ᠪᠤᠭᠤᠲᠤ ᠬᠤᠲᠠ ᠶᠢᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠠᠭᠤᠷᠬᠠᠶ ᠶᠢᠨ ᠠᠵᠤ ᠠᠬᠤᠶᠢᠯᠠᠯ ᠤᠨ ︽ᠲᠡᠮᠦᠷ ᠮᠡᠲᠦ ᠲᠦᠷᠢᠮ ᠢ ᠰᠤᠷᠴᠤ᠂ ᠬᠠᠷᠢᠭᠤᠴᠠᠯᠭ᠎ᠠ ᠶᠢ ᠲᠣᠳᠣᠷᠬᠠᠶ ᠮᠡᠳᠡᠵᠦ᠂ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠪᠠᠲᠤᠯᠠᠬᠤ︾ ᠲᠤᠰᠬᠠᠶ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2025/1/6
     ᠪᠤᠭᠤᠲᠤ ᠬᠤᠲᠠ ᠶᠢᠨ ᠠᠭᠤᠷᠬᠠᠶ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ︽ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠳᠦᠷᠢᠮ︾ ᠤᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠂ ︽ᠠᠭᠤᠷᠬᠠᠢ ᠶᠢᠨ ᠬᠦᠷᠢᠶᠡᠨ ᠳᠠᠬᠢ ᠦᠢᠯᠡᠳᠪᠦᠷᠢᠯᠡᠯ ᠤᠨ ᠠᠶᠤᠯᠭᠦᠢ ᠶᠢᠨ ᠬᠦᠨᠳᠦ ᠶᠡᠭᠡ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠠᠲᠠᠭᠤ ᠠᠷᠭ᠎ᠠ ᠬᠡᠮᠵᠢᠶ᠎ᠡ︾ ᠶᠢ ᠠᠬᠢᠭᠤᠯᠤᠨ᠎ᠠ᠂ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢᠴᠢ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ ᠶᠢᠨ ᠬᠠᠮᠢᠶ᠎ᠠ ᠪᠥᠬᠦᠶ ᠠᠮᠤᠷ ᠲᠦᠪᠰᠢᠨ ᠤ ᠲᠦᠷᠢᠮ ᠲᠣᠭᠲᠠᠭᠠᠯ ᠪᠠ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ᠂ ︽ᠲᠡᠮᠦᠷ ᠮᠡᠲᠦ ᠳᠦᠷᠢᠮ ᠢ ᠰᠤᠷᠤᠯᠴᠠᠬᠤ︾ ᠶᠢ ᠭᠦᠨᠵᠡᠭᠡᠶᠢᠷᠡᠭᠦᠯᠪᠡ᠂ ᠲᠣᠳᠣᠷᠬᠠᠶ ᠬᠠᠷᠢᠭᠤᠴᠠᠯᠭ᠎ᠠ᠂ ᠴᠢᠩᠭ᠎ᠠ ᠨᠠᠶᠢᠳᠠᠪᠤᠷᠢᠵᠢᠭᠤᠯᠬᠤ᠂ ᠠᠮᠤᠷ ᠲᠦᠪᠰᠢᠨ ᠢ ᠪᠠᠲᠤᠯᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠪᠡ᠃ ᠬᠠᠷᠢᠭᠤᠴᠠᠯᠭ᠎ᠠ ᠶᠢᠨ ᠤᠬᠠᠮᠰᠠᠷ᠂ ᠨᠠᠶᠢᠳᠠᠪᠤᠷᠢᠵᠢᠭᠤᠯᠬᠤ ᠤᠬᠠᠮᠰᠠᠷ᠂ ᠦᠨᠡᠨ ᠬᠦ ᠲᠡᠮᠦᠷ ᠮᠡᠲᠦ ᠳᠦᠷᠢᠮ ᠢ ᠰᠤᠷᠬᠤ ᠬᠡᠷᠡᠭᠲᠡᠶ᠃ ᠲᠡᠮᠦᠷ ᠮᠡᠲᠦ ᠭᠤᠷᠲᠢᠭ᠂ ᠢᠯᠠ ᠲᠡᠮᠦᠷ ᠭᠤᠷᠲᠢᠭ᠂ ᠲᠦᠷᠢᠮ ᠰᠠᠬᠢᠬᠤ᠂ 12 ᠰᠠᠷ᠎ᠠ ᠶᠢᠨ 30 ᠤ ᠡᠳᠦᠷ ᠤᠨ 14 ᠴᠠᠭ ᠠᠴᠠ 16 ᠴᠠᠭ ᠪᠣᠯᠲᠠᠯ᠎ᠠ᠂ ᠬᠤᠲᠠ ᠶᠢᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠨᠳᠡᠯᠡᠨ ᠲᠣᠭᠤᠷᠢᠭ᠂ ᠵᠢᠦᠶᠤᠸᠠᠨ ᠲᠣᠭᠤᠷᠢᠭ᠂ ᠪᠠᠶᠠᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠡᠩ ᠰᠢᠶᠠᠨ ᠳᠤ 6 ᠰᠢᠯᠭᠠᠯᠲᠠ ᠶᠢᠨ ᠲᠣᠭᠤᠷᠢᠭ 10 ᠰᠢᠯᠭᠠᠯᠲᠠ ᠶᠢᠨ ᠲᠠᠯᠠᠪᠠᠶ ᠬᠤᠪᠢᠶᠠᠨ ᠪᠥᠬᠦ ᠬᠤᠲᠠ ᠶᠢᠨ ᠠᠭᠤᠷᠬᠠᠶ ᠶᠢᠨ ᠠᠵᠤ ᠠᠬᠤᠶᠢᠯᠠᠯ ᠳᠤ ︽ᠲᠡᠮᠦᠷ ᠮᠡᠲᠦ ᠬᠠᠲᠠᠭᠤ ᠲᠣᠭᠲᠠᠭᠠᠯ ᠢ ᠰᠤᠷᠤᠯᠴᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠴᠢᠩᠭ᠎ᠠ ᠨᠠᠶᠢᠳᠠᠪᠤᠷᠢᠵᠢᠭᠤᠯᠬᠤ᠂ ᠠᠮᠤᠷ ᠲᠦᠪᠰᠢᠨ ᠢ ᠪᠠᠲᠤᠯᠠᠬᠤ︾ ᠲᠤᠰᠬᠠᠶ ᠮᠡᠳᠡᠯᠭᠡ ᠶᠢᠨ ᠤᠷᠤᠯᠳᠤᠭᠠᠨ ᠢ ᠵᠡᠷᠭᠡᠪᠡᠷ ᠥᠷᠨᠢᠭᠦᠯᠪᠡ᠃    ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ᠠᠭᠤᠷᠬᠠᠶ ᠶᠢᠨ ᠬᠦᠷᠢᠶᠡᠨ ᠳᠠᠬᠢ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠭᠰᠠᠨ ᠮᠥᠷᠲᠡᠭᠡᠨ ᠪᠠᠰᠠ ᠠᠭᠤᠷᠬᠠᠶ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠪᠣᠳᠠᠲᠤ ᠠᠵᠢᠯᠯᠠᠭ᠎ᠠ ᠪᠠᠶᠢᠵᠤ᠂ ᠠᠭᠤᠷᠬᠠᠶ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠶᠤᠯ ᠥᠬᠡᠶ ᠦᠢᠯᠡᠳᠪᠦᠷᠢᠯᠡᠯ ᠤᠨ ᠮᠡᠳᠡᠯᠭᠡ ᠶᠢᠨ ᠪᠣᠯᠪᠠᠰᠤᠷᠠᠭᠤᠯᠤᠯ ᠪᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠬᠡᠷᠡᠭᠯᠡᠯᠲᠡ ᠶᠢ ᠠᠬᠢᠭᠤᠯᠬᠤ ᠵᠣᠷᠢᠯᠭ᠎ᠠ ᠶᠢ ᠪᠡᠶᠡᠯᠡᠭᠦᠯᠪᠡ᠃ ᠲᠣᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠨᠢ ᠣᠳᠣᠬᠠᠨ ᠤ ᠠᠭᠤᠷᠬᠠᠢ ᠶᠢᠨ ᠠᠮᠤᠷ ᠲᠦᠪᠰᠢᠨ ᠤ ᠬᠥᠭᠵᠢᠯᠲᠡ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤᠮᠳᠠᠬᠢ ᠡᠪᠡᠷᠰᠢᠶᠡᠯ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠢᠳᠠᠪᠤᠷᠢᠵᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤᠮᠳᠠᠬᠢ ᠳᠣᠪᠦ᠋ᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠢᠯᠡᠨ ᠠᠷᠢᠯᠭᠠᠵᠤ᠂ ᠮᠠᠨ ᠤ ᠬᠤᠲᠠ ᠶᠢᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠤᠨ᠎ᠠ᠃
2png.png
    ᠪᠥᠬᠦ ᠬᠤᠲᠠ ᠶᠢᠨ ᠬᠡᠪ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ᠂ ᠲᠦᠷ ᠴᠠᠭ ᠦᠢᠯᠡᠳᠪᠦᠷᠢᠯᠡᠯ ᠢ ᠨᠢ ᠵᠣᠭᠰᠣᠭᠠᠵᠤ ᠪᠥᠲᠥᠭᠡᠨ ᠪᠠᠶᠢᠭᠤᠯᠤᠯᠲᠠ ᠶᠢ ᠨᠢ ᠵᠣᠭᠰᠣᠭᠠᠭᠰᠠᠨ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠᠷ ᠪᠡᠯᠡᠳᠬᠡᠭᠰᠡᠨ ᠪᠠ ᠣᠷᠳᠣ ᠬᠤᠭᠤᠴᠠᠭ᠎ᠠ ᠪᠠᠷ ᠦᠢᠯᠡᠳᠪᠦᠷᠢᠯᠡᠯ ᠢ ᠨᠢ ᠵᠣᠭᠰᠣᠭᠠᠵᠤ ᠪᠥᠲᠥᠭᠡᠨ ᠪᠠᠶᠢᠭᠤᠯᠬᠤ ᠶᠢ ᠨᠢ ᠵᠣᠭᠰᠣᠭᠠᠭᠰᠠᠨ ᠪᠣᠯᠪᠠᠴᠤ ᠠᠵᠢᠯᠯᠠᠵᠤ ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ︽ᠲᠠᠪᠤᠨ ᠲᠤᠰᠢᠶᠠᠯ︾ ᠤᠨ ᠠᠭᠤᠷᠬᠠᠶ ᠶᠢᠨ ᠳᠠᠷᠤᠭ᠎ᠠ᠂ ︽ᠲᠠᠪᠤᠨ ᠰᠠᠯᠠᠭ᠎ᠠ︾ ᠶᠢᠨ ᠮᠡᠷᠭᠡᠵᠢᠯ ᠤᠨ ᠠᠵᠢᠯᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠠᠵᠢᠯᠲᠠᠨ ᠵᠢᠴᠢ ᠨᠢᠭᠡᠳᠦᠭᠡᠷ ᠹᠷᠣᠨᠲ ᠤᠨ 10 % ᠶᠢᠨ ᠠᠵᠢᠯ ᠤᠨ ᠪᠠᠶᠢᠷᠢ ᠶᠢᠨ ᠨᠡᠶᠢᠲᠡ 780 ᠭᠠᠷᠤᠶ ᠬᠥᠮᠦᠨ ᠲᠣᠰ ᠤᠳᠠᠭᠠᠨ ᠤ ᠲᠤᠰᠬᠠᠶ ᠮᠡᠳᠡᠯᠭᠡ ᠶᠢᠨ ᠤᠷᠤᠯᠳᠤᠭᠠᠨ ᠳᠤ ᠣᠷᠣᠯᠴᠠᠪᠠ᠃
3.png
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号