ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ﹇2024﹈ 232 ᠳ᠋ᠤᠭᠠᠷ ᠲᠣᠭᠠᠲᠤ | | ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ | ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ | ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠪᠠ ᠬᠥᠮᠦᠨ | ᠠᠮᠠ ᠨᠡᠭᠦᠯᠭᠡᠨ ᠣᠷᠣᠭᠤᠯᠬᠤ ᠶᠢ ᠴᠠᠭᠠᠵᠠᠯᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ | | ᠬᠢᠩᠭᠠᠨ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ ᠳᠤ᠄ | ᠪᠠᠶᠢᠭᠤᠯᠬᠤ ᠪᠠᠷ ᠪᠠᠶᠢᠭ᠎ᠠ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ | ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠪᠣᠯ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠯᠡᠵᠦ ᠪᠦᠲᠦᠭᠡᠨ ᠪᠠᠶᠢᠭᠤᠯᠬᠤ ᠲᠣᠮᠣ | ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠤᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ | ᠰᠢᠷᠣᠶ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ | ᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ | ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ | ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ | ᠮᠡᠲᠦ ᠵᠠᠷᠯᠠᠪᠠ᠄ | ᠨᠢᠭᠡ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ | ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ | ᠲᠠᠲᠠᠪᠤᠷᠢᠯᠠᠬᠤ ᠬᠡᠪᠴᠢᠶᠡᠨ ᠳᠤ ᠵᠠᠯᠠᠶᠢᠳ ᠬᠤᠰᠢᠭᠤᠨ ᠤ ᠳᠠᠯᠳᠠ ᠤᠰᠤᠯᠠᠯᠲᠠ ᠶᠢᠨ ᠣᠷᠣᠨ᠂ ᠪᠠᠶ᠎ᠠ | ᠤᠰᠤᠯᠠᠯᠲᠠ ᠶᠢᠨ ᠣᠷᠣᠨ᠂ ᠹᠧᠩ ᠲᠦᠨ ᠤᠰᠤᠯᠠᠯᠲᠠ ᠶᠢᠨ ᠣᠷᠣᠨ᠂ ᠬᠦᠷᠡᠯ ᠤᠰᠤᠯᠠᠯᠲᠠ ᠶᠢᠨ ᠣᠷᠣᠨ᠂ | ᠪᠠᠶᠠᠨᠲᠤᠬᠤᠢ ᠤᠰᠤᠯᠠᠯᠲᠠ ᠶᠢᠨ ᠣᠷᠣᠨ᠂ ᠴᠢᠭᠢᠲᠦ ᠤᠰᠤᠯᠠᠯᠲᠠ ᠶᠢᠨ ᠣᠷᠣᠨ᠂ ᠬᠠᠷ᠎ᠠ ᠴᠡᠭᠡᠯ ᠤᠰᠤᠯᠠᠯᠲᠠ ᠶᠢᠨ | ᠣᠷᠣᠨ᠂ ᠤᠳᠠᠲᠠᠢ ᠤᠰᠤᠯᠠᠯᠲᠠ ᠶᠢᠨ ᠣᠷᠣᠨ᠂ ᠪᠤᠷᠤᠬᠤᠰᠢᠭᠤ ᠤᠰᠤᠯᠠᠯᠲᠠ ᠶᠢᠨ ᠣᠷᠣᠨ᠂ ᠬᠤᠶᠢᠲᠤ ᠢᠨᠳᠡᠷ | ᠤᠰᠤᠯᠠᠯᠲᠠ ᠶᠢᠨ ᠣᠷᠣᠨ᠂ ᠰᠢᠶᠤᠤ ᠴᠧᠩ ᠽᠢ ᠤᠰᠤᠯᠠᠯᠲᠠ ᠶᠢᠨ ᠣᠷᠣᠨ᠂ ᠳᠥᠷᠪᠠᠨᠰᠢᠨ ᠤᠰᠤᠯᠠᠯᠲᠠ ᠶᠢᠨ | ᠣᠷᠣᠨ ᠪᠠ ᠨᠣᠨ ᠮᠥᠷᠡᠨ ᠤᠰᠤᠯᠠᠯᠲᠠ ᠶᠢᠨ ᠣᠷᠣᠨ ᠬᠤᠯᠪᠣᠭᠳᠠᠵᠤ᠂ ᠪᠣᠳᠠᠲᠠᠶ ᠬᠡᠪᠴᠢᠶ᠎ᠡ ᠶᠢ ᠲᠤᠬᠠᠶ ᠶᠢᠨ | ᠲᠠᠯᠠᠪᠤᠷ ᠲᠤ ᠲᠣᠭᠲᠠᠭᠠᠬᠤ ᠪᠤᠯᠠᠭᠠᠷᠢ ᠪᠠᠷ ᠪᠠᠷᠢᠮᠵᠢᠶᠠᠯᠠᠨ᠎ᠠ᠃ | ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ | ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ | ᠬᠡᠪᠴᠢᠶᠡᠨ ᠳᠣᠲᠣᠷ᠎ᠠ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠤᠮᠤ ᠰᠢᠶᠠᠩ ᠪᠠᠯᠭᠠᠰᠤ ᠶᠢᠨ ᠠᠵᠤ ᠠᠬᠤᠶᠢᠯᠠᠯ | ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠶ᠃ | ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠦᠨᠳᠡᠭᠡᠨ ᠤᠰᠤᠨ ᠠᠰᠢᠭᠯᠠᠯᠲᠠ ᠶᠢᠨ ᠬᠦᠢᠰᠦ | ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠲᠥᠷᠥᠯ ᠵᠦᠢᠯ ᠰᠢᠨ᠎ᠡ ᠪᠠᠷ | ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠶ᠂ ᠭᠡᠷ ᠪᠠᠶᠢᠰᠢᠩ ᠵᠢᠴᠢ | ᠪᠤᠰᠤᠳ ᠪᠡᠯᠡᠳᠬᠡᠮᠵᠢ ᠶᠢ ᠵᠠᠰᠠᠨ ᠪᠠᠶᠢᠭᠤᠯᠵᠤ ᠪᠣᠯᠬᠤ ᠦᠭᠡᠶ᠂ ᠤᠤᠯ ᠭᠠᠵᠠᠷ ᠤᠨ ᠲᠥᠷᠥᠯ᠂ ᠭᠠᠵᠠᠷ ᠤᠨ | ᠳᠥᠷᠬᠦ ᠶᠢ ᠨᠢ ᠬᠤᠪᠢᠷᠠᠭᠤᠯᠵᠤ ᠪᠣᠯᠬᠤ ᠦᠭᠡᠶ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ ᠵᠠᠪᠰᠢᠵᠤ | ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠶ ᠶᠢᠨ ᠲᠠᠷᠢᠮᠠᠯ ᠪᠠ ᠣᠢ ᠮᠣᠳᠣ ᠶᠢ ᠵᠠᠪᠰᠢᠵᠤ | ᠵᠠᠶᠢᠯᠠᠬᠤ ᠵᠡᠷᠭᠡ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ ᠪᠠ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠶ᠃ | ᠳᠥᠷᠪᠡ᠂ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ | ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ | ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠠᠴᠠ | ᠪᠣᠯᠵᠤ ᠲᠤᠬᠠᠶ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠳᠡᠩᠳᠡᠭᠦᠦ ᠶᠡᠭᠡ | ᠨᠥᠯᠥᠭᠡ ᠭᠠᠷᠭᠠᠬᠤ ᠦᠭᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠤᠬᠠᠶ ᠶᠢᠨ ᠭᠠᠵᠠᠷ ᠤᠨ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭᠳᠠᠬᠤ᠂ ᠦᠨᠡᠨ ᠬᠦ ᠪᠦᠲᠦᠭᠡᠨ ᠪᠠᠶᠢᠭᠤᠯᠬᠤ | ᠴᠢᠬᠤᠯᠠᠲᠠᠢ ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ | ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ | ᠳᠠᠷᠠᠭ᠎ᠠ ᠪᠦᠲᠦᠭᠡᠨ ᠪᠠᠶᠢᠭᠤᠯᠵᠤ ᠪᠣᠯᠤᠨ᠎ᠠ᠃ | ᠲᠠᠪᠤ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ | ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ | ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ | ᠪᠠᠶᠢᠭᠤᠯᠤᠯᠲᠠ ᠶᠢᠨ ᠬᠡᠪᠴᠢᠶᠡᠨ ᠳᠤ ᠬᠥᠮᠦᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠲᠥᠷᠥᠭᠰᠡᠨ᠂ ᠤᠷᠤᠭᠯᠠᠵᠤ ᠮᠣᠷᠳᠠᠭᠰᠠᠨ᠂ ᠴᠡᠷᠢᠭ ᠠᠴᠠ ᠰᠢᠯᠵᠢᠭᠰᠡᠨ ᠪᠤᠶᠤ ᠴᠡᠷᠢᠭ ᠤᠨ ᠠᠯᠪᠠᠨ ᠠᠴᠠ | ᠬᠠᠯᠠᠭᠳᠠᠭᠰᠠᠨ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ᠂ | ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠵᠡᠷᠭᠡ ᠨᠤᠲᠤᠭ ᠲᠤ ᠪᠠᠨ ᠪᠤᠴᠠᠭᠰᠠᠳ ᠠᠴᠠ ᠭᠠᠳᠠᠨ᠎ᠠ | ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ | ᠬᠥᠮᠦᠨ ᠠᠮᠠ ᠨᠡᠭᠦᠯᠭᠡᠨ ᠣᠷᠣᠭᠤᠯᠬᠤ ᠭᠠᠷᠳᠠᠮ ᠢ ᠭᠦᠢᠴᠡᠳᠬᠡᠵᠦ ᠪᠣᠯᠬᠤ ᠦᠭᠡᠶ᠃ | ᠵᠢᠷᠭᠤᠭ᠎ᠠ᠂ ᠢᠨᠵᠧᠨᠧᠷᠢᠩ ᠤᠨ ᠭᠠᠵᠠᠷ ᠰᠢᠷᠣᠶ ᠲᠠᠲᠠᠪᠤᠷᠢᠯᠠᠬᠤ ᠪᠠ ᠨᠡᠭᠦᠯᠭᠡᠨ ᠰᠢᠯᠵᠢᠭᠦᠯᠬᠦ ᠲᠠᠰᠢᠷᠠᠮ ᠢ | ᠠᠰᠢᠭᠯᠠᠨ ᠣᠯᠠᠨ ᠲᠦᠮᠡᠨ ᠢ ᠥᠳᠥᠭᠡᠨ ᠬᠡᠷᠡᠭ ᠲᠠᠲᠠᠭᠰᠠᠨ᠂ ᠭᠠᠵᠠᠷ ᠰᠢᠷᠣᠶ ᠲᠠᠲᠠᠪᠤᠷᠢᠯᠠᠨ ᠨᠡᠭᠦᠯᠭᠡᠬᠦ ᠠᠵᠢᠯ ᠳᠤ | ᠬᠠᠷᠰᠢ ᠰᠠᠭᠠᠳ ᠤᠴᠠᠷᠠᠭᠤᠯᠤᠭᠰᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ | ᠲᠣᠷᠭᠠᠭᠤᠯᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ | ᠲᠣᠷᠭᠠᠭᠤᠯᠢ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2024 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |