| | | | 1 ᠰᠠᠷ᠎ᠠ ᠶᠢᠨ 21 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠬᠠᠮᠲᠤᠷᠠᠨ ᠲᠥᠪ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠸᠢᠳᠢᠣ᠋ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠨᠠᠩ ᠬᠦᠴᠦᠲᠡᠶ᠂ ᠨᠠᠩ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠪᠠᠷ ᠲᠥᠪ ᠤᠨ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ᠃ ᠲᠦᠷᠦ ᠶᠢᠨ | ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠸᠠᠩ ᠰᠢᠶᠠᠩ ᠰᠢ᠂ ᠲᠦᠷᠦ ᠶᠢᠨ ᠶᠠᠪᠤᠳᠠᠯ ᠤᠨ ᠬᠤᠷᠢᠶᠠᠨ ᠤ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ | ᠱᠦᠵᠢ᠂ ᠡᠷᠬᠢᠯᠡᠭᠴᠢ ᠵᠠᠩ ᠢᠦᠢ ᠵᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠰᠠᠶᠢᠳ ᠰᠦᠩ ᠶᠤᠸᠠᠨ | ᠮᠢᠩ ᠬᠤᠷᠠᠯ ᠳᠤ ᠣᠷᠣᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ ᠵᠤ ᠵᠤᠸᠠᠩ ᠱᠤ᠋ ᠰᠢᠨ | ᠬᠤᠷᠠᠯ ᠢ ᠡᠷᠬᠢᠯᠡᠭᠰᠡᠨ ᠪᠥᠭᠡᠳ 2024 ᠣᠨ ᠤ ᠲᠥᠪ ᠤᠨ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ | ᠵᠠᠩ ᠢᠦᠢ ᠵᠦᠸᠧ᠂ ᠥᠩᠭᠡᠷᠡᠭᠰᠡᠨ ᠨᠢᠭᠡ ᠵᠢᠯ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠤᠨ ᠲᠥᠪ ᠤᠨ ᠠᠵᠤ ᠠᠬᠤᠶᠢᠯᠠᠯ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠢ ᠵᠢᠯᠤᠭᠤᠳᠤᠯᠭ᠎ᠠ ᠳᠣᠣᠷ᠎ᠠ᠂ ᠠᠶᠤᠯᠭᠦᠢ | ᠦᠢᠯᠡᠳᠪᠦᠷᠢᠯᠡᠯ ᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠵᠤ᠂ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠥ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠩᠭᠠᠨ ᠢ ᠮᠠᠨᠳᠤᠭᠤᠯᠬᠤ ᠶᠢ ᠠᠬᠢᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠴᠡᠭᠴᠡᠯᠡᠨ ᠵᠠᠰᠠᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ 2025 ᠣᠨ ᠳᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠲᠥᠪ ᠤᠨ ᠠᠵᠤ ᠠᠬᠤᠶᠢᠯᠠᠯ ᠤᠨ ᠬᠢᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠬᠤᠪᠢᠶᠠᠨ ᠳᠠᠭᠠᠭᠠᠴᠢᠯᠠᠬᠤ᠂ | ᠠᠵᠢᠯᠲᠠᠨ᠂ ᠲᠤᠬᠠᠶ ᠶᠢᠨ ᠲᠠᠯᠠᠪᠠᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠥᠬᠦ ᠬᠦᠷᠢᠶᠡᠨ ᠳᠠᠬᠢ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠰᠡᠷᠭᠡᠶᠢᠯᠡᠯᠲᠡ ᠶᠢ ᠲᠣᠪᠤᠶᠢᠮ᠎ᠠ ᠰᠠᠶᠢᠲᠤᠷ ᠠᠳᠬᠤᠵᠤ᠂ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠨ᠂ ᠠᠭᠠᠷ ᠤᠨ ᠠᠶᠠᠯᠠᠯ ᠤᠨ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠠᠭᠤᠷᠬᠠᠶ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠮᠥᠨ ᠴᠢᠨᠠᠷ ᠤᠨ ᠠᠮᠤᠷ ᠲᠦᠪᠰᠢᠨ ᠤ | ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ | ᠨᠠᠷᠢᠯᠢᠭ ᠠᠳᠬᠤᠵᠤ᠂ ᠬᠢᠮᠢ ᠶᠢᠨ ᠠᠵᠤ ᠦᠢᠯᠡᠳᠪᠦᠷᠢ ᠶᠢᠨ ᠬᠠᠭᠤᠴᠢᠨ ᠲᠣᠨᠣᠭᠯᠠᠯ ᠢ ᠰᠢᠭᠰᠢᠭᠳᠡᠭᠦᠯᠦᠨ ᠭᠠᠷᠭᠠᠬᠤ | ᠪᠠ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠵᠦ᠂ ᠤᠶᠤᠨᠲᠤ ᠲᠣᠭᠤᠷᠢᠨ ᠪᠠᠶᠢᠴᠠᠭᠠᠬᠤ ᠮᠠᠰᠢᠨ ᠬᠥᠮᠦᠨ ᠪᠠ | ᠠᠵᠢᠯᠯᠠᠭᠤᠯᠬᠤ ᠮᠠᠰᠢᠨ ᠬᠥᠮᠦᠨ ᠢ ᠳᠡᠯᠭᠡᠷᠡᠭᠦᠯᠦᠨ᠎ᠡ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠶᠢᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠶᠢ ᠲᠣᠪᠦ᠋ᠮ᠎ᠠ ᠰᠠᠶᠢᠲᠤᠷ ᠠᠳᠬᠤᠵᠤ᠂ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ | ᠰᠠᠶᠢᠲᠤᠷ ᠬᠢᠵᠦ᠂ ᠴᠠᠬᠢᠯᠭᠠᠨ ᠲᠤᠤᠷᠵᠢᠯ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠵᠠᠩᠭᠢᠯᠠᠭ᠎ᠠ ᠶᠢᠨ | ᠲᠥᠬᠦᠭᠡᠷᠦᠮᠵᠢ ᠪᠠᠨ ᠤᠷᠢᠳᠴᠢᠯᠠᠨ ᠪᠠᠶᠢᠴᠠᠭᠠᠨ ᠰᠡᠯᠪᠢᠵᠦ ᠬᠠᠮᠠᠭᠠᠯᠠᠬᠤ ᠶᠢ ᠰᠠᠶᠢᠲᠤᠷ ᠬᠢᠵᠦ᠂ ᠰᠢᠲᠠᠮᠠᠬᠠᠶ ᠬᠡᠢ ᠶᠢᠨ | ᠠᠵᠤ ᠠᠬᠤᠶᠢᠯᠠᠯ ᠤᠨ ᠰᠢᠲᠠᠮᠠᠬᠠᠶ ᠬᠡᠢ ᠶᠢᠨ ᠬᠤᠭᠤᠯᠠᠶ ᠶᠢᠨ ᠲᠤᠤᠷ ᠤᠨ ᠠᠮᠤᠷ ᠲᠦᠪᠰᠢᠨ ᠤ ᠪᠠᠶᠢᠳᠠᠯ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠠᠰᠠᠮᠠᠯ ᠵᠠᠮ ᠤᠨ ᠲᠡᠮᠦᠷ ᠵᠠᠮ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠭᠤᠤᠯᠳᠠᠯᠭ᠎ᠠ ᠲᠠᠢ ᠣᠷᠣᠨ ᠪᠠᠶᠢᠷᠢ ᠶᠢ ᠭᠦᠨᠵᠡᠭᠡᠶ ᠵᠢᠭᠰᠠᠭᠠᠨ ᠪᠠᠶᠢᠴᠠᠭᠠᠵᠤ᠂ ᠰᠣᠶᠣᠯ ᠵᠢᠭᠤᠯᠴᠢᠯᠠᠯ ᠤᠨ | ᠬᠤᠳᠠᠯᠳᠤᠭᠠᠨ ᠤ ᠠᠵᠤ ᠠᠬᠤᠶᠢᠯᠠᠯ ᠤᠨ ᠣᠯᠠᠨ ᠡᠵᠡᠩᠨᠡᠯᠲᠡ ᠶᠢᠨ ᠪᠠᠢᠳᠠᠯ ᠲᠠᠢ ᠬᠤᠯᠢᠮᠠᠭ ᠦᠢᠯᠡᠳᠪᠦᠷᠢᠯᠡᠯ | ᠡᠵᠡᠩᠨᠡᠯᠲᠡ ᠶᠢᠨ ᠲᠠᠯᠠᠪᠤᠷ ᠭᠠᠵᠠᠷ ᠵᠡᠷᠭᠡ ᠭᠠᠯ ᠤᠨ ᠭᠠᠮᠰᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠲᠣᠪᠤᠶᠢᠮ᠎ᠠ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠬᠢᠵᠦ᠂ ᠠᠶᠤᠯ ᠭᠠᠮᠰᠢᠭ ᠠᠴᠠ ᠠᠪᠤᠷᠬᠠᠤ ᠳᠤ ᠢᠳᠡᠪᠬᠢᠲᠡᠶ ᠣᠷᠣᠯᠴᠠᠨ᠎ᠠ᠃ ᠬᠢᠯᠢ ᠶᠢᠨ | ᠭᠠᠳᠠᠨᠠᠬᠢ ᠲᠥᠷᠥᠯ ᠵᠦᠢᠯ ᠪᠣᠯᠤᠨ ᠲᠤᠬᠠᠶᠢᠯᠠᠭᠰᠠᠨ ᠠᠵᠢᠯ ᠪᠦᠬᠦᠢ ᠠᠵᠤ ᠠᠬᠤᠶᠢᠯᠠᠯ ᠤᠳ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠦᠭᠰᠢᠭᠦᠷᠢ ᠶᠢ ᠣᠯᠵᠤ ᠮᠡᠳᠡᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ | ᠤᠢᠭᠡᠢ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠬᠠᠷᠠᠯᠲᠠᠲᠤ ᠬᠠᠮᠢᠶᠠᠷᠤᠯᠲᠠ᠂ ᠬᠠᠷᠢᠭᠤᠴᠠᠯᠭ᠎ᠠ ᠪᠠᠨ ᠭᠦᠢᠴᠡᠳᠬᠡᠬᠦ ᠬᠢᠨᠠᠨ | ᠰᠢᠯᠭᠠᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠠ ᠲᠦᠪᠰᠢᠨ ᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠵᠠᠰᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠴᠢᠬᠤᠯᠠ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ︽ᠨᠢᠭᠡ ᠶᠠᠪᠤᠳᠠᠯ︾ ᠤᠨ ᠪᠥᠬᠦ ᠬᠡᠯᠬᠢᠶ᠎ᠡ ᠶᠢ ᠴᠡᠭᠴᠡᠯᠡᠨ | ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠲᠤ | ᠱᠠᠲᠤ ᠪᠠᠷ ᠪᠣᠳᠠᠲᠠᠶᠢᠵᠢᠭᠤᠯᠵᠤ᠂ ᠪᠣᠭᠤᠮᠲᠠ ᠶᠢ ᠤᠷᠤᠭᠰᠢ ᠠᠬᠢᠭᠤᠯᠬᠤ ᠬᠡᠷᠡᠭᠲᠡᠶ᠃ ᠵᠢᠯ ᠤᠨ ᠡᠴᠦᠰ ᠣᠨ ᠤ | ᠡᠬᠢ ᠪᠠᠷ᠂ ᠡᠯ᠎ᠡ ᠠᠵᠤ ᠠᠬᠤᠶᠢᠯᠠᠯ ᠤᠨ ᠬᠢᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠴᠢᠩᠭ᠎ᠠ ᠨᠢᠮᠪᠠᠢ | ᠪᠣᠳᠠᠲᠠᠢ ᠰᠤᠷᠲᠠᠯ ᠢᠶᠠᠷ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠨᠠᠷᠢᠨ ᠨᠢᠭᠲᠠ | ᠪᠡᠯᠡᠳᠬᠡᠯ ᠲᠥᠰᠦᠯ ᠲᠣᠭᠲᠠᠭᠠᠵᠤ᠂ ᠴᠢᠩᠭ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠴᠢᠮ ᠪᠠᠶᠢᠳᠠᠯ ᠢ | ᠠᠷᠭᠠᠴᠠᠭᠠᠬᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ᠃ | ᠸᠠᠩ ᠰᠢᠶᠠᠩ ᠰᠢ᠂ 2024 ᠣᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠦᠴᠦᠲᠡᠶ ᠤᠳᠤᠷᠢᠳᠤᠯᠭ᠎ᠠ | ᠳᠤᠤᠷ᠎ᠠ᠂ ᠲᠥᠪ ᠤᠨ ᠠᠵᠤ ᠠᠬᠤᠶᠢᠯᠠᠯ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠶᠢ | ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ | ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ | ᠦᠷᠭᠦᠯᠵᠢᠯᠡᠨ ᠰᠠᠶᠢᠵᠢᠷᠠᠪᠠ᠃ ᠬᠦᠨᠳᠦ ᠶᠡᠭᠡ ᠭᠠᠶ ᠭᠠᠮᠰᠢᠭ ᠤᠨ ᠠᠳᠡᠯ ᠤᠨ ᠡᠮᠦᠨ᠎ᠡ᠂ ᠡᠮᠦᠨ᠎ᠡ ᠨᠢ | ᠭᠠᠪᠰᠢᠭᠠᠶᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤᠮᠳᠠ ᠴᠢᠬᠤᠯᠠ ᠦᠢᠯᠡᠳᠦᠯ ᠦᠵᠡᠭᠦᠯᠪᠡ᠃ | ᠲᠡᠷᠡ ᠴᠢᠬᠤᠯᠠᠴᠢᠯᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠰᠠᠶᠢᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠮᠥᠨ᠂ ᠲᠥᠪ ᠤᠨ ᠠᠵᠤ | ᠠᠬᠤᠶᠢᠯᠠᠯ ᠨᠢ ᠤᠯᠤᠰ ᠠᠷᠠᠳ ᠤᠨ ᠠᠵᠤ ᠠᠬᠤᠶ ᠶᠢᠨ ᠨᠡᠮᠡᠭᠳᠡᠯ ᠤᠨ ︽ᠲᠤᠯᠭᠠᠭᠤᠷᠢ ᠬᠦᠴᠦᠨ︾ ᠪᠣᠯᠤᠭᠰᠠᠨ ᠤ | ᠬᠤᠪᠢ ᠳᠤ᠂ ᠠᠮᠤᠷ ᠲᠦᠪᠰᠢᠨ ᠢ ᠬᠠᠮᠠᠭᠠᠯᠠᠬᠤ ︽ᠣᠩᠭᠤᠴᠠ ᠳᠠᠷᠤᠬᠤ ᠴᠢᠯᠠᠭᠤ︾᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠂ ᠨᠠᠮ ᠤᠨ ᠲᠥᠪ ᠬᠤᠷᠢᠶᠠᠨ ᠤ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠥᠬᠡᠶ | ᠦᠢᠯᠡᠳᠪᠦᠷᠢᠯᠡᠯ ᠤᠨ ᠵᠥᠪᠯᠡᠯ ᠤᠨ ᠶᠢᠨ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠂ ᠠᠶᠤᠯᠭᠦᠶ | ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠎ᠡ᠂ ᠦᠨᠳᠦᠰᠦᠨ ᠠᠴᠠ ᠨᠢ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠂ ᠪᠦᠬᠦ | ᠤᠯᠤᠰ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠶ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ | ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠡᠯ᠎ᠡ ᠱᠠᠳᠤ ᠳᠠᠪᠬᠤᠷᠭ᠎ᠠ ᠶᠢ ᠪᠦᠷᠬᠦᠭᠰᠡᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠤᠳᠤᠷᠢᠳᠬᠤ ᠪᠠᠭ ᠤᠨ ᠠᠮᠤᠷ ᠲᠦᠪᠰᠢᠨ ᠤ ᠤᠳᠤᠷᠢᠳᠬᠤ ᠬᠦᠴᠦᠨ ᠢ ᠳᠡᠭᠡᠭᠰᠢᠯᠡᠭᠦᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ︽ᠨᠡᠪᠲᠡᠯᠬᠦ ᠬᠦᠴᠦᠨ︾ ᠢ ᠴᠢᠩᠭᠠᠳᠬᠠᠵᠤ᠂ ᠬᠠᠷᠢᠭᠤᠴᠠᠯᠭ᠎ᠠ ᠶᠢ ᠭᠡᠳᠡᠷᠭᠦ | ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠬᠦᠨᠳᠦ ᠶᠡᠭᠡ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢᠨ ᠲᠠᠯ᠎ᠠ ᠪᠠᠷ ᠳᠡᠭᠡᠭᠰᠢᠯᠡᠭᠦᠯᠵᠦ᠂ ᠬᠦᠨᠳᠦ ᠶᠡᠭᠡ ᠠᠳᠡᠯ ᠤᠨ ᠬᠡᠮ | ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠤᠯᠠᠮ ᠴᠢᠨᠠᠭᠰᠢᠳᠠ ᠰᠠᠶᠢᠲᠤᠷ ᠰᠤᠷᠤᠯᠴᠠᠨ ᠰᠠᠶᠢᠲᠤᠷ | ᠬᠡᠷᠡᠭᠯᠡᠵᠦ᠂ ᠪᠠᠷᠢᠯᠭ᠎ᠠ ᠪᠠᠷᠢᠬᠤ᠂ ᠠᠷᠠᠳ ᠤᠨ ᠠᠭᠠᠷ ᠤᠨ ᠲᠡᠭᠡᠭᠡᠪᠦᠷᠢ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ | ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠳᠣᠪᠤᠶᠢᠯᠭᠠᠵᠤ᠂ ᠬᠡᠮ | ᠰᠣᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠤᠨ ᠲᠠᠯ᠎ᠠ ᠪᠠᠷ ᠪᠣᠳᠠᠲᠤ ᠦᠷ᠎ᠡ | ᠪᠦᠲᠦᠮᠵᠢ ᠣᠯᠵᠤ᠂ ᠬᠤᠪᠢᠶᠠᠨ ᠳᠠᠭᠠᠭᠠᠴᠢᠯᠠᠵᠤ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠭᠠᠯ | ᠨᠣᠴᠣᠭᠠᠬᠤ ᠵᠡᠷᠭᠡ ᠠᠶᠤᠯᠲᠠᠢ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ | ᠬᠥᠮᠦᠰ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠴᠠᠭ ᠲᠤᠬᠠᠢ ᠳᠤᠨᠢ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠠᠯᠳᠠᠰᠢ ᠭᠠᠷᠬᠤ ᠶᠢ ᠬᠤᠷᠢᠭᠯᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ | ᠲᠠᠬᠢᠨ ᠬᠦᠴᠦᠯᠡᠵᠦ᠂ ᠲᠤᠨᠤᠭ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠢ ᠢᠳᠡᠪᠬᠢᠲᠡᠢ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠩᠭᠠᠨ ᠠᠶᠢᠮᠠᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠮᠤᠷ ᠲᠦᠪᠰᠢᠨ ᠤ ᠬᠡᠪ ᠪᠣᠯᠪᠠᠰᠤᠷᠠᠯ ᠬᠦᠷᠦᠯᠴᠡᠬᠦ ᠦᠭᠡᠢ ᠪᠠᠶᠢᠬᠤ ︽ᠪᠠᠭᠤᠷᠠᠢ ᠲᠠᠯ᠎ᠠ︾ ᠶᠢ ᠬᠦᠴᠦᠯᠡᠨ | ᠰᠢᠢᠳᠪᠦᠷᠢᠯᠡᠵᠦ᠂ ᠠᠳᠡᠯ ᠤᠨ ᠬᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠠᠵᠤ | ᠦᠢᠯᠡᠰ ᠢ ᠬᠥᠭᠵᠢᠭᠦᠯᠬᠦ ᠪᠠ ᠠᠶᠤᠯ ᠠᠴᠠ ᠠᠪᠤᠷᠠᠨ ᠲᠤᠰᠠᠯᠠᠬᠤ ᠳᠤ ᠣᠷᠣᠯᠴᠠᠬᠤ ᠲᠠᠯ᠎ᠠ ᠪᠠᠷ ᠰᠢᠨ᠎ᠡ ᠭᠠᠪᠢᠶ᠎ᠠ | ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠣᠳᠠᠲᠤ ᠬᠡᠷᠡᠭᠴᠡᠭᠡ ᠪᠣᠯᠤᠨ ᠳᠤᠲᠠᠭᠤᠳᠠᠯ | ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ︽ᠳᠡᠭᠡᠳᠦ ᠨᠠᠷᠢᠯᠢᠭ ᠣᠨᠴᠠᠭᠠᠢ ᠲᠤᠰᠬᠠᠢ | ᠮᠡᠷᠭᠡᠵᠢᠯ︾ ᠤᠨ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ᠂ ᠦᠨᠳᠦᠰᠦᠨ ᠱᠠᠲᠤᠨ ᠳᠤ ᠨᠢᠭᠡ ᠪᠦᠯᠦᠭ ︽ | ᠪᠠᠭ᠎ᠠ ᠲᠦᠷᠭᠡᠨ ᠬᠦᠩᠬᠡᠨ ᠤᠬᠠᠭᠠᠨ︾ ᠤ ᠲᠤᠨᠤᠭ ᠲᠥᠬᠦᠭᠡᠷᠦᠮᠵᠢ ᠶᠢ ᠳᠡᠯᠭᠡᠷᠡᠭᠦᠯᠵᠦ᠂ ᠲᠤᠰᠬᠠᠢ ᠪᠠᠴᠢᠮ | ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠬᠦᠨᠳᠦ | ᠣᠨᠴᠠ ᠶᠡᠭᠡ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠳᠤᠮᠳᠠ ᠦᠷᠭᠦᠯᠵᠢᠯᠡᠨ ᠬᠦᠨᠳᠦ | ᠡᠭᠦᠷᠭᠡ ᠶᠢ ᠡᠭᠦᠷᠭᠡᠯᠡᠬᠦ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠠᠭᠤᠷᠬᠠᠶ ᠶᠢᠨ ᠠᠮᠤᠷ | ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠨᠥᠬᠦᠳ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠦᠷᠢᠯᠳᠦᠬᠦᠨ ᠲᠢᠩᠬᠢᠮ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ᠂ ᠲᠥᠪ ᠤᠨ ᠡᠯ᠎ᠡ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠨᠥᠬᠦᠳ ᠪᠣᠯᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠡᠯ᠎ᠡ ᠠᠵᠤ | ᠠᠬᠤᠶᠢᠯᠠᠯ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃ |