ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 26 ᠳ᠋ᠤᠭᠠᠷ ᠲᠣᠭᠠᠲᠤ | | ᠥᠪᠥᠷ ᠮᠣᠩᠭᠤᠯ ᠤᠨ ᠬᠤᠷᠢᠨᠭᠡᠷ ᠤᠨ ᠪᠦᠯᠦᠭᠵᠢᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ ᠤᠳ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ | ᠠᠬᠤᠶᠢᠯᠠᠯ ᠳᠤ᠄ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠨᠢᠭᠡ ᠴᠣᠭᠴᠠᠵᠢᠭᠰᠠᠨ ᠪᠣᠳᠣᠬᠤ ᠴᠢᠳᠠᠪᠤᠷᠢ ᠶᠢᠨ | ᠰᠦᠯᠵᠢᠶᠡᠨ ᠤ ᠥᠪᠥᠷ ᠮᠣᠩᠭᠤᠯ ᠤᠨ ᠵᠠᠩᠭᠢᠯᠠᠭ᠎ᠠ ᠶᠢᠨ ᠴᠡᠭ ᠪᠣᠯᠬᠤ ᠬᠤᠷᠢᠨᠭᠡᠷ ᠤᠨ ᠳ᠋ᠠᠶᠢᠲ᠋ᠠ ᠶᠢᠨ ᠲᠥᠪ ᠤᠨ | ᠪᠦᠯᠦᠭᠵᠢᠯ ︵ᠬᠤᠷᠢᠨᠭᠡᠷ ᠰᠢᠨ᠎ᠡ ᠲᠣᠭᠤᠷᠢᠭ᠂ ᠵᠢᠨᠢᠩ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ︶ | ᠤᠨ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ | ︵ᠨᠢᠭᠡ︶ ᠲᠣᠮᠣ ᠬᠡᠯᠪᠡᠷᠢ ᠶᠢᠨ᠂ ᠬᠡᠳᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ︵ᠪᠠᠷᠢᠮᠵᠢᠶᠠᠲᠤ ᠮᠠᠰᠢᠨ ᠤ | ᠵᠢᠶᠠᠰᠠ ᠪᠠᠷ ᠨᠤᠭᠤᠯᠵᠤ ᠪᠣᠳᠣᠪᠠᠯ 3000 ᠰᠠᠭᠤᠷᠢ ᠵᠢᠴᠢ ᠲᠡᠭᠦᠨ ᠠᠴᠠ ᠳᠡᠭᠡᠭᠰᠢᠬᠢ ᠪᠠᠶᠢᠭ᠎ᠠ︶ ᠢ ᠰᠢᠨ᠎ᠡ ᠪᠠᠷ | ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠬᠡᠪᠴᠢᠶᠡᠨ ᠳᠤ | ᠪᠠᠶᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠴᠣᠩᠬᠤᠪᠴᠢ ᠵᠢᠯᠣᠭᠤᠳᠤᠯᠭ᠎ᠠ ᠶᠢ ᠬᠡᠷᠡᠭᠵᠢᠭᠦᠯᠵᠦ᠂ | ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠳᠤ ᠦᠯᠦ ᠨᠡᠶᠢᠴᠡᠬᠦ ᠲᠥᠷᠥᠯ ᠵᠦᠢᠯ ᠨᠢ ᠬᠠᠮᠢᠶ᠎ᠠ ᠪᠦᠬᠦᠢ ᠳᠡᠮᠵᠢᠯᠭᠡ ᠶᠢᠨ | ᠲᠥᠷᠥ ᠶᠢᠨ ᠪᠣᠳᠣᠯᠭ᠎ᠠ ᠬᠦᠷᠲᠡᠬᠦ ᠦᠭᠡᠢ᠃ | ︵ᠬᠤᠶᠠᠷ︶ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠢᠶᠠᠷ ᠬᠥᠲᠥᠯᠥᠮᠵᠢ ᠪᠣᠯᠭᠠᠵᠤ᠂ ᠮᠡᠷᠭᠡᠵᠢᠯ | ᠰᠤᠳᠤᠯᠤᠨ ᠨᠡᠭᠡᠭᠡᠬᠦ᠂ ᠲᠥᠬᠦᠭᠡᠷᠦᠮᠵᠢ ᠦᠢᠯᠡᠳᠬᠦ᠂ ᠵᠥᠭᠡᠯᠡᠨ ᠲᠣᠨᠤᠭ ᠨᠡᠭᠡᠭᠡᠬᠦ᠂ ᠳ᠋ᠠᠶᠢᠲ᠋ᠠ ᠨᠡᠭᠡᠭᠡᠨ ᠬᠡᠷᠡᠭᠯᠡᠬᠦ᠂ | ᠪᠣᠳᠣᠬᠤ ᠴᠢᠳᠠᠪᠤᠷᠢ ᠶᠢᠨ ᠦᠢᠯᠡᠴᠢᠯᠡᠭᠡ ᠵᠡᠷᠭᠡ ᠠᠵᠤ ᠦᠢᠯᠡᠰ ᠤᠨ ᠪᠥᠭᠡᠭᠡᠨᠡᠷᠡᠨ ᠬᠥᠭᠵᠢᠭᠰᠡᠨ ᠠᠮᠢ ᠠᠬᠤᠢ ᠶᠢᠨ | ᠲᠣᠭᠲᠠᠯᠴᠠᠭ᠎ᠠ ᠶᠢ ᠲᠦᠷᠭᠡᠳᠬᠡᠨ ᠪᠦᠷᠢᠯᠳᠦᠭᠦᠯᠵᠦ᠂ ᠳᠡᠭᠡᠳᠦ ᠳᠣᠣᠷᠠᠳᠤ ᠬᠡᠯᠬᠢᠶᠡᠨ ᠤ ᠠᠵᠤ ᠦᠢᠯᠡᠰ ᠤᠨ | ᠬᠡᠯᠬᠢᠶᠡᠨ ᠤ ᠪᠦᠯᠦᠭᠵᠢᠭᠰᠡᠨ ᠬᠥᠭᠵᠢᠯᠲᠡ ᠶᠢ ᠠᠬᠢᠭᠤᠯᠤᠨ᠎ᠠ᠃ | ᠬᠤᠶᠠᠷ᠂ ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ | ︵ᠭᠤᠷᠪᠠ︶ ᠪᠣᠳᠣᠬᠤ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠴᠠᠬᠢᠯᠭᠠᠨ | ᠬᠦᠴᠦᠨ ᠤ ᠲᠣᠣᠷ ᠤᠨ ᠬᠥᠭᠵᠢᠯᠲᠡ ᠶᠢᠨ ᠲᠥᠯᠦᠪᠵᠢᠭᠦᠯᠭᠡ᠂ ᠰᠢᠨ᠎ᠡ ᠡᠨᠧᠷᠭᠢ ᠶᠢᠨ ᠲᠥᠯᠦᠪᠵᠢᠭᠦᠯᠭᠡ ᠯᠦᠭᠡ | ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠴᠢᠩᠭᠠᠳᠬᠠᠨ᠎ᠠ᠃ ᠪᠣᠳᠣᠬᠤ ᠴᠢᠳᠠᠪᠤᠷᠢ ᠶᠢᠨ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠰᠢᠨ᠎ᠡ ᠡᠨᠧᠷᠭᠢ ᠶᠢᠨ ᠲᠠᠯᠠᠪᠤᠷ ᠭᠠᠵᠠᠷ ᠢ ᠤᠷᠢᠳᠴᠢᠯᠠᠨ | ᠦᠯᠡᠳᠡᠭᠡᠬᠦ ᠪᠠ ᠴᠠᠬᠢᠯᠭᠠᠨ ᠬᠦᠴᠦᠨ ᠤ ᠲᠣᠣᠷ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠵᠣᠬᠢᠬᠤ | ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠡ᠃ | ︵ᠳᠥᠷᠪᠡ︶ ᠳ᠋ᠠᠶᠢᠲ᠋ᠠ ᠶᠢᠨ ᠲᠥᠪ ᠤᠨ ᠴᠠᠬᠢᠯᠭᠠᠨ ᠬᠡᠷᠡᠭᠯᠡᠭᠴᠢᠳ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ | ᠭᠠᠷᠴᠠᠭ︾ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠤᠯᠢ ᠲᠣᠭᠲᠠᠭᠠᠯ ᠶᠣᠰᠣᠭᠠᠷ | ᠭᠥᠷᠳᠡᠬᠦ ᠶᠢ ᠨᠢ ᠳᠡᠮᠵᠢᠵᠦ᠂ ᠳᠣᠣᠷ᠎ᠠ ᠥᠷᠲᠡᠭᠲᠦ ᠴᠠᠬᠢᠯᠭᠠᠨ ᠤ ᠦᠨ᠎ᠡ ᠶᠢᠨ ᠳᠠᠪᠠᠭᠤᠯᠢᠭ ᠢ ᠲᠣᠭᠲᠠᠪᠤᠷᠢᠲᠠᠢ | ᠪᠠᠲᠤᠯᠠᠵᠤ᠂ ᠪᠣᠬᠢᠷᠲᠤᠯ ᠦᠭᠡᠢ ᠴᠠᠬᠢᠯᠭᠠᠨ ᠤ ᠬᠠᠷᠢᠴᠠᠯ ᠢ 80% ᠠᠴᠠ ᠳᠣᠣᠷᠠᠳᠠᠭᠤᠯᠬᠤ ᠦᠭᠡᠢ᠃ | ︵ᠲᠠᠪᠤ︶ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠬᠢᠭᠡᠳ ᠣᠶᠤᠨᠲᠤ ᠪᠣᠳᠣᠯᠲᠠ ᠶᠢᠨ | ᠲᠥᠪ ᠴᠠᠬᠢᠯᠭᠠᠨ ᠬᠦᠴᠦᠨ ᠤ ᠠᠷᠠᠯᠵᠢᠶᠠᠨ ᠤ ᠣᠯᠠᠨ ᠵᠢᠯ ᠤᠨ ᠭᠡᠷ᠎ᠡ ᠶᠢ ᠪᠡᠶ᠎ᠡ ᠪᠠᠨ ᠳᠠᠭᠠᠭᠠᠵᠤ ᠲᠣᠭᠲᠠᠬᠤ ᠶᠢ ᠨᠢ | ᠵᠣᠷᠢᠭᠵᠢᠭᠤᠯᠵᠤ᠂ ᠰᠢᠨ᠎ᠡ ᠡᠨᠧᠷᠭᠢ ᠶᠢᠨ ᠳᠣᠣᠷ᠎ᠠ ᠦᠨ᠎ᠡ ᠶᠢᠨ ᠴᠠᠬᠢᠯᠭᠠᠨ ᠤ ᠳᠠᠪᠠᠭᠤᠯᠢᠭ ᠢ ᠠᠰᠢᠭᠯᠠᠨ ᠠᠵᠤ | ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ︵ᠵᠢᠷᠭᠤᠭ᠎ᠠ︶ ᠣᠲᠣ ᠪᠠᠶᠢᠭ᠎ᠠ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠳ᠋ᠠᠶᠢᠲ᠋ᠠ ᠶᠢᠨ ᠲᠥᠪ ᠢ | ᠳᠡᠮᠵᠢᠵᠦ ᠪᠠᠶᠢᠭᠠᠳ ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ ᠪᠠ ᠲᠣᠣᠷᠯᠢᠭ ᠬᠡᠯᠪᠡᠷᠢ ᠶᠢᠨ ᠡᠨᠧᠷᠭᠢ | ᠨᠥᠭᠡᠴᠡᠯᠡᠬᠦ ᠪᠠᠷ ᠳᠠᠮᠵᠢᠭᠤᠯᠤᠨ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠶᠢᠨ ᠬᠠᠷᠢᠴᠠᠯ ᠢ ᠳᠡᠭᠡᠭᠰᠢᠯᠡᠭᠦᠯᠵᠦ᠂ | ᠪᠣᠬᠢᠷᠲᠤᠯ ᠦᠭᠡᠢ ᠴᠠᠬᠢᠯᠭᠠᠨ ᠤ ᠡᠷᠦᠬᠡ ᠳᠤ ᠬᠦᠷᠬᠦ ᠦᠨ᠎ᠡ ᠶᠢ ᠪᠠᠭᠤᠷᠠᠭᠤᠯᠤᠨ᠎ᠠ᠃ | ︵ᠳᠤᠯᠤᠭ᠎ᠠ︶ ᠨᠢᠭᠡ ᠯᠡ ᠤᠳᠠᠭ᠎ᠠ ᠶᠢᠨ ᠴᠢᠨᠠᠷᠲᠠᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠨᠢ | 100 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠥᠷᠥᠭᠰᠡᠨ ᠮᠥᠷᠲᠡᠭᠡᠨ ᠪᠣᠳᠣᠬᠤ ᠴᠢᠳᠠᠪᠤᠷᠢ ᠶᠢᠨ | ᠬᠡᠪᠴᠢᠶ᠎ᠡ ᠨᠢ 10000P ᠢ ᠳᠠᠪᠠᠭᠰᠠᠨ ᠣᠶᠤᠨᠲᠤ ᠪᠣᠳᠣᠯᠲᠠ ᠶᠢᠨ ᠲᠥᠪ ᠤᠨ ᠲᠥᠷᠥᠯ ᠵᠦᠢᠯ ᠳᠤ᠂ ᠲᠥᠷᠥᠯ | ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠠᠲᠤᠯᠠᠭ᠎ᠠ ᠶᠢᠨ ᠴᠢᠨᠠᠷᠲᠠᠢ | ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ ᠶᠢ ᠵᠣᠬᠢᠰᠲᠠᠢ ᠲᠣᠬᠢᠷᠠᠭᠤᠯᠤᠨ᠎ᠠ᠃ | ᠭᠤᠷᠪᠠ᠂ ᠲᠣᠬᠢᠷᠠᠭᠤᠯᠤᠨ ᠠᠷᠠᠯᠵᠢᠶᠠᠯᠠᠬᠤ ᠶᠢ ᠠᠬᠢᠭᠤᠯᠤᠨ᠎ᠠ | ︵ᠨᠠᠢᠮᠠ︶ ᠰᠦᠯᠵᠢᠶᠡᠨ ᠤ ᠬᠤᠯᠪᠣᠯᠴᠠᠬᠤ ᠴᠢᠳᠠᠪᠤᠷᠢ ᠪᠠ ᠳ᠋ᠠᠶᠢᠲ᠋ᠠ ᠳᠠᠮᠵᠢᠭᠤᠯᠬᠤ ᠪᠦᠲᠦᠮᠵᠢ ᠶᠢ | ᠳᠡᠭᠡᠭᠰᠢᠯᠡᠭᠦᠯᠦᠨ᠎ᠡ᠃ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠡᠯ᠎ᠡ ᠠᠶᠢᠮᠠᠭ ᠬᠤᠲᠠ ᠵᠢᠴᠢ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ᠂ ᠵᠡᠭᠦᠨ ᠭᠤᠷᠪᠠᠨ ᠮᠤᠵᠢ ᠯᠤᠭ᠎ᠠ ᠳᠡᠭᠡᠳᠦ ᠬᠤᠷᠳᠤᠴᠠ ᠪᠠᠷ ᠰᠢᠭᠤᠳ ᠬᠤᠯᠪᠣᠬᠤ | ᠰᠦᠯᠵᠢᠶᠡᠨ ᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠳᠡᠭᠡᠳᠦ ᠬᠤᠷᠳᠤᠴᠠ ᠪᠠᠷ ᠰᠢᠭᠤᠳ ᠬᠦᠷᠬᠦ | ᠨᠡᠪᠲᠡᠷᠡᠯ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ︵ᠶᠢᠰᠦ︶ ᠠᠵᠤ ᠠᠬᠤᠶᠢᠯᠠᠯ ᠤᠨ ᠪᠣᠳᠣᠬᠤ ᠴᠢᠳᠠᠪᠤᠷᠢ ᠶᠢᠨ ᠡᠬᠢ ᠪᠠᠶᠠᠯᠢᠭ ᠢ ᠬᠤᠷᠢᠨᠭᠡᠷ ᠤᠨ ᠳ᠋ᠠᠶᠢᠲ᠋ᠠ ᠶᠢᠨ | ᠲᠥᠪ ᠤᠨ ᠪᠦᠯᠦᠭᠵᠢᠯ ᠤᠨ ︽ᠣᠯᠠᠨ ᠡᠭᠦᠯᠡ︾ ᠪᠣᠳᠣᠬᠤ ᠴᠢᠳᠠᠪᠤᠷᠢ ᠶᠢᠨ ᠬᠢᠨᠠᠨ ᠰᠢᠨᠵᠢᠯᠲᠡ ᠪᠠ ᠲᠣᠬᠢᠷᠠᠭᠤᠯᠬᠤ | ᠲᠠᠪᠴᠠᠩ ᠳᠤ ᠵᠠᠯᠭᠠᠨ ᠣᠷᠣᠭᠤᠯᠬᠤ ᠶᠢ ᠵᠣᠷᠢᠭᠵᠢᠭᠤᠯᠵᠤ᠂ ᠲᠡᠭᠦᠨ ᠤ ᠲᠠᠪᠴᠠᠩ ᠳᠠᠬᠢ ᠳ᠋ᠦᠩᠨᠡᠨ ᠪᠤᠳᠤᠭᠰᠠᠨ | ᠲᠤᠭ᠎ᠠ ᠶᠢᠨ 10% ᠪᠠᠷ ᠵᠢᠯ ᠪᠦᠷᠢ ᠬᠠᠮᠤᠭ ᠤᠨ ᠥᠨᠳᠥᠷ ᠲᠤ ᠪᠠᠨ 200 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ | ︵ᠠᠷᠪᠠ︶ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ | ᠰᠤᠷᠭᠠᠭᠤᠯᠢ ᠨᠢ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ︽ᠣᠯᠠᠨ ᠡᠭᠦᠯᠡ︾ ᠪᠣᠳᠣᠬᠤ | ᠴᠢᠳᠠᠪᠤᠷᠢ ᠶᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ ᠢᠶᠠᠷ ᠳᠠᠮᠵᠢᠭᠤᠯᠤᠨ ᠪᠦᠯᠦᠭᠵᠢᠯ ᠤᠨ | ᠳᠣᠲᠣᠭᠠᠳᠤᠬᠢ ᠪᠣᠳᠣᠬᠤ ᠴᠢᠳᠠᠪᠤᠷᠢ ᠶᠢᠨ ᠡᠬᠢ ᠪᠠᠶᠠᠯᠢᠭ ᠢ ᠬᠤᠳᠠᠯᠳᠤᠨ ᠠᠪᠬᠤ ᠶᠢᠨ ᠬᠠᠮᠲᠤ ᠳ᠋ᠦᠩᠨᠡᠨ | ᠪᠤᠳᠤᠬᠤ ᠶᠢ ᠨᠢ ᠳᠡᠮᠵᠢᠨ᠎ᠡ᠃ ᠠᠳᠠᠯᠢ ᠨᠢᠭᠡᠨ ᠭᠤᠣᠯ ᠴᠣᠭᠴᠠ ᠶᠢᠨ ᠵᠢᠯ ᠪᠦᠷᠢ ᠪᠣᠳᠣᠬᠤ ᠴᠢᠳᠠᠪᠤᠷᠢ ᠶᠢᠨ | ᠦᠢᠯᠡᠴᠢᠯᠡᠭᠡ ᠬᠤᠳᠠᠯᠳᠤᠨ ᠠᠪᠤᠭᠰᠠᠨ ᠵᠠᠷᠤᠳᠠᠯ ᠨᠢ 100 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ | ᠪᠣᠳᠣᠬᠤ ᠴᠢᠳᠠᠪᠤᠷᠢ ᠶᠢᠨ ᠦᠢᠯᠡᠴᠢᠯᠡᠭᠡᠨ ᠤ ᠪᠣᠳᠠᠲᠠᠢ ᠳ᠋ᠦᠩᠨᠡᠨ ᠪᠣᠳᠣᠭᠰᠠᠨ ᠵᠠᠷᠤᠳᠠᠯ ᠤᠨ 30% ᠪᠠᠷ ᠬᠠᠮᠤᠭ ᠤᠨ | ᠥᠨᠳᠥᠷ ᠲᠤ ᠪᠠᠨ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠳᠥᠷᠪᠡ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ | ︵ᠠᠷᠪᠠᠨ ᠨᠢᠭᠡ︶ ᠦᠯᠡᠳᠡᠭᠡᠯ ᠳ᠋ᠠᠶᠢᠲ᠋ᠠ ᠶᠢᠨ ᠲᠥᠪ ᠢ ᠪᠣᠬᠢᠷᠲᠤᠯ ᠦᠭᠡᠢ ᠪᠣᠯᠭᠠᠨ ᠥᠭᠡᠷᠡᠴᠢᠯᠡᠵᠦ | ᠰᠢᠨᠡᠳᠬᠡᠬᠦ ᠶᠢ ᠴᠢᠩᠭᠠᠳᠬᠠᠵᠤ᠂ ᠵᠢᠯ ᠳᠤᠮᠳᠠᠴᠢ PUE ᠬᠡᠮᠵᠢᠭᠳᠡᠯ ᠨᠢ 1.5 ᠠᠴᠠ ᠳᠡᠭᠡᠭᠰᠢ ᠪᠠᠶᠢᠭ᠎ᠠ | ᠬᠤᠴᠤᠷᠤᠩᠭᠤᠢ ᠳ᠋ᠠᠶᠢᠲ᠋ᠠ ᠶᠢᠨ ᠲᠥᠪ ᠢ ᠡᠮᠬᠢ ᠵᠢᠷᠤᠮ ᠲᠠᠢ ᠪᠠᠷ ᠨᠡᠭᠦᠯᠭᠡᠨ ᠭᠠᠷᠭᠠᠵᠤ᠂ ᠰᠢᠨ᠎ᠡ ᠪᠠᠷ ᠪᠠᠶᠢᠭᠤᠯᠤᠭᠰᠠᠨ | ᠳ᠋ᠠᠶᠢᠲ᠋ᠠ ᠶᠢᠨ ᠲᠥᠪ ᠤᠨ PUE ᠬᠡᠮᠵᠢᠭᠳᠡᠯ ᠢ 1.2 ᠠᠴᠠ ᠳᠣᠷᠣᠭᠰᠢ ᠪᠠᠶᠢᠯᠭᠠᠬᠤ ᠪᠠᠷ ᠴᠢᠩᠭ᠎ᠠ ᠡᠵᠡᠮᠳᠡᠨ᠎ᠡ᠃ | ︵ᠠᠷᠪᠠᠨ ᠬᠤᠶᠠᠷ︶ ᠠᠵᠤ ᠠᠬᠤᠶᠢᠯᠠᠯ ᠤᠨ ᠪᠣᠬᠢᠷᠲᠤᠯ ᠦᠭᠡᠢ ᠪᠤᠳᠤᠬᠤ ᠴᠢᠳᠠᠪᠤᠷᠢ ᠶᠢᠨ ᠦᠢᠯᠡᠴᠢᠯᠡᠭᠡ ᠳᠤ | ᠳᠣᠣᠷ᠎ᠠ ᠨᠡᠭᠦᠷᠡᠰᠦᠲᠥ᠋ᠷᠥᠭᠴᠢᠲᠦ ᠭᠡᠷᠡᠴᠢᠯᠡᠯ ᠥᠷᠨᠢᠭᠦᠯᠬᠦ ᠶᠢ ᠳᠡᠮᠵᠢᠵᠦ᠂ ᠪᠣᠬᠢᠷᠲᠤᠯ ᠦᠭᠡᠢ ᠪᠤᠳᠤᠬᠤ ᠴᠢᠳᠠᠪᠤᠷᠢ | ᠬᠢᠭᠡᠳ ᠨᠡᠭᠦᠷᠡᠰᠦᠲᠥ᠋ᠷᠥᠭᠴᠢ ᠶᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠬᠤᠷᠠᠮᠠᠯ ᠠᠭᠤᠰᠤᠯᠴᠠᠨ ᠬᠥᠭᠵᠢᠬᠦ ᠬᠡᠪ | ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠨᠠᠷᠠᠲᠤ ᠲᠡᠮᠳᠡᠭ ᠢ | ᠪᠣᠶ ᠪᠣᠯᠭᠠᠨ᠎ᠠ᠃ ᠬᠠᠮᠢᠶ᠎ᠠ ᠪᠦᠬᠦᠢ ᠪᠠᠶᠢᠭᠤᠯᠤᠮᠵᠢ ᠪᠤᠶᠤ ᠠᠵᠤ ᠠᠬᠤᠶᠢᠯᠠᠯ ᠪᠣᠬᠢᠷᠳᠤᠯ ᠦᠭᠡᠢ ᠪᠣᠳᠣᠬᠤ | ᠴᠢᠳᠠᠪᠤᠷᠢ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠢᠳᠡᠪᠬᠢᠲᠡᠢ ᠣᠷᠣᠯᠴᠠᠬᠤ ᠶᠢ ᠨᠢ ᠳᠡᠮᠵᠢᠨ᠎ᠠ᠃ | ᠲᠠᠪᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠬᠥᠮᠥᠵᠢᠭᠦᠯᠬᠦ ᠶᠢ | ᠴᠢᠩᠭᠠᠳᠬᠠᠨ᠎ᠠ | ︵ᠠᠷᠪᠠᠨ ᠭᠤᠷᠪᠠ︶ ᠪᠣᠳᠣᠬᠤ ᠴᠢᠳᠠᠪᠤᠷᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠰᠢᠨ᠎ᠡ ᠬᠡᠯᠪᠡᠷᠢ ᠶᠢᠨ | ᠰᠤᠳᠤᠯᠤᠨ ᠨᠡᠭᠡᠭᠡᠬᠦ ᠪᠠᠶᠢᠭᠤᠯᠤᠮᠵᠢ ᠡᠭᠦᠳᠦᠨ ᠪᠠᠶᠢᠭᠤᠯᠬᠤ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠢ | ᠳᠡᠮᠵᠢᠵᠦ ᠪᠠᠶᠢᠭᠠᠳ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠡᠭᠦᠳᠦᠯᠲᠡ ᠲᠠᠢ ᠡᠬᠢ ᠪᠠᠶᠠᠯᠢᠭ ᠯᠤᠭ᠎ᠠ ᠬᠤᠯᠪᠤᠭᠠᠯᠠᠨ᠂ ᠪᠣᠬᠢᠷᠲᠤᠯ | ᠦᠭᠡᠢ ᠪᠣᠳᠣᠬᠤ ᠴᠢᠳᠠᠪᠤᠷᠢ ᠶᠢᠨ ᠠᠵᠤ ᠦᠢᠯᠡᠰ ᠤᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ | ᠰᠢᠨ᠎ᠡ ᠪᠠᠷ ᠦᠨᠡᠮᠰᠢᠭᠳᠡᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠬᠦᠷᠢᠶᠡᠨ ᠳᠠᠬᠢ ᠥᠪᠡᠷᠲᠡᠭᠡᠨ ᠵᠠᠰᠠᠬᠤ | ᠣᠷᠣᠨ ᠤ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠠᠴᠠ ᠨᠢᠭᠡ ᠯᠡ ᠤᠳᠠᠭ᠎ᠠ ᠳᠤ 500 ᠲᠦᠮᠡᠨ | ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | ︵ᠠᠷᠪᠠᠨ ᠳᠥᠷᠪᠡ︶ ᠠᠵᠤ ᠠᠬᠤᠶᠢᠯᠠᠯ ᠲᠣᠮᠣ ᠳ᠋ᠠᠶᠢᠲ᠋ᠠ ᠬᠢᠭᠡᠳ ᠵᠥᠭᠡᠯᠡᠨ ᠲᠣᠨᠤᠭ ᠤᠨ ᠠᠵᠤ ᠦᠢᠯᠡᠰ ᠤᠨ | ᠳᠠᠭᠠᠭᠤᠯᠤᠭᠴᠢ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠵᠦ᠂ | ᠣᠷᠣᠭᠤᠯᠤᠨ ᠠᠪᠴᠢᠷᠠᠭᠰᠠᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ ᠥᠪᠡᠷᠲᠡᠭᠡᠨ ᠵᠠᠰᠠᠬᠤ ᠣᠷᠣᠨ ᠤ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠣᠰᠣᠭᠠᠷ ᠬᠠᠮᠢᠶ᠎ᠠ ᠪᠦᠬᠦᠢ ᠣᠯᠭᠤᠮᠵᠢ ᠬᠦᠷᠲᠡᠭᠡᠵᠦ᠂ ᠠᠵᠤ | ᠠᠬᠤᠶᠢᠯᠠᠯ ᠢ ᠳᠡᠮᠵᠢᠵᠦ ᠪᠠᠶᠢᠭᠠᠳ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ | ᠬᠠᠮᠲᠤᠷᠠᠯᠴᠠᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠪᠤᠶᠤ ᠵᠣᠬᠢᠶᠠᠮᠠᠯ ᠤᠶᠤᠨ ᠤ ᠠᠵᠤ | ᠦᠢᠯᠡᠰ ᠤᠨ ᠳᠡᠭᠡᠳᠦ ᠰᠤᠷᠭᠠᠭᠤᠯᠢ ᠶᠢ ᠬᠠᠮᠲᠤᠷᠠᠨ ᠪᠠᠶᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠬᠡᠷᠡᠭᠯᠡᠯᠲᠡ ᠶᠢᠨ | ᠴᠢᠳᠠᠪᠤᠷᠢᠲᠠᠨ ᠢ ᠬᠥᠮᠥᠵᠢᠭᠦᠯᠦᠨ᠎ᠡ᠃ | ᠵᠢᠷᠭᠤᠭ᠎ᠠ᠂ ᠬᠡᠷᠡᠭᠯᠡᠯᠲᠡ ᠶᠢᠨ ᠠᠬᠤᠢ ᠪᠠᠶᠢᠳᠠᠯ ᠢ ᠥᠷᠭᠡᠳᠬᠡᠨ᠎ᠡ | ︵ᠠᠷᠪᠠᠨ ᠲᠠᠪᠤ︶ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠬᠡᠷᠡᠭᠯᠡᠯᠲᠡ ᠶᠢᠨ ᠠᠬᠤᠢ ᠪᠠᠶᠢᠳᠠᠯ ᠢ ᠶᠡᠭᠡ ᠪᠠᠷ | ᠥᠷᠭᠡᠳᠬᠡᠵᠦ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠰᠤᠷᠭᠠᠨ ᠬᠥᠮᠦᠵᠢᠯ᠂ | ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ᠂ ᠰᠣᠶᠣᠯ ᠵᠢᠭᠤᠯᠴᠢᠯᠠᠯ᠂ ᠳ᠋ᠢᠭᠢᠲ ᠬᠥᠳᠡᠭᠡ ᠲᠣᠰᠬᠤᠨ᠂ | ᠨᠡᠶᠢᠭᠡᠮ ᠤᠨ ᠵᠠᠰᠠᠯᠲᠠ ᠵᠡᠷᠭᠡ ᠠᠵᠢᠯ ᠲᠥᠷᠥᠯ ᠤᠨ ᠳ᠋ᠢᠭᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠬᠦᠴᠦᠨ | ᠴᠢᠳᠠᠮᠵᠢ ᠶᠢ ᠨᠢ ᠡᠷᠴᠢᠮᠯᠡᠵᠦ᠂ ᠤᠯᠤᠰ ᠤᠨ ᠳ᠋ᠠᠶᠢᠲ᠋ᠠ ᠶᠢᠨ ᠲᠣᠪᠴᠢᠶ᠎ᠠ ᠶᠢᠨ ︽ᠳ᠋ᠠᠶᠢᠲ᠋ᠠ ᠶᠢᠨ ᠬᠦᠴᠦᠨ ᠵᠦᠢᠯ ×︾ | ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠣᠷᠣᠭᠰᠠᠨ ᠲᠥᠷᠥᠯ ᠵᠦᠢᠯ ᠳᠤ ᠬᠠᠮᠤᠭ ᠤᠨ ᠥᠨᠳᠥᠷ ᠲᠤ ᠪᠠᠨ 200 | ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠢᠭᠡ ᠯᠡ ᠤᠳᠠᠭ᠎ᠠ ᠳᠤ ᠱᠠᠩᠨᠠᠯ ᠣᠯᠭᠤᠨ᠎ᠠ᠃ | ︵ᠠᠷᠪᠠᠨ ᠵᠢᠷᠭᠤᠭ᠎ᠠ︶ ᠡᠯ᠎ᠡ ᠠᠶᠢᠮᠠᠭ ᠬᠤᠲᠠ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠪᠣᠬᠢᠷᠲᠤᠯ | ᠦᠭᠡᠢ ᠪᠣᠳᠣᠬᠤ ᠴᠢᠳᠠᠪᠤᠷᠢ ᠶᠢᠨ ᠬᠡᠷᠡᠭᠯᠡᠯᠲᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠣᠷᠣᠨ᠂ | ᠵᠢᠱᠢᠶ᠎ᠡ ᠦᠵᠡᠭᠦᠯᠬᠦ ᠠᠵᠤ ᠠᠬᠤᠶᠢᠯᠠᠯ᠂ ᠵᠢᠱᠢᠶ᠎ᠡ ᠦᠵᠡᠭᠦᠯᠬᠦ ᠢᠨᠵᠧᠨᠧᠷᠢᠩ ᠡᠭᠦᠳᠦᠨ ᠪᠠᠶᠢᠭᠤᠯᠬᠤ ᠠᠵᠢᠯᠯᠠᠭ᠎ᠠ | ᠥᠷᠨᠢᠭᠦᠯᠬᠦ ᠶᠢ ᠠᠬᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠵᠤ᠂ ᠰᠢᠨ᠎ᠡ ᠶᠢ ᠡᠭᠦᠳᠦᠭᠰᠡᠨ | ᠦᠢᠯᠡᠳᠬᠦᠨ ᠬᠢᠭᠡᠳ ᠰᠢᠢᠳᠪᠦᠷᠢᠯᠡᠬᠦ ᠲᠥᠰᠥᠯ ᠤᠨ ᠭᠠᠷᠴᠠᠭ ᠢ ᠴᠠᠭ ᠲᠤ ᠨᠢ ᠲᠣᠬᠢᠷᠠᠭᠤᠯᠤᠨ ᠨᠡᠶᠢᠲᠡᠯᠡᠨ᠎ᠡ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠪᠠ ᠵᠡᠭᠦᠨ ᠬᠤᠶᠢᠲᠤ ᠣᠷᠣᠨ ᠤ ᠭᠤᠷᠪᠠᠨ ᠮᠤᠵᠢ ᠶᠢᠨ ᠪᠣᠳᠣᠬᠤ ᠴᠢᠳᠠᠪᠤᠷᠢ ᠶᠢᠨ | ᠬᠡᠷᠡᠭᠴᠡᠭᠡ ᠯᠦᠭᠡ ᠢᠳᠡᠪᠬᠢᠲᠡᠢ ᠵᠣᠯᠭᠠᠭᠤᠯᠵᠤ᠂ ︽ᠵᠡᠭᠦᠨ ᠤ ᠳ᠋ᠠᠶᠢᠲ᠋ᠠ ᠶᠢ ᠪᠠᠷᠠᠭᠤᠨ ᠳᠤ ᠬᠠᠳᠠᠭᠠᠯᠠᠬᠤ︾᠂ ︽ | ᠵᠡᠭᠦᠨ ᠤ ᠳ᠋ᠠᠶᠢᠲ᠋ᠠ ᠶᠢ ᠪᠠᠷᠠᠭᠤᠨ ᠳᠤ ᠪᠣᠳᠣᠬᠤ︾᠂ ︽ᠵᠡᠭᠦᠨ ᠤ ᠳ᠋ᠠᠶᠢᠲ᠋ᠠ ᠶᠢ ᠪᠠᠷᠠᠭᠤᠨ ᠳᠤ ᠪᠣᠯᠪᠠᠰᠤᠷᠠᠭᠤᠯᠬᠤ︾ | ᠬᠡᠷᠡᠭᠯᠡᠯᠲᠡ ᠶᠢᠨ ᠠᠬᠤᠢ ᠪᠠᠶᠢᠳᠠᠯ ᠢ ᠪᠣᠳᠠᠲᠠᠶᠢᠵᠢᠭᠤᠯᠤᠨ᠎ᠠ᠃ | ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ | ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃ | 2024 ᠣᠨ ᠤ 6 ᠳ᠋ᠤᠭᠠᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠳᠤ ᠬᠠᠰᠤᠯᠲᠠ ᠲᠠᠢ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 6 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ | |