ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2025/1/3
    ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ᠃ ᠨᠢᠭᠡ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠷᠬᠡᠭ ᠶᠡᠭᠡ ᠪᠣᠳᠠᠰ ᠤᠨ ᠬᠦᠴᠦᠨ ᠱᠠᠭᠠᠷᠳᠠᠭᠳᠠᠨ᠎ᠠ᠂ ᠪᠠᠰᠠ ᠬᠦᠴᠦᠷᠬᠡᠭ ᠶᠡᠭᠡ ᠤᠶᠤᠨ ᠤ ᠬᠦᠴᠦᠨ ᠱᠠᠭᠠᠷᠳᠠᠭᠳᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠡᠷᠡᠯᠬᠡᠭᠯᠡᠨ ᠤᠷᠤᠭᠰᠢᠯᠠᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠂ ᠲᠡᠷᠡ ᠨᠢ ᠳᠤᠮᠳᠠᠳᠤ ᠶᠢᠨ ᠦᠨᠳᠦᠰᠦᠲᠡᠨ ᠤ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠠᠴᠠ ᠪᠤᠢ ᠪᠣᠯᠤᠭᠰᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠠᠴᠠ ᠢᠷᠡᠯᠳᠡ ᠲᠠᠢ ᠪᠠᠶᠢᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠬᠦ ᠳᠤᠮᠳᠠ ᠡᠭᠦᠳᠦᠨ ᠪᠦᠲᠦᠭᠡᠭᠰᠡᠨ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠳᠤ ᠠᠭᠤᠰᠤᠨ ᠰᠢᠩᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤ ᠦᠨᠳᠦᠰᠦᠯᠡᠭᠰᠡᠨ ᠶᠤᠮ᠃ ᠰᠢᠨ᠎ᠡ ᠠᠶᠠᠨ ᠵᠠᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠬᠤ᠂ ᠪᠦᠲᠦᠭᠡᠯᠴᠢ ᠪᠠᠷ ᠬᠥᠭᠵᠢᠭᠦᠯᠬᠦ ᠶᠢ ᠠᠬᠢᠭᠤᠯᠵᠤ᠂ ᠬᠤᠪᠢᠰᠬᠠᠯᠲᠤ ᠰᠣᠶᠣᠯ ᠢ ᠵᠠᠯᠭᠠᠮᠵᠢᠯᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠣᠶᠣᠯ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠤᠶᠤᠨ ᠤ ᠰᠣᠶᠣᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠭᠧᠨ ᠢ ᠬᠤᠷᠠᠮᠳᠤᠭᠤᠯᠵᠤ ᠪᠠᠢᠨ᠎ᠠ᠃ ᠲᠡᠦᠬᠡᠨ ᠳᠡᠭᠡᠷᠡᠬᠢ ᠳᠤᠮᠳᠠᠳᠤ ᠶᠢᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠲᠠᠰᠤᠷᠠᠯᠲᠠ ᠦᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠪᠣᠯᠪᠠᠰᠤᠨ ᠤ ᠠᠭᠤᠯᠤᠭᠳᠠᠬᠤᠨ ᠢ ᠵᠤᠵᠠᠭᠠᠳᠬᠠᠪᠠ᠂ ᠲᠥᠷᠥ ᠶᠢᠨ ᠡᠷᠬᠡ ᠶᠢ ᠲᠦᠮᠡᠨ ᠤ ᠪᠣᠯᠭᠠᠬᠤ᠂ ᠳᠡᠯᠡᠬᠡᠶ ᠳ᠋ᠠᠬᠢᠨ ᠢᠶᠠᠷ ᠢᠶᠠᠨ ᠠᠳᠠᠯᠢ ᠪᠠᠶᠢᠬᠤ ᠨᠡᠶᠢᠭᠡᠮ ᠤᠨ ᠬᠦᠰᠡᠯᠡᠩ᠂ ᠠᠷᠠᠳ ᠲᠦᠮᠡᠨ ᠪᠣᠯ ᠤᠯᠤᠰ ᠤᠨ ᠦᠨᠳᠦᠰᠦ᠂ ᠶᠣᠰᠣ ᠮᠣᠷᠠᠯ ᠲᠠᠢ ᠵᠠᠰᠠᠬᠤ ᠦᠵᠡᠯ ᠰᠠᠨᠠᠭ᠎ᠠ᠂ ᠳᠤᠮᠳᠠᠳᠤ ᠶᠢᠨ ᠨᠤᠲᠤᠭ ᠳᠡᠪᠢᠰᠬᠡᠷ᠂ ᠣᠯᠠᠨ ᠡᠰᠢᠲᠦ ᠨᠢᠭᠡ ᠴᠣᠭᠴᠠᠵᠢᠭᠰᠠᠨ ᠶᠡᠭᠡ ᠨᠢᠭᠡᠳᠦᠯ ᠤᠨ ᠤᠯᠠᠮᠵᠢᠯᠠᠯ᠂ ᠵᠠᠰᠠᠵᠤ ᠲᠡᠭᠰᠢᠯᠡᠬᠦ᠂ ᠮᠠᠨᠳᠤᠵᠤ ᠮᠥᠬᠦᠬᠦ ᠳᠤ ᠬᠠᠷᠢᠭᠤᠴᠠᠯᠭ᠎ᠠ ᠲᠠᠢ ᠡᠬᠡ ᠣᠷᠣᠨᠴᠢ ᠬᠠᠶᠢᠷ᠎ᠠ ᠰᠡᠳᠬᠢᠯᠭᠡ᠂ ᠡᠷᠳᠡᠮ ᠨᠣᠮ ᠲᠠᠢ᠂ ᠶᠣᠰᠣ ᠰᠤᠷᠲᠠᠬᠤᠨ ᠢ ᠡᠷᠬᠢᠮᠯᠡᠬᠦ ᠵᠣᠷᠢᠭ ᠰᠠᠨᠠᠭᠠᠨ ᠤ ᠬᠥᠭᠡᠭᠡᠴᠡᠯᠳᠦᠯ᠂ ᠠᠷᠠᠳ ᠢ ᠪᠠᠶᠠᠵᠢᠭᠤᠯᠬᠤ᠂ ᠠᠰᠢᠭ ᠵᠢᠷᠤᠮ ᠢ ᠬᠠᠮᠲᠤ ᠳᠤᠨᠢ ᠬᠠᠷᠠᠭᠠᠯᠵᠠᠬᠤ ᠠᠵᠤ ᠠᠬᠤᠶ ᠶᠢᠨ ᠡᠰᠢ ᠶᠣᠰᠣ᠂ ᠲᠩᠷᠢ ᠬᠥᠮᠦᠨ ᠨᠢᠭᠡᠳᠬᠦ᠂ ᠲᠦᠮᠡᠨ ᠪᠣᠳᠠᠰ ᠢ ᠵᠡᠷᠭᠡ ᠪᠠᠷ ᠪᠤᠶᠢᠵᠢᠭᠤᠯᠬᠤ ᠠᠮᠢ ᠠᠬᠤᠶ ᠶᠢᠨ ᠣᠶᠢᠯᠠᠭᠠᠭᠳᠠᠬᠤᠨ᠂ ᠦᠨᠡᠨ ᠠᠴᠠ ᠵᠥᠪ ᠢ ᠡᠷᠢᠬᠦ᠂ ᠮᠡᠳᠡᠬᠦᠶ ᠬᠢᠬᠦᠶ ᠶᠢ ᠨᠢᠭᠡᠳᠬᠡᠭᠰᠡᠨ ᠭᠦᠨ ᠤᠬᠠᠭᠠᠨ ᠤ ᠦᠵᠡᠯ ᠰᠠᠨᠠᠭ᠎ᠠ᠂ ᠬᠤᠶᠠᠷ ᠲᠠᠯ᠎ᠠ ᠪᠠᠷ ᠬᠡᠷᠡᠭᠯᠡᠬᠦ᠂ ᠬᠡᠪ ᠳᠤᠮᠳᠠ ᠶᠢ ᠪᠠᠷᠢᠮᠲᠠᠯᠠᠬᠤ ᠰᠡᠳᠬᠢᠬᠦᠶ ᠶᠢᠨ ᠠᠷᠭ᠎ᠠ᠂ ᠢᠲᠡᠭᠡᠯ ᠵᠢᠷᠤᠮ ᠢ ᠡᠷᠬᠢᠮᠯᠡᠬᠦ᠂ ᠬᠥᠷᠰᠢ ᠵᠡᠷᠭᠡᠯᠡᠳᠡᠭᠡ ᠶᠢᠨ ᠬᠠᠷᠢᠯᠴᠠᠭᠠᠨ ᠤ ᠵᠠᠮ ᠵᠡᠷᠭᠡ᠂ ᠳᠤᠮᠳᠠᠳᠤ ᠶᠢᠨ ᠪᠣᠯᠪᠠᠰᠤᠨ ᠤ ᠲᠣᠪᠦ᠋ᠮ᠎ᠠ ᠣᠨᠴᠠᠯᠢᠭ ᠢ ᠬᠠᠮᠲᠤ ᠪᠠᠷ ᠴᠣᠭᠴᠠᠯᠠᠨ᠎ᠠ᠃ ᠡᠭᠦᠨ ᠳᠤ᠂ ᠡᠶ᠎ᠡ ᠨᠠᠶᠢᠷᠠᠮᠳᠠᠭᠤ ᠬᠠᠮᠲᠤ ᠣᠷᠣᠰᠢᠬᠤ ᠤᠯᠠᠮᠵᠢᠯᠠᠯᠲᠤ ᠣᠶᠢᠯᠠᠭᠠᠭᠳᠠᠬᠤᠨ᠂ ᠡᠶ᠎ᠡ ᠡᠪ ᠢ ᠡᠷᠬᠢᠮᠯᠡᠬᠦ ᠤᠯᠠᠮᠵᠢᠯᠠᠯᠲᠤ ᠰᠠᠶᠢᠬᠠᠨ ᠰᠤᠷᠲᠠᠯ ᠪᠣᠯ ᠢᠮᠠᠭᠲᠠ ᠳᠤᠮᠳᠠᠳᠤ ᠶᠢᠨ ᠦᠨᠳᠦᠰᠦᠲᠡᠨ ᠤ ᠤᠳᠤᠮ ᠤᠭᠰᠠᠭ᠎ᠠ ᠨᠢᠭᠡᠲᠡᠢ ᠰᠣᠶᠣᠯ ᠤᠨ ᠭᠧᠨ ᠪᠠᠶᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠲᠤᠰᠬᠠᠵᠤ᠂ ᠳᠤᠮᠳᠠᠳᠤ ᠶᠢᠨ ᠰᠣᠶᠣᠯ ᠤᠨ ᠳᠡᠯᠡᠬᠡᠢ ᠳ᠋ᠠᠬᠢᠨ ᠳᠤ ᠬᠠᠨᠳᠤᠭᠰᠠᠨ ᠬᠡᠬᠦᠳᠡᠭ ᠴᠡᠭᠡᠵᠢ ᠪᠣᠯᠤᠨ ᠴᠤᠭ ᠰᠦᠯᠳᠡ ᠶᠢ ᠲᠤᠰᠬᠠᠪᠠ᠃    ᠬᠤᠪᠢᠰᠬᠠᠯᠲᠤ ᠰᠣᠶᠣᠯ ᠢ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠲᠡᠦᠬᠡᠨ ᠳᠤ ᠡᠭᠦᠳᠦᠨ ᠪᠦᠲᠦᠭᠡᠭᠰᠡᠨ ᠶᠤᠮ᠂ ᠲᠡᠷᠡ ᠪᠣᠯ ᠨᠠᠮ ᠪᠠ ᠤᠯᠤᠰ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠲᠡᠷᠡ ᠨᠢ ᠮᠠᠨ ᠤ ᠨᠠᠮ ᠤᠨ ᠬᠦᠰᠡᠯᠡᠩ ᠪᠠ ᠬᠥᠭᠡᠭᠡᠴᠡᠯᠳᠦᠯ᠂ ᠬᠠᠶᠢᠷ᠎ᠠ ᠰᠡᠳᠬᠢᠯᠭᠡ ᠪᠠ ᠡᠭᠦᠷᠭᠡᠯᠡᠯ᠂ ᠦᠷᠡᠭᠳᠡᠯ ᠪᠠ ᠬᠤᠪᠢ ᠨᠡᠮᠡᠷᠢ ᠶᠢ ᠠᠮᠢᠳᠤᠯᠢᠭ ᠢᠶᠠᠷ ᠢᠯᠡᠷᠡᠭᠦᠯᠦᠭᠰᠡᠨ ᠶᠤᠮ᠃ 100 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠠᠢ᠃ ᠡᠨᠡ ᠬᠦ ᠶᠠᠪᠤᠴᠠ ᠳᠤ ᠪᠦᠷᠢᠯᠳᠦᠭᠰᠡᠨ ᠬᠤᠪᠢᠰᠬᠠᠯᠲᠤ ᠰᠣᠶᠣᠯ ᠳᠤ ᠲᠤᠭ᠎ᠠ ᠲᠣᠮᠰᠢ ᠦᠭᠡᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠨᠳᠦᠰᠦᠲᠡᠨ ᠤ ᠰᠡᠷᠭᠦᠨ ᠮᠠᠨᠳᠤᠯᠲᠠ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠵᠣᠷᠢᠭ ᠰᠢᠭᠤᠳᠤᠨ ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡ ᠰᠢᠩᠭᠡᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠨᠤᠭᠤᠷᠠᠰᠢ ᠦᠭᠡᠢ ᠲᠡᠮᠡᠴᠡᠭᠰᠡᠨ ᠲᠡᠦᠬᠡ ᠶᠢᠨ ᠭᠡᠷᠡᠴᠢ ᠪᠣᠯᠤᠨ᠎ᠠ᠃ ᠮᠠᠨ ᠤ ᠨᠠᠮ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ ᠤᠨ ᠲᠡᠮᠡᠴᠡᠯ ᠬᠢᠭᠰᠡᠨ ᠠᠭᠤᠤ ᠶᠡᠭᠡ ᠲᠡᠦᠬᠡᠨ ᠶᠠᠪᠤᠴᠠ ᠳᠤ᠂ ᠲᠡᠦᠬᠡᠨ ᠬᠡᠷᠡᠭ ᠶᠠᠪᠤᠳᠠᠯ ᠨᠢᠭᠡᠪᠦᠷᠢ᠂ ᠬᠤᠪᠢᠰᠬᠠᠯ ᠤᠨ ᠪᠠᠭᠠᠲᠤᠷ ᠨᠢᠭᠡᠪᠦᠷᠢ᠂ ᠬᠤᠪᠢᠰᠬᠠᠯ ᠤᠨ ᠵᠣᠷᠢᠭ ᠰᠠᠨᠠᠭ᠎ᠠ ᠨᠢᠭᠡᠪᠦᠷᠢ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠨᠢᠭᠡᠪᠦᠷᠢ ᠨᠢ ᠴᠥᠮ ᠮᠠᠨ ᠤ ᠨᠠᠮ ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠲᠥᠯᠥᠭᠡᠯᠡᠵᠦ᠂ ᠦᠨᠳᠦᠰᠦᠲᠡᠨ ᠨᠦᠭᠦᠳ ᠤᠨ ᠨᠠᠮ ᠤᠨ ᠤᠳᠤᠷᠢᠳᠤᠯᠭ᠎ᠠ ᠳᠣᠣᠷ᠎ᠠ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠡᠷᠡᠰ ᠪᠠᠲᠤ ᠢᠲᠡᠭᠡᠯ ᠵᠣᠷᠢᠭ ᠢ ᠢᠯᠡᠷᠡᠭᠦᠯᠦᠭᠰᠡᠨ ᠪᠠᠶᠢᠨ᠎ᠠ᠃    ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠬᠤᠪᠢᠰᠬᠠᠯᠲᠤ ᠰᠣᠶᠣᠯ ᠤᠨ ᠤᠬᠢ ᠰᠣᠳᠣ ᠶᠢ ᠬᠤᠷᠠᠮᠳᠤᠭᠤᠯᠤᠭᠰᠠᠨ ᠪᠠᠶᠢᠨ᠎ᠠ᠂ ᠲᠡᠷᠡ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠬᠤᠪᠢᠰᠬᠠᠯᠲᠤ ᠰᠣᠶᠣᠯ ᠤᠨ ᠭᠦᠨᠵᠡᠭᠡᠢ ᠠᠭᠤᠰᠤᠯᠴᠠᠯ ᠮᠥᠨ᠂ ᠪᠠᠰᠠ ᠴᠤ ᠳᠤᠮᠳᠠᠳᠤ ᠶᠢᠨ ᠰᠣᠶᠣᠯ ᠤᠨ ᠤᠳᠤ ᠦᠶ᠎ᠡ ᠶᠢᠨ ᠳᠤᠮᠳᠠᠳᠤ ᠤᠯᠤᠰ ᠲᠠᠬᠢ ᠬᠠᠮᠤᠭ ᠤᠨ ᠰᠢᠨ᠎ᠡ ᠬᠥᠭᠵᠢᠯᠲᠡ ᠮᠥᠨ᠃ ᠮᠠᠨ ᠤ ᠨᠠᠮ ᠳᠤᠮᠳᠠᠳᠤ ᠤᠯᠤᠰ ᠲᠤ ᠰᠠᠭᠤᠷᠢᠯᠠᠬᠤ᠂ ᠣᠳᠣᠬᠢᠴᠢᠯᠠᠯᠲᠠ ᠳᠤ ᠬᠠᠨᠳᠤᠭᠤᠯᠬᠤ᠂ ᠳᠡᠯᠡᠬᠡᠢ ᠳᠤ ᠬᠠᠨᠳᠤᠭᠤᠯᠬᠤ᠂ ᠢᠷᠡᠭᠡᠳᠦᠢ ᠳᠤ ᠬᠠᠨᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠣᠰᠣ ᠮᠣᠷᠠᠯ ᠤᠨ ᠲᠦᠪᠰᠢᠨ᠂ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠪᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠯᠪᠡᠭ ᠪᠠᠶᠠᠯᠢᠭ ᠴᠢᠨᠠᠷ᠂ ᠳᠥᠭᠦᠮ ᠳᠥᠲᠡ ᠴᠢᠨᠠᠷ᠂ ᠠᠳᠠᠯᠢ ᠲᠡᠭᠰᠢ ᠴᠢᠨᠠᠷ ᠢᠯᠡᠳᠲᠡ ᠴᠢᠩᠭᠠᠷᠠᠪᠠ︔ ᠴᠢᠨᠠᠷ ᠰᠠᠶᠢᠲᠠᠶ ᠰᠣᠶᠣᠯ ᠤᠨ ᠪᠦᠲᠦᠭᠡᠭᠳᠡᠬᠦᠨ᠂ ᠪᠦᠲᠦᠭᠡᠯᠴᠢ ᠰᠣᠶᠣᠯ ᠤᠨ ᠠᠵᠢᠯᠯᠠᠭ᠎ᠠ ᠲᠠᠰᠤᠷᠠᠯᠲᠠ ᠦᠭᠡᠢ ᠢᠯᠡᠷᠡᠵᠦ ᠪᠠᠢᠨ᠎ᠠ︔ ᠺᠢᠨᠣ᠋ ᠲᠧᠯᠸᠢᠰ ᠤᠨ ᠬᠡᠪᠯᠡᠯ ᠴᠡᠴᠡᠭᠯᠡᠨ ᠬᠥᠭᠵᠢᠵᠦ᠂ ᠬᠥᠮᠦᠰ ᠤᠯᠠᠮ ᠠᠴᠠ ᠤᠯᠠᠮ ᠣᠯᠠᠨ ᠴᠢᠨᠠᠷ ᠰᠠᠶᠢᠲᠠᠶ ᠰᠣᠶᠣᠯ ᠤᠨ ᠦᠪᠡᠳᠡᠭᠰᠢ ᠨᠠᠶᠢᠷ ᠢ ᠡᠳ᠋ᠯᠡᠵᠦ ᠪᠠᠶᠢᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠬᠥᠮᠦᠰ ᠤᠨ ᠰᠡᠳᠬᠢᠯ ᠳᠤ ᠬᠠᠳᠠᠩᠰᠢᠵᠤ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠤᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃    ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠡᠶ᠎ᠡ ᠨᠠᠶᠢᠷᠠᠮᠳᠠᠭᠤ ᠶᠢᠨ ᠰᠦᠭ ᠰᠦᠨᠡᠰᠦ ᠮᠥᠨ᠃ ᠮᠠᠷᠺᠰ ᠤᠨ ᠦᠵᠡᠯ ᠤᠨ ᠭᠤᠣᠯ ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠶᠡᠭᠡ ᠪᠠᠷ ᠬᠥᠭᠵᠢᠭᠦᠯᠦᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃    ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠷᠺᠰ ᠤᠨ ᠦᠵᠡᠯ ᠭᠡᠬᠦ ᠡᠨᠡᠬᠦ ᠠᠮᠢᠨ ᠰᠤᠳᠠᠰᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡᠬᠦ ᠠᠮᠢᠨ ᠰᠤᠳᠠᠰᠤ ᠶᠢ ᠢᠮᠠᠭᠲᠠ ᠪᠠᠲᠤ ᠰᠠᠬᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠳᠡᠭᠡᠳᠦ ᠬᠡᠮᠵᠢᠶᠡᠨ ᠤ ᠰᠣᠶᠣᠯ ᠤᠨ ᠤᠬᠠᠮᠰᠠᠷ ᠪᠣᠯᠤᠨ ᠰᠣᠶᠣᠯ ᠤᠨ ᠡᠭᠦᠷᠭᠡᠯᠡᠯ ᠢᠶᠠᠷ ᠰᠣᠶᠣᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ᠂ ᠪᠦᠲᠦᠭᠡᠯᠴᠢ ᠬᠦᠴᠦᠨ ᠣᠯᠭᠤᠬᠤ ᠬᠡᠷᠡᠭᠲᠡᠶ᠃    ᠰᠢᠨ᠎ᠡ ᠶᠢ ᠡᠭᠦᠳᠬᠦ ᠦᠢᠯᠡᠳᠦᠯᠭᠡ ᠶᠢᠨ ᠠᠷᠭ᠎ᠠ ᠵᠠᠮ᠃ ᠪᠢᠳᠡᠨ ᠳᠤ ᠡᠭᠡ ᠣᠷᠣᠨᠴᠢ ᠦᠵᠡᠯ ᠢᠶᠠᠷ ᠭᠤᠣᠯᠯᠠᠭᠤᠯᠤᠭᠰᠠᠨ ᠦᠨᠳᠦᠰᠦᠲᠡᠨ ᠤ ᠵᠣᠷᠢᠭ ᠰᠠᠨᠠᠭ᠎ᠠ ᠲᠠᠢ᠂ ᠤᠳᠤᠮ ᠤᠯᠠᠮᠵᠢᠯᠠᠯ ᠨᠢᠭᠡᠲᠡᠢ ᠦᠷᠳᠡᠭ ᠤᠨ ᠬᠥᠭᠡᠭᠡᠴᠡᠯᠳᠦᠯ ᠲᠠᠢ ᠶᠤᠮ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠬᠥᠭᠵᠢᠯᠲᠡ ᠶᠢᠨ ᠴᠢᠭᠯᠡᠯ ᠢ ᠲᠣᠭᠲᠠᠭᠠᠵᠤ ᠪᠠᠶᠢᠳᠠᠭ᠂ ᠲᠡᠭᠦᠨ ᠢ ᠵᠠᠪᠠᠯ ᠨᠡᠶᠢᠭᠡᠮ ᠳᠠᠶᠠᠭᠠᠷ ᠲᠤ᠂ ᠦᠨᠳᠦᠰᠦᠲᠡᠨ ᠨᠦᠭᠦᠳ ᠤᠨ ᠳᠤᠮᠳᠠ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠬᠦ ᠶᠢ ᠠᠬᠢᠭᠤᠯᠵᠤ᠂ ᠬᠤᠪᠢᠰᠬᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠᠨ ᠴᠢᠩᠭᠠᠳᠬᠠᠨ᠂ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠦᠷᠢᠮ ᠤᠨ ᠪᠠᠲᠤᠯᠠᠭ᠎ᠠ ᠶᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠦᠢᠯᠡᠳᠦᠯᠭᠡ ᠶᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠮᠡᠳᠡᠷᠡᠮᠵᠢ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃    ᠬᠠᠷᠢᠯᠴᠠᠨ ᠲᠣᠯᠢᠯᠠᠵᠤ ᠠᠭᠤᠰᠤᠯᠴᠠᠨ ᠨᠡᠪᠲᠡᠷᠡᠯᠴᠡᠬᠦ ᠶᠢ ᠠᠬᠢᠭᠤᠯᠤᠨ᠎ᠠ᠃ ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠤᠨ ᠬᠤᠷᠠᠮᠠᠯ ᠮᠥᠨ᠂ ᠦᠨᠳᠦᠰᠦᠲᠡᠨ ᠨᠦᠭᠦᠳ ᠴᠥᠮ ᠳᠤᠮᠳᠠᠳᠤ ᠶᠢᠨ ᠰᠣᠶᠣᠯ ᠤᠨ ᠪᠦᠷᠢᠯᠳᠦᠯ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠶᠤᠮ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠦᠨᠳᠦᠰᠦᠲᠡᠨ ᠨᠦᠭᠦᠳ ᠤᠨ ᠰᠣᠶᠣᠯ ᠤᠨ ᠬᠠᠷᠢᠯᠴᠠᠨ ᠲᠤᠯᠢᠳᠠᠵᠤ ᠠᠭᠤᠰᠤᠯᠴᠠᠨ ᠨᠡᠪᠲᠡᠷᠡᠯᠴᠡᠬᠦ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠵᠢᠭᠤᠯᠴᠢᠯᠠᠯ ᠤᠨ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠲᠡᠦᠬᠡ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠬᠤ ᠬᠡᠷᠡᠭᠲᠡᠢ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠠᠭᠤᠤ ᠶᠡᠭᠡ ᠠᠮᠵᠢᠯᠲᠠ ᠪᠦᠲᠦᠮᠵᠢ᠂ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠢ ᠳᠤᠷᠠᠰᠬᠠᠬᠤ ᠠᠵᠢᠯᠯᠠᠭ᠎ᠠ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠳᠤᠷᠠᠰᠬᠠᠯ᠂ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠵᠡᠷᠭᠡ ᠶᠢ ᠭᠦᠢᠴᠡᠳ ᠠᠰᠢᠭᠯᠠᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠣᠷᠣᠨᠴᠢ ᠰᠡᠳᠬᠢᠯᠭᠡ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠲᠠᠨᠢᠨ ᠮᠡᠳᠡᠷᠡᠬᠦ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号