤᠨ ᠳᠠᠷᠠᠭᠠᠬᠢ 3 | ᠣᠷᠣᠨᠲᠤ ᠪᠤᠶᠤ 4 ᠣᠷᠣᠨᠲᠤ ᠲᠤᠭ᠎ᠠ ᠨᠢ ︽ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ | ᠠᠩᠭᠢᠯᠠᠯ︾ ︵GB / T4754 - 2017︶ ᠵᠢᠴᠢ 1 ᠳ᠋ᠦ᠋ᠭᠡᠷ ᠲᠣᠭᠠᠲᠤ ᠵᠠᠰᠠᠪᠤᠷᠢ ᠣᠷᠣᠭᠤᠯᠤᠭᠰᠠᠨ | ᠬᠠᠭᠤᠳᠠᠰᠤᠨ ᠳᠠᠬᠢ ᠠᠵᠢᠯ ᠲᠥᠷᠥᠯ ᠤᠨ ᠣᠷᠣᠯᠠᠬᠤ ᠨᠣᠮᠧᠷ ᠪᠣᠯᠣᠨ᠎ᠠ᠃ | ︵ᠬᠤᠶᠠᠷ︶ ︽ᠪᠦᠬᠦ︾ ᠭᠡᠳᠡᠭ ᠨᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠬᠦ ᠰᠢᠨᠵᠢ ᠴᠢᠨᠠᠷ ᠲᠠᠢ ᠪᠦᠲᠦᠭᠡᠨ ᠪᠠᠶᠢᠭᠤᠯᠤᠯᠲᠠ ᠶᠢᠨ | ᠡᠯ᠎ᠡ ᠲᠦᠷᠤᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠭᠠᠵᠤ ᠪᠠᠶᠢᠨ᠎ᠠ᠃ | ︵ᠭᠤᠷᠪᠠ︶ ︽ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠭᠠᠷᠴᠠᠭ︾ ᠲᠤ ᠬᠠᠮᠤᠭ ᠤᠨ ᠰᠢᠨ᠎ᠡ ᠲᠣᠬᠢᠷᠠᠭᠤᠯᠤᠯᠲᠠ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ | ᠬᠡᠷᠡᠭᠵᠢᠭᠦᠯᠦᠨ᠎ᠡ᠃ | |