ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ | ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠣᠣ | ᠂ ᠶᠣᠣ ᠶᠦᠩ ᠪᠦᠸᠧ᠂ ᠲᠠᠶᠢᠴᠢᠨ᠂ ᠶᠠᠩ ᠶᠢᠨ᠂ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ᠂ ᠯᠥᠸᠧ ᡁᠢ ᠬᠤ᠋᠂ ᠴᠡᠴᠡᠭ᠂ ᠸᠧᠢ | ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠨᠠᠷ ᠲᠣᠰ | ᠲᠣᠰ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ | ᠥᠷᠨᠢᠭᠦᠯᠪᠡ᠃ | ᠶᠡᠭᠡ ᠳᠡᠭᠡᠳᠦ ᠰᠤᠷᠭᠠᠭᠤᠯᠢ ᠳᠤ ᠬᠦᠷᠬᠦ ᠪᠦᠷᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠴᠥᠮ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠪᠠᠭᠰᠢ ᠰᠤᠷᠤᠬᠴᠢᠳ ᠤᠨ ᠦᠵᠡᠯ | ᠰᠠᠨᠠᠭᠠᠨ ᠤ ᠪᠠᠶᠢᠳᠠᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠳᠡ | ᠮᠠᠨ ᠤ ᠣᠷᠣᠨ ᠤ ᠪᠣᠳᠠᠲᠤ ᠪᠠᠶᠢᠳᠠᠯ ᠪᠠ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭ ᠲᠠᠢ ᠤᠶᠠᠯᠳᠤᠭᠤᠯᠵᠤ᠂ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠬᠤ᠂ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ | ᠶᠠᠷᠢᠯᠴᠠᠨ ᠰᠣᠯᠢᠯᠴᠠᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠳᠠᠮᠵᠢᠨ᠂ ᠮᠠᠨ ᠤ ᠤᠯᠤᠰ ᠤᠨ ᠰᠦᠷ ᠳᠠᠯᠠᠶᠢᠴᠠᠲᠠᠢ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠶᠢ ᠭᠦᠨᠵᠡᠭᠡᠢ ᠡᠷᠭᠢᠴᠡᠭᠦᠯᠦᠨ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠠᠶᠢᠯᠪᠤᠷᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠳᠡᠶᠢᠯᠭᠦ᠂ ᠮᠠᠷᠺᠰ ᠤᠨ ᠦᠵᠡᠯ | ᠶᠠᠭᠠᠬᠢᠭᠠᠳ ᠪᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ | ᠲᠤᠬᠠᠢ ᠭᠦᠨᠵᠡᠭᠡᠢ ᠶᠣᠰᠣ ᠤᠴᠢᠷ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠢᠶᠠᠨ ᠭᠤᠣᠯ | ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠡᠭᠰᠡᠨ ᠰᠡᠳᠬᠢᠭᠳᠡᠭᠰᠡᠨ ᠤᠬᠠᠪᠤᠷᠢᠯᠠᠭᠰᠠᠨ ᠢᠶᠠᠨ ᠠᠮᠢᠳᠤᠯᠢᠭ ᠪᠣᠳᠠᠲᠠᠢ | ᠵᠢᠭᠠᠨ ᠰᠤᠷᠭᠠᠯᠲᠠ ᠶᠢᠨ ᠵᠢᠱᠢᠶ᠎ᠡ ᠪᠣᠯᠭᠠᠨ ᠬᠤᠪᠢᠷᠠᠭᠤᠯᠵᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠳᠤ | ᠠᠭᠤᠰᠬᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠ᠊᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠢ ᠰᠠᠨᠠᠭ᠎ᠠ | ᠠᠮᠤᠷ ᠪᠠᠶᠢᠯᠭᠠᠬᠤ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ᠂ ᠦᠨᠳᠦᠰᠦᠲᠡᠨ ᠢᠶᠠᠨ ᠰᠡᠷᠭᠦᠭᠡᠨ | ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠶᠢ ᠬᠦᠰᠡᠪᠡ᠃ | ᠲᠡᠳᠡ ᠥᠷᠭᠡᠨ ᠤᠯᠠᠨ ᠵᠠᠯᠠᠭᠤ ᠰᠤᠷᠤᠬᠴᠢᠳ ᠢ ᠦᠨᠡᠨ ᠪᠣᠳᠠᠲᠠᠢ ᠶᠢ ᠡᠷᠬᠢᠮᠯᠡᠨ ᠡᠷᠳᠡᠮ ᠮᠡᠳᠡᠯᠭᠡ ᠰᠤᠷᠴᠤ᠂ ᠵᠢᠩᠬᠢᠨᠢ | ᠡᠷᠳᠡᠮ ᠴᠢᠳᠠᠪᠤᠷᠢ ᠶᠢ ᠡᠵᠡᠮᠰᠢᠵᠦ᠂ ᠢᠲᠡᠭᠡᠯ ᠪᠢᠰᠢᠷᠡᠯ ᠢᠲᠡᠭᠡᠯ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ | ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠡᠷᠴᠢ ᠵᠣᠷᠢᠭ ᠰᠥᠰᠥ ᠵᠣᠷᠢᠭ | ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠡᠭᠦᠷᠭᠡᠯᠡᠬᠦ᠂ ᠶᠡᠭᠡ ᠶᠣᠰᠣ ᠰᠤᠷᠲᠠᠬᠤᠨ ᠨᠡᠶᠢᠲᠡ ᠶᠢᠨ ᠶᠣᠰᠣ ᠰᠤᠷᠲᠠᠬᠤᠨ ᠡᠷᠬᠢᠮ ᠶᠣᠰᠣ ᠮᠣᠷᠠᠯ ᠢ ᠪᠤᠢ ᠪᠤᠯᠭᠠᠵᠤ᠂ | ᠬᠤᠪᠢᠰᠬᠠᠯᠲᠤ ᠤᠳᠤᠮᠰᠢᠯ ᠢ ᠤᠬᠠᠮᠰᠠᠷ ᠠᠴᠠ ᠪᠠᠨ ᠵᠠᠯᠭᠠᠮᠵᠢᠯᠠᠵᠤ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ | ᠣᠷᠣᠨ ᠤ ᠪᠠᠶᠢᠳᠠᠯ ᠢ ᠭᠦᠨᠵᠡᠭᠡᠢ ᠣᠶᠢᠯᠠᠭᠠᠨ᠂ ᠤᠬᠠᠮᠰᠠᠷ ᠠᠴᠠ ᠪᠠᠨ ᠥᠪᠥᠷ ᠮᠣᠩᠭᠤᠯ ᠤᠨ ᠬᠥᠭᠵᠢᠯᠲᠡ ᠳᠤ | ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠵᠠᠯᠠᠭᠤ ᠨᠠᠰᠤᠨ ᠤ ᠬᠦᠰᠡᠯ ᠵᠡᠭᠦᠳᠦ ᠪᠠᠨ ᠬᠥᠭᠵᠢᠭᠡᠵᠦ᠂ ᠵᠠᠯᠠᠭᠤ | ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ | ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠭᠤᠣᠯ ᠰᠡᠳᠦᠪ ᠨᠢ ᠢᠯᠡ ᠲᠣᠳᠣ᠂ ᠪᠣᠳᠠᠲᠠᠢ ᠲᠠᠢ | ᠨᠡᠶᠢᠴᠡᠵᠦ᠂ ᠠᠭᠤᠯᠭ᠎ᠠ ᠨᠢ ᠪᠠᠶᠠᠯᠢᠭ᠂ ᠠᠮᠢᠳᠤᠯᠢᠭ ᠰᠠᠶᠢᠬᠠᠨ ᠪᠠᠶᠢᠵᠤ᠂ ᠰᠤᠷᠤᠬᠴᠢᠳ ᠨᠠᠷᠢᠨ ᠬᠢᠨᠠᠮᠠᠭᠠᠢ | ᠰᠣᠨᠣᠰᠴᠤ᠂ ᠣᠶᠤᠨ ᠲᠠᠷᠢᠬᠢᠨ ᠳᠠᠭᠠᠨ ᠰᠢᠩᠭᠡᠭᠡᠵᠦ᠂ ᠦᠨᠡᠨ ᠰᠤᠷᠤᠯᠴᠠᠵᠤ ᠦᠨᠡᠨ ᠣᠶᠢᠯᠠᠭᠠᠵᠤ᠂ ᠦᠨᠡᠨ | ᠢᠲᠡᠭᠡᠵᠦ ᠦᠨᠡᠨ ᠬᠡᠷᠡᠭᠯᠡᠬᠦ ᠶᠢ ᠪᠡᠶᠡᠯᠡᠭᠦᠯᠪᠡ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠩ | ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠥᠪ ᠦᠷᠳᠡᠭ ᠤᠨ ᠦᠵᠡᠯᠲᠡ ᠶᠢ ᠪᠤᠢ ᠪᠤᠯᠭᠠᠵᠤ᠂ ᠬᠥᠮᠥᠨ ᠤ | ᠠᠮᠢᠳᠤᠷᠠᠯ ᠤᠨ ︽ᠵᠠᠯᠠᠭᠤᠷ︾ ᠢ ᠰᠠᠶᠢᠲᠤᠷ ᠡᠵᠡᠮᠳᠡᠵᠦ᠂ ᠬᠦᠰᠡᠯᠡᠩ ᠲᠠᠢ ᠪᠠᠶᠢᠬᠤ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠦᠨ᠂ ᠵᠣᠷᠢᠭᠲᠠᠢ ᠪᠠᠷ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠦᠴᠢᠷ ᠠᠴᠠ ᠠᠶᠤᠬᠤ | ᠦᠭᠡᠢ ᠬᠠᠳᠠᠨ ᠪᠠᠲᠤ ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ᠂ ᠵᠣᠷᠢᠭᠲᠠᠢ ᠪᠠᠷ ᠲᠡᠮᠡᠴᠡᠬᠦ ᠢᠷᠠᠭᠤ ᠠᠯᠳᠠᠷᠲᠤ | ᠤᠯᠠᠮᠵᠢᠯᠠᠯ ᠢ ᠪᠠᠳᠠᠷᠠᠭᠤᠯᠤᠨ᠂ ᠠᠯᠤᠰ ᠭᠡᠳᠦ ᠶᠢᠨ ᠬᠦᠰᠡᠯᠡᠩ ᠢ ᠪᠤᠢ ᠪᠤᠯᠭᠠᠵᠤ᠂ ᠤᠯᠤᠰ ᠭᠡᠷ ᠤᠨ ᠬᠠᠶᠢᠷ᠎ᠠ | ᠰᠡᠳᠬᠢᠯᠭᠡ ᠪᠠᠨ ᠵᠤᠵᠠᠭᠠᠳᠬᠠᠨ᠂ ᠮᠡᠳᠡᠯᠭᠡ ᠮᠡᠳᠡᠴᠡ ᠪᠠᠨ ᠨᠡᠮᠡᠭᠳᠡᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢᠶᠠᠨ | ᠴᠢᠩᠭᠠᠳᠬᠠᠨ᠂ ᠤᠬᠠᠮᠰᠠᠷ ᠠᠴᠠ ᠪᠠᠨ ᠵᠠᠯᠠᠭᠤ ᠨᠠᠰᠤᠨ ᠤ ᠵᠡᠭᠦᠳᠦ ᠪᠠᠨ ᠳᠤᠮᠳᠠᠳᠤ ᠶᠢᠨ ᠵᠡᠭᠦᠳᠦ ᠯᠦᠭᠡ | ᠠᠭᠤᠰᠤᠯᠴᠠᠭᠤᠯᠤᠨ᠎ᠠ᠃ ᠴᠠᠭ ᠮᠥᠴᠡ ᠶᠢ ᠨᠠᠨᠳᠢᠩᠨᠠᠵᠤ᠂ ᠰᠢᠷᠭᠠᠭᠤ ᠰᠤᠷᠤᠯᠴᠠᠵᠤ᠂ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠪᠠᠷᠢᠮᠲᠠᠯᠠᠵᠤ᠂ ᠬᠦᠰᠡᠯ | ᠵᠡᠭᠦᠳᠦ ᠪᠠᠨ ᠬᠥᠭᠡᠭᠡᠴᠡᠯᠳᠦᠬᠦ ᠮᠥᠷᠲᠡᠭᠡᠨ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠰᠡᠳᠬᠢᠵᠦ ᠵᠣᠷᠢᠭᠲᠠᠢ | ᠬᠢᠬᠦ ᠮᠥᠷᠲᠡᠭᠡᠨ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠳᠤᠮᠳᠠᠳᠤᠴᠤᠳ ᠤᠨ ᠡᠷᠴᠢ ᠵᠣᠷᠢᠭ᠂ ᠰᠥᠰᠥ | ᠵᠣᠷᠢᠭ᠂ ᠢᠲᠡᠭᠡᠯ ᠵᠣᠷᠢᠭ ᠢ ᠴᠢᠩᠭᠠᠳᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ | ᠦᠢᠯᠡᠳᠦᠯᠭᠡ ᠳᠤ ᠢᠳᠡᠪᠬᠢᠲᠡᠢ ᠣᠷᠣᠯᠴᠠᠨ᠎ᠠ ᠭᠡᠵᠦ ᠢᠯᠡᠳᠬᠡᠵᠡᠭᠡᠪᠡ᠃ | |