ᠪᠠᠶᠠᠨᠨᠠᠭᠤᠷ ᠬᠤᠲᠠ᠄ ᠠᠷᠠᠳ ᠤᠨ ᠠᠮᠢᠳᠤᠷᠠᠯ ᠢ ᠪᠠᠲᠤᠯᠠᠨ ᠠᠷᠠᠳ ᠤᠨ ᠰᠡᠳᠬᠢᠯ ᠢ ᠳᠤᠯᠠᠭᠠᠴᠠᠭᠤᠯᠬᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠪᠣᠶ
ᠨᠡᠶᠢᠲᠡᠯᠡᠭᠰᠡᠨ ᠴᠠᠭ᠄
2025/1/8
    2024 ᠣᠨ ᠠᠴᠠ ᠨᠠᠭᠠᠰᠢ᠂ ᠡᠯ᠎ᠡ ᠲᠥᠷᠥᠯ ᠤᠨ ᠠᠭᠤᠷ ᠠᠮᠢᠰᠬᠤᠯ ᠤᠨ ᠶᠡᠷᠦᠩᠬᠡᠶᠢᠯᠡᠭᠰᠡᠨ ᠬᠦᠴᠦᠨ  ᠵᠦᠢᠯ ᠤᠨ ᠨᠥᠯᠥᠭᠡ ᠠᠴᠠ ᠪᠣᠯᠵᠣ᠂ ᠪᠠᠶᠠᠨᠨᠠᠭᠤᠷ ᠬᠤᠲᠠ ᠶᠢᠨ ᠬᠡᠪᠴᠢᠶᠡᠨ ᠳᠤ ᠬᠡᠲᠦᠷᠡᠮᠡᠬᠡᠶ ᠴᠠᠭ ᠠᠭᠤᠷ ᠤᠨ ᠡᠭᠦᠰᠬᠦ ᠳᠠᠪᠲᠠᠮᠵᠢ ᠨᠡᠮᠡᠭᠳᠡᠵᠦ᠂ ᠰᠠᠯᠬᠢ ᠮᠥᠨᠳᠥᠷ᠂ ᠭᠠᠩ ᠬᠠᠭᠰᠠᠷᠠᠭᠠᠨ᠂ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠨᠡᠶᠢᠲᠡ 24 ᠤᠳᠠᠭ᠎ᠠ ᠡᠭᠦᠰᠴᠦ᠂ 7 ᠬᠤᠰᠢᠭᠤ ᠰᠢᠶᠠᠨ ᠲᠣᠭᠤᠷᠢᠭ ᠤᠨ 74 ᠰᠤᠮᠤ ᠰᠢᠶᠠᠩ ᠪᠠᠯᠭᠠᠰᠤ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠵᠤ᠂ 2024 ᠣᠨ ᠤ ᠡᠪᠦᠯ 2025 ᠣᠨ ᠤ ᠬᠠᠪᠤᠷ ᠤᠨ ᠬᠤᠭᠤᠴᠠᠭᠠᠨ ᠳᠤ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠪᠠ᠃    2024 ᠣᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠠᠮᠰᠢᠭᠳᠠᠭᠰᠠᠨ ᠣᠯᠠᠨ ᠲᠦᠮᠡᠨ ᠢ ᠬᠠᠯᠠᠮᠵᠢᠯᠠᠵᠤ ᠪᠠᠶᠢᠬᠤ ᠶᠢ ᠦᠨᠡᠨ ᠬᠦ ᠢᠯᠡᠷᠡᠭᠦᠯᠬᠦ ᠶᠢᠨ ᠲᠥᠯᠥᠭᠡ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠷᠲᠡ ᠲᠦᠯᠦᠪᠯᠡᠬᠦ᠂ ᠡᠷᠲᠡ ᠬᠥᠳᠡᠯᠭᠡᠬᠦ᠂ ᠡᠷᠲᠡ ᠪᠠᠶᠢᠷᠢᠯᠠᠭᠤᠯᠬᠤ᠂ ᠬᠦᠴᠦᠨ ᠢᠶᠠᠨ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ ᠪᠦᠬᠦ ᠲᠠᠯ᠎ᠠ ᠪᠠᠷ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠪᠠ᠂ ᠳᠤᠤᠷ᠎ᠠ ᠠᠴᠠ ᠳᠡᠭᠡᠭᠰᠢ᠂ ᠫᠷᠤᠭ᠍ᠷᠠᠮ ᠤᠨ ᠳᠦᠷᠢᠮᠵᠢᠯ᠂ ᠪᠦᠬᠦ ᠲᠠᠯ᠎ᠠ ᠪᠠᠷ ᠭᠦᠨᠵᠡᠭᠡᠶᠢᠷᠡᠬᠦ᠂ ᠨᠢᠭᠡᠳᠬᠡᠬᠦ ᠶᠣᠰᠣᠲᠠᠶ ᠶᠢ ᠨᠢ ᠪᠦᠬᠦᠨ ᠢ ᠨᠢᠭᠡᠳᠬᠡᠬᠦ︾ ᠵᠠᠷᠴᠢᠮ᠂ ᠠᠪᠤᠷᠠᠨ ᠲᠤᠰᠠᠯᠠᠬᠤ ᠴᠢᠬᠤᠯᠠᠲᠠᠶ ᠡᠲᠡᠭᠡᠳ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠬᠡᠷᠡᠭᠲᠡᠶ᠂ ᠡᠭᠦᠨ ᠤ ᠬᠠᠮᠲᠤ ᠪᠠᠶᠠᠨᠨᠠᠭᠤᠷ ᠬᠤᠲᠠ ᠶᠢᠨ ᠳᠡᠭᠡᠭᠰᠢ ᠮᠡᠳᠡᠭᠦᠯᠦᠭᠰᠡᠨ ᠠᠪᠤᠷᠠᠨ ᠲᠤᠰᠠᠯᠠᠬᠤ ᠴᠢᠬᠤᠯᠠᠲᠠᠶ ᠬᠥᠮᠦᠨ ᠠᠮᠠ ᠶᠢᠨ ᠲᠤᠭ᠎ᠠ ᠪᠠᠷᠢᠮᠲᠠ ᠪᠠ ᠬᠡᠰᠡᠭ ᠭᠠᠵᠠᠷ ᠣᠷᠣᠨ ᠤ ᠪᠠᠶᠢᠭᠠᠯᠢ ᠶᠢᠨ ᠭᠠᠮᠰᠢᠭ ᠤᠨ ᠪᠠᠶᠢᠳᠠᠯ ᠲᠠᠢ ᠤᠶᠠᠯᠳᠤᠭᠤᠯᠤᠨ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠪᠠᠯᠠ ᠮᠥᠩᠭᠦ ᠶᠢ 4193 . 53 ᠲᠦᠮᠡᠨ ᠲᠥᠭᠦᠷᠢᠭ ᠤᠯᠬᠤ ᠪᠠᠷ ᠢᠳᠡᠪᠬᠢᠲᠡᠶ ᠴᠢᠷᠮᠠᠶᠢᠨ᠎ᠠ᠂ 2024 ᠣᠨ ᠤ 12 ᠳ᠋ᠤᠭᠠᠷ ᠰᠠᠷ᠎ᠠ ᠶᠢᠨ 27 ᠤ ᠡᠳᠦᠷ ᠪᠠᠯᠠ ᠮᠥᠩᠭᠦ ᠬᠤᠪᠢᠶᠠᠷᠢᠯᠠᠬᠤ ᠲᠥᠰᠦᠯ ᠶᠣᠰᠣᠭᠠᠷ ᠡᠯ᠎ᠡ ᠬᠤᠰᠢᠭᠤ ᠰᠢᠶᠠᠨ ᠲᠣᠭᠤᠷᠢᠭ ᠲᠤ ᠰᠠᠯᠭᠠᠨ ᠥᠭᠭᠦᠨ᠎ᠡ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠮᠰᠢᠭᠳᠠᠭᠰᠠᠨ ᠣᠯᠠᠨ ᠲᠦᠮᠡᠨ ᠤ ᠡᠨᠡ ᠡᠪᠦᠯ ᠢᠷᠡᠬᠦ ᠬᠠᠪᠤᠷ ᠤᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠡᠷᠡᠭᠰᠡᠬᠦ ᠠᠪᠤᠷᠠᠨ ᠲᠤᠰᠠᠯᠠᠬᠤ ᠶᠠᠪᠤᠳᠠᠯ ᠳᠤ ᠲᠤᠰᠬᠠᠶ  ᠵᠦᠢᠯ ᠢᠶᠠᠷ ᠬᠡᠷᠡᠭᠯᠡᠨ᠎ᠡ᠃    ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠡᠯ᠎ᠡ ᠬᠤᠰᠢᠭᠤ ᠰᠢᠶᠠᠨ ᠲᠣᠭᠤᠷᠢᠭ ᠢ ᠰᠢᠮᠳᠠᠭᠤᠯᠵᠤ ᠪᠠᠶᠢᠭᠠᠳ ᠪᠠᠯᠠ ᠮᠥᠩᠭᠦ ᠰᠠᠯᠭᠠᠨ ᠥᠭᠬᠦ ᠠᠬᠢᠴᠠ ᠶᠢ ᠲᠦᠷᠭᠡᠳᠬᠡᠵᠦ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠵᠠᠷᠴᠢᠮ ᠢ ᠴᠢᠩᠭ᠎ᠠ ᠵᠢᠷᠤᠮᠯᠠᠨ᠂ ᠭᠠᠮᠰᠢᠭ ᠠᠴᠠ ᠠᠪᠤᠷᠬᠠᠤ ᠪᠠᠯᠠ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠭᠠᠨ ᠰᠠᠷ᠎ᠠ ᠠᠴᠠ ᠡᠮᠦᠨ᠎ᠡ ᠡᠪᠦᠯ ᠬᠠᠪᠤᠷ ᠤᠨ ᠭᠠᠮᠰᠢᠭ ᠠᠴᠠ ᠠᠪᠤᠷᠬᠠᠤ ᠪᠠᠯᠠ ᠮᠥᠩᠭᠦ ᠶᠢ ᠪᠦᠬᠦᠨ ᠢ ᠭᠠᠮᠰᠢᠭᠳᠠᠭᠰᠠᠨ ᠣᠯᠠᠨ ᠲᠦᠮᠡᠨ ᠤ ᠭᠠᠷ ᠲᠤ ᠭᠦᠢᠴᠡᠳ ᠣᠯᠭᠤᠬᠤ ᠶᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠠᠮᠤᠷ ᠲᠦᠪᠰᠢᠨ ᠳᠤᠯᠠᠭᠠᠬᠠᠨ ᠡᠪᠦᠯᠵᠢᠭᠦᠯᠵᠦ᠂ ᠪᠠᠶᠠᠷ ᠬᠥᠷ ᠲᠠᠢ ᠥᠯᠵᠡᠶ ᠪᠡᠯᠭᠡ ᠲᠠᠢ ᠰᠢᠨᠡᠯᠡᠭᠦᠯᠦᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号