ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ ᠬᠥᠭᠵᠢᠯᠲᠡ ᠶᠢᠨ ᠦᠨᠳᠦᠰᠦ ᠪᠠ ᠠᠮᠢᠨ ᠰᠤᠳᠠᠰᠤ ᠶᠢ | ᠭᠦᠨᠵᠡᠭᠡᠢ ᠢᠯᠡᠷᠡᠭᠦᠯᠵᠦ᠂ ︽ᠬᠤᠶᠠᠷ ᠢ ᠤᠶᠠᠯᠳᠤᠭᠤᠯᠬᠤ︾ ᠢᠯᠠᠩᠭᠤᠶ᠎ᠠ ︽ᠬᠤᠶᠠᠳᠠᠬᠢ ᠶᠢ ᠤᠶᠠᠯᠳᠤᠭᠤᠯᠬᠤ︾ | ᠴᠢᠬᠤᠯᠠ ᠦᠷ᠎ᠡ ᠪᠦᠲᠦᠭᠡᠯ ᠪᠠ ᠠᠮᠢᠳᠤᠯᠢᠭ ᠬᠡᠪ ᠳᠠᠭᠤᠷᠢᠶᠠᠯ ᠪᠣᠯᠪᠠ᠃ | ᠮᠠᠷᠺᠰ ᠤᠨ ᠦᠵᠡᠯ ᠭᠡᠬᠦ ᠡᠨᠡ ᠬᠦ ᠠᠮᠢᠨ ᠰᠤᠳᠠᠰᠤ ᠶᠢ ᠢᠮᠠᠭᠲᠠ ᠪᠠᠲᠤ ᠰᠠᠬᠢᠬᠤ ᠬᠡᠷᠡᠭᠲᠡᠢ | ᠳᠤᠮᠳᠠᠳᠤ ᠶᠢᠨ ᠦᠨᠳᠦᠰᠦᠲᠡᠨ ᠤ ᠳᠡᠭᠡᠳᠦ ᠬᠡᠮᠵᠢᠶᠡᠨ ᠤ ᠤᠬᠠᠮᠰᠠᠷ ᠪᠣᠯ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠦᠷᠢᠯᠳᠦᠭᠦᠯᠬᠦ ᠯᠣᠭᠢᠭ ᠤᠨ ᠡᠬᠢᠯᠡᠯᠲᠡ ᠮᠥᠨ᠃ 1840 ᠣᠨ ᠤ ᠬᠠᠷ᠎ᠠ | ᠲᠠᠮᠠᠬᠢ ᠶᠢᠨ ᠲᠠᠶᠢᠨ ᠤ ᠲᠠᠷᠠᠭ᠎ᠠ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ | ᠹᠸᠤᠳᠠᠯ ᠤᠨ ᠨᠡᠶᠢᠭᠡᠮ ᠪᠤᠯᠵᠤ᠂ ᠤᠯᠤᠰ ᠣᠷᠣᠨ ᠭᠤᠲᠤᠭᠠᠯ ᠲᠤᠷᠤᠮᠵᠢᠯᠠᠯ ᠠᠮᠰᠠᠵᠤ᠂ ᠠᠷᠠᠳ ᠲᠦᠮᠡᠨ ᠭᠠᠢ | ᠵᠣᠪᠠᠯᠠᠩ ᠠᠮᠰᠠᠵᠤ᠂ ᠪᠣᠯᠪᠠᠰᠤᠨ ᠪᠠᠶᠢᠳᠠᠯ ᠲᠣᠭᠤᠰᠣᠨ ᠳᠤ ᠳᠠᠷᠤᠭᠳᠠᠵᠤ᠂ ᠳᠤᠮᠳᠠᠳᠤ ᠶᠢᠨ ᠦᠨᠳᠦᠰᠦᠲᠡᠨ ᠤᠷᠢᠳ | ᠡᠮᠦᠨ᠎ᠡ ᠭᠠᠷᠤᠭ᠎ᠠ ᠦᠭᠡᠢ ᠭᠠᠢ ᠵᠣᠪᠠᠯᠠᠩ ᠳᠤ ᠤᠴᠠᠷᠠᠵᠤ᠂ ᠤᠯᠤᠰ ᠣᠷᠣᠨ ᠢᠶᠠᠨ ᠮᠥᠬᠦᠯ ᠠᠴᠠ ᠠᠪᠤᠷᠠᠨ | ᠣᠷᠣᠰᠢᠨ ᠲᠣᠭᠲᠠᠨᠢᠵᠤ᠂ ᠳᠤᠮᠳᠠᠳᠤ ᠤᠯᠤᠰ ᠢᠶᠠᠨ ᠬᠥᠭᠵᠢᠭᠦᠯᠦᠨ ᠮᠠᠨᠳᠤᠭᠤᠯᠬᠤ ᠨᠢ ᠪᠦᠬᠦ ᠳᠤᠮᠳᠠᠳᠤ ᠤᠯᠤᠰ ᠤᠨ | ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠣᠯᠤᠭᠰᠠᠨ ᠪᠠᠶᠢᠨ᠎ᠠ᠃ ᠵᠠᠭᠤᠨ ᠵᠢᠯ ᠤᠨ ᠲᠡᠮᠡᠴᠡᠯ ᠤᠨ ᠳᠤᠮᠳᠠ | ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠢᠰᠤ ᠪᠠᠨ ᠤᠷᠤᠰᠬᠠᠵᠤ᠂ ᠰᠡᠳᠬᠢᠯ ᠵᠢᠷᠦᠬᠡ ᠪᠠᠨ ᠬᠤᠯᠪᠣᠵᠤ᠂ | ᠬᠠᠮᠲᠤ ᠶᠢᠨ ᠴᠣᠭᠴᠠ ᠶᠢᠨ ᠤᠬᠠᠮᠰᠠᠷ ᠤᠷᠢᠳᠤ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠳᠤᠮᠳᠠᠳᠤ ᠶᠢᠨ | ᠦᠨᠳᠦᠰᠦᠲᠡᠨ ᠤᠬᠠᠮᠰᠠᠷᠠᠭᠰᠠᠨ ᠠᠭᠤᠤ ᠶᠡᠭᠡ ᠬᠤᠪᠢᠷᠠᠯᠲᠠ ᠶᠢ ᠪᠡᠶᠡᠯᠡᠭᠦᠯᠪᠡ᠃ ᠡᠨᠡ ᠬᠦ ᠶᠠᠪᠤᠴᠠ ᠳᠤ᠂ ᠲᠡᠦᠬᠡ | ᠪᠣᠯᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠨᠡᠶᠢᠭᠡᠮ ᠵᠢᠷᠤᠮ ᠢ ᠰᠣᠩᠭᠤᠭᠰᠠᠨ ᠶᠤᠮ᠂ | ᠮᠠᠨ ᠤ ᠨᠠᠮ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠪᠠᠷᠢᠮᠲᠠᠯᠠᠵᠤ᠂ ᠢᠮᠠᠭᠲᠠ ᠳᠤᠮᠳᠠᠳᠤ | ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠪᠠᠷ ᠴᠥᠬᠦᠷᠡᠰᠢ ᠦᠭᠡᠢ ᠴᠢᠷᠮᠠᠶᠢᠪᠠ᠂ ᠡᠭᠦᠨ ᠠᠴᠠ ᠡᠬᠢᠯᠡᠨ᠂ ᠳᠤᠮᠳᠠᠳᠤ ᠤᠯᠤᠰ ᠤᠨ | ᠠᠷᠠᠳ ᠲᠦᠮᠡᠨ ᠤᠶᠤᠨ ᠰᠠᠨᠠᠭᠠᠨ ᠤ ᠲᠠᠯ᠎ᠠ ᠪᠠᠷ ᠰᠠᠨᠠᠭᠠᠴᠢᠯᠠᠭ᠎ᠠ ᠦᠭᠡᠢ ᠪᠠᠶᠢᠭᠰᠠᠨ ᠠᠴᠠ ᠪᠠᠨ ᠰᠠᠨᠠᠭᠠᠴᠢᠯᠠᠭ᠎ᠠ ᠲᠠᠢ | ᠪᠤᠯᠵᠤ᠂ ᠳᠤᠮᠳᠠᠳᠤ ᠶᠢᠨ ᠦᠨᠳᠦᠰᠦᠲᠡᠨ ᠬᠦᠴᠢᠷ ᠪᠡᠷᠬᠡᠰᠢᠶᠡᠯ ᠲᠠᠢ ᠪᠣᠯᠪᠠᠴᠤ ᠪᠤᠴᠠᠯᠲᠠ ᠦᠭᠡᠢ ᠪᠠᠷ ᠠᠭᠤᠤ ᠶᠡᠭᠡ | ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠡᠬᠢᠯᠡᠪᠡ᠃ | ᠳᠤᠮᠳᠠᠳᠤ ᠶᠢᠨ ᠦᠨᠳᠦᠰᠦᠲᠡᠨ ᠤ ᠳᠡᠭᠡᠳᠦ ᠬᠡᠮᠵᠢᠶᠡᠨ ᠤ ᠤᠬᠠᠮᠰᠠᠷ ᠨᠢ ᠤᠯᠤᠰ ᠣᠷᠣᠨ ᠢᠶᠠᠨ ᠮᠥᠬᠦᠯ ᠠᠴᠠ | ᠠᠪᠤᠷᠠᠵᠤ ᠣᠷᠣᠰᠢᠨ ᠲᠣᠭᠲᠠᠨᠢᠬᠤ ᠪᠣᠳᠠᠲᠤ ᠬᠡᠷᠡᠭᠴᠡᠭᠡ ᠠᠴᠠ ᠢᠷᠡᠭᠰᠡᠨ ᠶᠤᠮ᠂ ᠬᠠᠷᠢᠨ ᠤᠯᠤᠰ ᠣᠷᠣᠨ ᠢᠶᠠᠨ | ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠲᠡᠦᠬᠡᠲᠦ ᠡᠭᠦᠷᠭᠡ ᠶᠢ ᠪᠡᠶᠡᠯᠡᠭᠦᠯᠬᠦ ᠳᠤ ᠮᠠᠷᠺᠰ ᠤᠨ ᠦᠵᠡᠯ ᠤᠨ | ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠶᠡᠷᠦᠩᠬᠡᠢ ᠱᠦᠵᠢ ᠰᠢ ᠶᠢᠨ ᠫᠢᠩ | ᠮᠠᠷᠺᠰ ᠤᠨ ᠮᠡᠨᠳᠦᠯᠡᠭᠰᠡᠨ 200 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠶᠠᠷᠢᠶᠠᠨ ᠳᠠᠭᠠᠨ᠂ ︽ | ᠮᠠᠷᠺᠰ᠂ ᠡᠩᠭᠧᠯᠰ ᠳᠠᠷᠤᠯᠠᠭᠳᠠᠵᠤ ᠪᠠᠶᠢᠭ᠎ᠠ ᠦᠨᠳᠦᠰᠦᠲᠡᠨ ᠪᠣᠯᠤᠨ ᠠᠷᠠᠳ ᠲᠦᠮᠡᠨ ᠤ ᠴᠢᠯᠥᠭᠡᠯᠡᠯᠲᠡ ᠶᠢᠨ | ᠲᠡᠮᠡᠴᠡᠯ ᠢ ᠢᠳᠡᠪᠬᠢᠲᠡᠢ ᠲᠡᠮᠵᠢᠪᠠ᠃ 20 ᠳ᠋ᠤᠭᠠᠷ ᠵᠠᠭᠤᠨ ᠳᠤ ᠤᠷᠤᠭᠰᠠᠨ ᠤ ᠳᠠᠷᠠᠭ᠎ᠠ᠂ ᠯᠧᠨᠢᠨ ᠢᠶᠠᠷ | ᠲᠥᠯᠥᠭᠡᠯᠡᠭᠦᠯᠦᠭᠰᠡᠨ ᠮᠠᠷᠺᠰ ᠤᠨ ᠦᠵᠡᠯᠲᠡᠳ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠵᠠᠯᠭᠠᠮᠵᠢᠯᠠᠨ | ᠬᠥᠭᠵᠢᠭᠦᠯᠵᠦ᠂ ᠺᠣᠯᠣᠨᠢ ᠬᠠᠭᠠᠰ ᠺᠣᠯᠣᠨᠢ ᠶᠢᠨ ᠣᠷᠣᠨ ᠤ ᠤᠯᠤᠰ ᠤᠳ ᠤᠨ ᠦᠨᠳᠦᠰᠦᠲᠡᠨ ᠤ ᠴᠢᠯᠥᠭᠡᠯᠡᠯᠲᠡ ᠶᠢᠨ | ᠬᠥᠳᠡᠯᠭᠡᠭᠡᠨ ᠢ ᠵᠢᠯᠣᠭᠤᠳᠤᠨ ᠳᠡᠮᠵᠢᠪᠡ᠃ ᠪᠣᠳᠠᠲᠠᠢ ᠪᠠᠷ ᠬᠡᠯᠡᠪᠡᠯ ᠳᠤᠮᠳᠠᠳᠤ ᠶᠢᠨ ᠦᠨᠳᠦᠰᠦᠲᠡᠨ᠂ ︽ᠡᠵᠡᠷᠬᠡᠭ | ᠲᠦᠷᠢᠮᠡᠬᠡᠢ ᠶᠣᠰᠣᠨ ᠤ ᠵᠡᠷᠯᠢᠭ ᠪᠠᠯᠠᠮᠠᠳ ᠲᠦᠷᠢᠮᠡᠬᠡᠶᠢᠯᠡᠯ ᠪᠠ ᠳᠤᠮᠳᠠᠳᠤ ᠤᠯᠤᠰ ᠤᠨ ᠠᠷᠠᠳ ᠲᠦᠮᠡᠨ ᠤ ᠬᠦᠨᠳᠦ | ᠬᠡᠴᠡᠭᠦᠦ ᠭᠠᠰᠠᠯᠠᠩ ᠵᠣᠪᠠᠯᠠᠩ ᠨᠢ ᠮᠠᠷᠺᠰ ᠤᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃ ᠬᠤᠶᠠᠳᠤᠭᠠᠷ | ᠤᠳᠠᠭᠠᠨ ᠤ ᠬᠠᠷ᠎ᠠ ᠲᠠᠮᠠᠬᠢ ᠶᠢᠨ ᠲᠠᠶᠢᠨ ᠤ ᠬᠤᠭᠤᠴᠠᠭᠠᠨ ᠳᠤ᠂ ᠮᠠᠷᠺᠰ ᠳᠤᠮᠳᠠᠳᠤ ᠤᠯᠤᠰ ᠤᠨ ᠲᠤᠬᠠᠢ ᠠᠷᠪᠠᠨ | ᠬᠡᠳᠦᠨ ᠮᠡᠳᠡᠭᠡᠯᠡᠯ ᠪᠢᠴᠢᠵᠦ᠂ ᠥᠷᠥᠨᠡᠳᠠᠬᠢᠨ ᠤ ᠬᠦᠴᠦᠷᠬᠡᠭ ᠤᠯᠤᠰ ᠤᠳ ᠤᠨ ᠳᠤᠮᠳᠠᠳᠤ ᠤᠯᠤᠰ ᠢ | ᠲᠦᠷᠢᠮᠡᠬᠡᠶᠢᠯᠡᠭᠰᠡᠨ ᠦᠨᠡᠨ ᠪᠠᠶᠢᠳᠠᠯ ᠢ ᠳᠡᠯᠡᠬᠡᠢ ᠳ᠋ᠠᠬᠢᠨ ᠳᠤ ᠢᠯᠡᠴᠢᠯᠡᠵᠦ᠂ ᠳᠤᠮᠳᠠᠳᠤ ᠤᠯᠤᠰ ᠤᠨ ᠠᠷᠠᠳ | ᠲᠦᠮᠡᠨ ᠤ ᠲᠥᠯᠥᠭᠡ ᠰᠢᠳᠤᠷᠭᠤ ᠶᠣᠰᠣ ᠶᠢ ᠮᠠᠨᠳᠤᠭᠤᠯᠪᠠ᠃ ᠮᠠᠷᠺᠰ᠂ ᠡᠩᠭᠦᠯᠰ ᠬᠥᠮᠦᠨ ᠲᠥᠷᠥᠯᠬᠢᠲᠡᠨ ᠤ | ᠪᠣᠯᠪᠠᠰᠤᠨ ᠤ ᠳᠠᠪᠰᠢᠯᠲᠠ ᠳᠤ ᠦᠵᠡᠭᠦᠯᠦᠭᠰᠡᠨ ᠳᠤᠮᠳᠠᠳᠤ ᠶᠢᠨ ᠪᠣᠯᠪᠠᠰᠤᠨ ᠤ ᠬᠤᠪᠢ ᠨᠡᠮᠡᠷᠢ ᠶᠢ ᠳᠡᠭᠡᠳᠦ | ᠬᠡᠮᠵᠢᠶ᠎ᠡ ᠪᠠᠷ ᠨᠤᠲᠠᠯᠠᠵᠤ᠂ ︿ᠳᠤᠮᠳᠠᠳᠤ ᠤᠯᠤᠰ ᠤᠨ ᠨᠡᠶᠢᠭᠡᠮ ᠵᠢᠷᠤᠮ﹀ ᠪᠣᠶ ᠪᠣᠯᠤᠭᠰᠠᠨ ᠢ ᠰᠢᠨᠵᠢᠯᠡᠬᠦ | ᠤᠬᠠᠭᠠᠨᠴᠢ ᠪᠠᠷ ᠵᠥᠩᠨᠡᠵᠦ᠂ ᠴᠢᠨᠠᠭᠰᠢᠯᠠᠪᠠᠯ ᠲᠡᠳᠡᠨ ᠤ ᠰᠡᠳᠬᠢᠯ ᠳᠠᠬᠢ ᠰᠢᠨ᠎ᠡ ᠳᠤᠮᠳᠠᠳᠤ ᠤᠯᠤᠰ ᠲᠤ ︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ﹀ ᠭᠡᠰᠡᠨ ᠰᠠᠶᠢᠬᠠᠨ ᠨᠡᠷ᠎ᠡ ᠥᠭᠭᠦᠭᠰᠡᠨ ᠪᠠᠶᠢᠨ᠎ᠠ᠃ ᠳᠠᠷᠤᠯᠠᠭᠳᠠᠵᠤ ᠪᠠᠶᠢᠭ᠎ᠠ | ᠦᠨᠳᠦᠰᠦᠲᠡᠨ ᠤ ᠴᠢᠯᠥᠭᠡᠯᠡᠯᠲᠡ ᠶᠢᠨ ᠲᠡᠮᠡᠴᠡᠯ ᠪᠣᠯ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠤᠨ | ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠦᠨᠳᠦᠰᠦᠲᠡᠨ ᠤ ᠴᠢᠯᠥᠭᠡᠯᠡᠯᠲᠡ ᠪᠠ ᠤᠬᠠᠮᠰᠠᠷ ᠪᠣᠯ | ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠤᠨ ᠳᠤᠮᠳᠠᠳᠤ ᠤᠯᠤᠰ ᠤᠨ ᠦᠢᠯᠡᠳᠦᠯᠭᠡ ᠮᠥᠨ᠃ | ᠳᠤᠮᠳᠠᠳᠤ ᠶᠢᠨ ᠦᠨᠳᠦᠰᠦᠲᠡᠨ ᠤᠬᠠᠮᠰᠠᠷᠠᠭᠰᠠᠨ ᠦᠰᠦᠷᠦᠯᠲᠡ ᠳᠤ ᠬᠦᠷᠬᠦ ᠳᠤ ᠮᠠᠷᠺᠰ ᠤᠨ ᠦᠵᠡᠯ ᠤᠨ | ᠦᠨᠳᠦᠰᠦᠲᠡᠨ ᠤ ᠤᠨᠤᠯ ᠠᠴᠠ ᠰᠠᠯᠵᠤ ᠴᠢᠳᠠᠬᠤ ᠦᠭᠡᠢ ᠶᠤᠮ᠃ ᠮᠡᠳᠡᠷᠡᠬᠦ ᠬᠡᠮᠵᠢᠶ᠎ᠡ ᠪᠠᠷ ᠨᠡᠩ ᠥᠨᠳᠥᠷ᠂ | ᠨᠢᠭᠲᠠᠷᠠᠭᠤᠯᠬᠤ ᠬᠦᠴᠦᠨ ᠢᠶᠠᠷ ᠨᠡᠩ ᠴᠢᠩᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠴᠤ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠠᠴᠠ ᠰᠠᠯᠵᠤ ᠴᠢᠳᠠᠬᠤ ᠦᠭᠡᠢ ᠶᠤᠮ᠃ | ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠨᠢ ᠢᠮᠠᠭᠲᠠ ᠤᠯᠤᠰ ᠲᠥᠷᠥ ᠶᠢᠨ ᠨᠢᠭᠡᠳᠦᠯ ᠢ | ᠴᠢᠬᠤᠯᠠᠴᠢᠯᠠᠳᠠᠭ᠃ ᠯᠧᠨᠢᠨ᠂ ︽ᠡᠯ᠎ᠡ ᠵᠦᠢᠯ ᠤᠨ ᠠᠳᠠᠯᠢ ᠪᠤᠰᠤ ᠦᠨᠳᠦᠰᠦᠲᠡᠨ ᠨᠢᠭᠡᠳᠦᠭᠰᠡᠨ ᠤᠯᠤᠰ ᠢ | ᠪᠦᠷᠢᠯᠳᠦᠭᠦᠯᠦᠭᠰᠡᠨ ᠪᠠᠶᠢᠳᠠᠯ ᠳᠣᠣᠷ᠎ᠠ ᠮᠠᠷᠺᠰ ᠤᠨ ᠦᠵᠡᠯᠲᠡᠨ ᠶᠠᠭᠠᠬᠢᠭᠰᠠᠨ ᠴᠤ ᠶᠠᠮᠠᠷᠪᠠ ᠬᠤᠯᠪᠣᠭᠠᠨ ᠤ | ᠤᠯᠤᠰ ᠤᠨ ᠪᠠᠶᠢᠭᠤᠯᠤᠯ ᠤᠨ ᠵᠠᠷᠴᠢᠮ ᠢ ᠬᠡᠷᠡᠭᠵᠢᠭᠦᠯᠬᠦ ᠶᠢ ᠵᠣᠷᠢᠬᠤ ᠦᠭᠡᠢ᠂ ᠶᠠᠮᠠᠷᠪᠠ ᠡᠷᠬᠡ ᠬᠤᠪᠢᠶᠠᠬᠤ | ᠪᠠᠶᠢᠭᠤᠯᠤᠯ ᠢ ᠬᠡᠷᠡᠭᠵᠢᠭᠦᠯᠬᠦ ᠶᠢ ᠴᠦ ᠵᠣᠷᠢᠬᠤ ᠦᠭᠡᠢ ᠶᠤᠮ᠃ ᠲᠥᠪ ᠲᠤ ᠲᠥᠪᠯᠡᠷᠡᠭᠦᠯᠦᠨ ᠵᠠᠬᠢᠷᠬᠤ ᠪᠠᠶᠢᠭᠤᠯᠤᠯᠳᠤ | ᠲᠤᠮᠤ ᠤᠯᠤᠰ ᠪᠣᠯ ᠳᠤᠮᠳᠠᠳᠤ ᠵᠠᠭᠤᠨ ᠤ ᠦᠶ᠎ᠡ ᠶᠢᠨ ᠲᠠᠷᠠᠬᠠᠢ ᠪᠤᠲᠠᠷᠬᠠᠢ ᠪᠠᠶᠢᠳᠠᠯ ᠠᠴᠠ ᠪᠦᠬᠦ ᠳᠡᠯᠡᠬᠡᠢ ᠶᠢᠨ | ᠨᠡᠶᠢᠭᠡᠮ ᠵᠢᠷᠤᠮ ᠤᠨ ᠢᠷᠡᠭᠡᠳᠦᠢ ᠶᠢᠨ ᠨᠢᠭᠡᠳᠦᠯ ᠳᠤ ᠠᠰᠤᠷᠤ ᠶᠡᠭᠡ ᠲᠡᠦᠬᠡᠲᠦ ᠴᠢᠨᠠᠷᠲᠠᠢ ᠠᠯᠬᠤᠮ ᠢ ᠠᠯᠬᠤᠭᠰᠠᠨ | ᠶᠤᠮ᠃ ᠤᠯᠠᠨ ᠦᠨᠳᠦᠰᠦᠲᠡᠨ ᠲᠠᠢ ᠤᠯᠤᠰ ᠪᠣᠯᠬᠤ ᠲᠤᠳᠤᠮ ᠤᠯᠤᠰ ᠲᠦᠷᠦ ᠶᠢᠨ ᠨᠢᠭᠡᠳᠦᠯ ᠢ ᠤᠯᠠᠮ | ᠪᠠᠷᠢᠮᠲᠠᠯᠠᠬᠤ ᠬᠡᠷᠡᠭᠲᠡᠢ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠤᠯᠤᠰ ᠲᠦᠷᠦ ᠶᠢᠨ ᠤᠷᠢᠲᠠᠯ ᠮᠥᠨ᠃ | ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠶᠢ ᠢᠮᠠᠭᠲᠠ ᠪᠠᠷᠢᠮᠲᠠᠯᠠᠪᠠ᠃ ᠮᠠᠷᠺᠰ ᠬᠠᠷᠢᠯᠴᠠᠭᠠᠨ ᠤ ᠬᠠᠷᠠᠭᠠᠰᠤ ᠠᠴᠠ | ᠦᠨᠳᠦᠰᠦᠲᠡᠨ ᠤ ᠬᠠᠷᠢᠴᠠᠭ᠎ᠠ ᠳᠤ ᠬᠠᠨᠳᠤᠬᠤ ᠶᠢ ᠴᠢᠬᠤᠯᠠᠴᠢᠯᠠᠵᠤ᠂ ︽ᠨᠢᠭᠡ ᠦᠨᠳᠦᠰᠦᠲᠡᠨ ᠪᠣᠯᠤᠨ ᠪᠤᠰᠤᠳ | ᠦᠨᠳᠦᠰᠦᠲᠡᠨ ᠤ ᠬᠤᠭᠤᠷᠣᠨᠳᠣᠬᠢ ᠬᠠᠷᠢᠴᠠᠭ᠎ᠠ ᠪᠠᠷ ᠪᠠᠷᠠᠬᠤ ᠦᠭᠡᠢ᠂ ᠡᠨᠡ ᠦᠨᠳᠦᠰᠦᠲᠡᠨ ᠤ ᠪᠦᠬᠦ᠋ᠢᠯᠡ | ᠳᠣᠲᠣᠭᠠᠳᠤ ᠪᠦᠲᠦᠴᠡ ᠨᠢ ᠴᠦ ᠥᠪᠡᠷ ᠤᠨ ᠦᠢᠯᠡᠳᠪᠦᠷᠢᠯᠡᠯ ᠵᠢᠴᠢ ᠥᠪᠡᠷ ᠤᠨ ᠳᠣᠲᠣᠭᠠᠳᠤ ᠭᠠᠳᠠᠭᠠᠳᠤ | ᠬᠠᠷᠢᠯᠴᠠᠭᠠᠨ ᠤ ᠬᠥᠭᠵᠢᠯᠲᠡ ᠶᠢᠨ ᠬᠡᠮᠵᠢᠶ᠎ᠡ ᠪᠠᠷ ᠰᠢᠢᠳᠪᠦᠷᠢᠯᠡᠭᠳᠡᠨ᠎ᠡ︾ ᠭᠡᠵᠦ ᠦᠵᠡᠪᠡ᠃ ᠤᠯᠠᠨ | ᠦᠨᠳᠦᠰᠦᠲᠡᠨ ᠲᠠᠢ ᠤᠯᠤᠰ ᠪᠣᠯᠬᠤ ᠲᠤᠳᠤᠮ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠴᠢᠬᠤᠯᠠᠴᠢᠯᠠᠬᠤ | ᠬᠡᠷᠡᠭᠲᠡᠢ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠨᠡᠶᠢᠭᠡᠮ ᠤᠨ ᠰᠠᠭᠤᠷᠢ ᠮᠥᠨ᠃ | ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠨᠢ ᠠᠵᠤ ᠠᠬᠤᠢ ᠶᠢᠨ ᠰᠠᠭᠤᠷᠢ ᠶᠢ ᠢᠮᠠᠭᠲᠠ | ᠴᠢᠬᠤᠯᠠᠴᠢᠯᠠᠳᠠᠭ᠃ ᠠᠵᠤ ᠠᠬᠤᠢ ᠶᠢᠨ ᠰᠠᠭᠤᠷᠢ ᠪᠣᠯ ᠳᠠᠪᠬᠤᠷᠭ᠎ᠠ ᠶᠢ ᠲᠣᠭᠲᠠᠭᠠᠳᠠᠭ᠂ ᠡᠨᠡ ᠪᠣᠯ ᠲᠡᠦᠬᠡ ᠶᠢᠨ | ᠪᠣᠳᠠᠰᠴᠢ ᠦᠵᠡᠯ ᠤᠨ ᠭᠤᠣᠯ ᠦᠨᠳᠦᠰᠦᠯᠡᠯ ᠮᠥᠨ᠂ ᠪᠠᠰᠠ ᠴᠤ ᠦᠨᠳᠦᠰᠦᠲᠡᠨ ᠤ ᠠᠰᠠᠭᠤᠳᠠᠯ ᠢ ᠵᠠᠳᠠᠯᠬᠤ | ᠦᠨᠳᠦᠰᠦᠨ ᠦᠵᠡᠯᠲᠡ ᠮᠥᠨ᠃ ᠠᠵᠤ ᠠᠬᠤᠢ ᠨᠡᠶᠢᠭᠡᠮ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ | ᠪᠣᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠵᠠᠶᠢᠯᠠᠰᠢ ᠦᠭᠡᠢ ᠨᠥᠯᠥᠭᠡᠯᠡᠬᠦ ᠪᠣᠯᠤᠨ᠎ᠠ᠃ ᠤᠯᠠᠨ | ᠦᠨᠳᠦᠰᠦᠲᠡᠨ ᠲᠠᠢ ᠤᠯᠤᠰ ᠪᠣᠯᠬᠤ ᠲᠤᠳᠤᠮ ᠬᠠᠮᠲᠤ ᠪᠠᠷ ᠴᠢᠨᠡᠭᠡᠯᠢᠭᠵᠢᠬᠦ ᠶᠢ ᠤᠯᠠᠮ ᠢᠯᠡᠭᠦᠦ ᠪᠡᠶᠡᠯᠡᠭᠦᠯᠬᠦ | ᠬᠡᠷᠡᠭᠲᠡᠢ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠤ ᠠᠬᠤᠢ ᠶᠢᠨ ᠰᠠᠭᠤᠷᠢ ᠮᠥᠨ᠃ | ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠨᠢ ᠢᠮᠠᠭᠲᠠ ᠰᠣᠶᠣᠯ ᠤᠨ ᠨᠡᠪᠲᠡᠷᠡᠯᠴᠡᠭᠡ ᠶᠢ | ᠴᠢᠬᠤᠯᠠᠴᠢᠯᠠᠳᠠᠭ᠃ ᠮᠠᠷᠺᠰ ᠤᠨ ᠦᠵᠡᠯ ᠪᠣᠳᠠᠰ ᠪᠠ ᠣᠶᠤᠨ ᠰᠠᠨᠠᠭᠠᠨ ᠤ ᠳᠡᠭᠡᠳᠦ ᠬᠡᠮᠵᠢᠶᠡᠨ ᠤ ᠨᠢᠭᠡᠳᠦᠯ ᠢ | ᠵᠣᠷᠢᠳᠠᠭ᠃ ᠯᠧᠨᠢᠨ ᠡᠯ᠎ᠡ ᠦᠨᠳᠦᠰᠦᠲᠡᠨ ᠤ ᠰᠣᠶᠣᠯ ᠰᠤᠷᠭᠠᠨ ᠬᠥᠮᠦᠵᠢᠯ ᠤᠨ ᠲᠠᠯ᠎ᠠ ᠪᠠᠷ ᠬᠠᠷᠢᠯᠴᠠᠨ | ᠬᠥᠨᠳᠡᠶᠢᠷᠡᠭᠰᠡᠨ ᠪᠠᠶᠢᠳᠠᠯ ᠢ ᠡᠰᠡᠷᠭᠦᠴᠡᠵᠦ᠂ ︽︿ᠦᠨᠳᠦᠰᠦᠲᠡᠨ ᠤ ᠰᠣᠶᠣᠯ ᠤᠨ ᠥᠪᠡᠷᠲᠡᠭᠡᠨ ᠵᠠᠰᠠᠬᠤ﹀ ᠭᠡᠰᠡᠨ | ᠤᠷᠢᠶ᠎ᠠ ᠪᠣᠯ ᠰᠤᠷᠭᠠᠨ ᠬᠥᠮᠦᠵᠢᠯ ᠤᠨ ᠦᠢᠯᠡᠰ ︵ᠲᠡᠷᠡᠴᠢᠯᠡᠨ ᠪᠦᠬᠦ᠋ᠢᠯᠡ ︿ᠰᠣᠶᠣᠯ﹀ ᠤᠨ ᠦᠢᠯᠡᠰ︶ ᠤᠨ | ᠲᠠᠯ᠎ᠠ ᠪᠠᠷ ᠡᠯ᠎ᠡ ᠦᠨᠳᠦᠰᠦᠲᠡᠨ ᠤ ᠬᠠᠷᠢᠯᠴᠠᠨ ᠬᠥᠨᠳᠡᠶᠢᠷᠡᠬᠦ ᠶᠢ ᠬᠥᠭᠡᠷᠭᠡᠳᠡᠵᠦ᠂ ᠠᠯᠢᠪᠠ ᠣᠨᠴᠠ ᠡᠷᠬᠡ ︵ | ᠡᠭᠦᠨ ᠳᠤ ᠦᠨᠳᠦᠰᠦᠲᠡᠨ ᠤ ᠣᠨᠴᠠ ᠡᠷᠬᠡ ᠪᠠᠭᠲᠠᠨ᠎ᠠ︶ ᠶᠢ ᠬᠡᠪ ᠢᠶᠠᠷ ᠪᠠᠶᠢᠯᠭᠠᠬᠤ ᠶᠢᠨ ᠰᠠᠭᠤᠷᠢ ᠬᠡᠷᠡᠭᠴᠡᠭᠡ ᠳᠤ | ᠪᠦᠷᠢᠮᠦᠰᠦᠨ ᠨᠡᠶᠢᠴᠡᠵᠦ ᠪᠠᠶᠢᠨ᠎ᠠ︾ ᠭᠡᠵᠦ ᠦᠵᠡᠵᠡᠢ᠃ ᠤᠯᠠᠨ ᠦᠨᠳᠦᠰᠦᠲᠡᠨ ᠲᠠᠢ ᠤᠯᠤᠰ ᠪᠣᠯᠬᠤ ᠲᠤᠳᠤᠮ | ᠰᠣᠶᠣᠯ ᠤᠨ ᠬᠠᠮᠲᠤ ᠶᠢᠨ ᠲᠠᠨᠢᠯᠲᠠ ᠶᠢ ᠤᠯᠠᠮ ᠨᠢᠭᠲᠠᠷᠠᠭᠤᠯᠬᠤ ᠬᠡᠷᠡᠭᠲᠡᠢ᠂ ᠡᠨᠡ ᠪᠣᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠣᠶᠣᠯ ᠤᠨ ᠰᠠᠭᠤᠷᠢ ᠮᠥᠨ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠦᠨᠳᠦᠰᠦ ᠰᠤᠳᠠᠰᠤ ᠶᠢ ᠢᠮᠠᠭᠲᠠ ᠪᠠᠲᠤ ᠰᠠᠬᠢᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠭᠡᠬᠦ ᠡᠨᠡ ᠬᠦ ᠬᠥᠮᠦᠰ ᠤᠨ ᠲᠠᠷᠢᠬᠢᠨ ᠳᠤ ᠪᠣᠳᠠᠲᠠᠢ ᠣᠷᠣᠰᠢᠵᠤ ᠪᠠᠶᠢᠭ᠎ᠠ | ᠲᠤᠰᠬᠠᠯ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠶᠢᠨ ᠲᠡᠦᠬᠡᠨ ᠠᠬᠢᠴᠠ ᠳᠤ | ᠦᠨᠳᠦᠰᠦᠯᠡᠭᠰᠡᠨ ᠶᠤᠮ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠪᠣᠯ ᠲᠠᠪᠤᠨ | ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ᠃ ᠮᠠᠨ ᠤ ᠤᠯᠤᠰ ᠤᠨ | ᠦᠨᠳᠦᠰᠦᠲᠡᠨ ᠨᠦᠭᠦᠳ ᠡᠬᠡ ᠣᠷᠣᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ᠂ ᠤᠯᠠᠨ | ᠦᠨᠳᠦᠰᠦᠲᠡᠨ ᠪᠦᠬᠦᠢ ᠨᠢᠭᠡᠳᠦᠭᠰᠡᠨ ᠤᠯᠤᠰ ᠢ ᠬᠠᠮᠲᠤ ᠪᠠᠷ ᠴᠣᠭᠴᠠᠯᠠᠨ ᠪᠠᠶᠢᠭᠤᠯᠵᠤ᠂ ᠭᠡᠷᠡᠯ ᠰᠠᠴᠤᠷᠠᠩᠭᠤᠢ | ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠶᠢᠨ ᠰᠣᠶᠣᠯ ᠢ | ᠬᠠᠮᠲᠤ ᠪᠠᠷ ᠡᠭᠦᠳᠦᠨ ᠪᠦᠲᠦᠭᠡᠵᠦ᠂ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ | ᠪᠤᠶᠢᠵᠢᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠪᠣᠯ | ᠬᠥᠮᠦᠰ ᠤᠨ ᠰᠡᠳᠬᠢᠯ ᠤᠨ ᠬᠠᠨᠳᠤᠰᠢ᠂ ᠶᠡᠭᠡ ᠬᠠᠨᠳᠤᠰᠢ᠂ ᠲᠡᠦᠬᠡ ᠶᠢᠨ ᠵᠠᠶᠢᠯᠠᠰᠢ ᠦᠭᠡᠢ ᠬᠠᠨᠳᠤᠰᠢ ᠮᠥᠨ︾᠃ | ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ ᠠᠭᠤᠰᠤᠯᠴᠠᠵᠤ ᠤᠯᠠᠨ ᠡᠰᠢᠲᠦ | ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠬᠠᠮᠲᠤ ᠪᠠᠷ | ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠵᠦ ᠨᠢᠭᠡᠳᠦᠭᠰᠡᠨ ᠠᠭᠤᠤ ᠶᠡᠭᠡ ᠡᠭᠡ ᠤᠯᠤᠰ ᠤᠨ ᠲᠡᠦᠬᠡ | ᠮᠥᠨ᠃ ᠦᠨᠳᠦᠰᠦᠲᠡᠨ ᠨᠦᠭᠦᠳ ᠤᠨ ᠴᠢᠰᠤ ᠮᠢᠬᠠᠨ ᠤ ᠪᠠᠷᠢᠯᠳᠤᠯᠭ᠎ᠠ ᠪᠣᠯ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠦᠷᠢᠯᠳᠦᠨ ᠬᠥᠭᠵᠢᠬᠦ ᠶᠢᠨ ᠲᠡᠦᠬᠡᠨ ᠰᠠᠭᠤᠷᠢ ᠮᠥᠨ᠃ ᠦᠨᠳᠦᠰᠦᠲᠡᠨ ᠨᠦᠭᠦᠳ ᠤᠨ | ᠢᠲᠡᠭᠡᠯ ᠪᠢᠰᠢᠷᠡᠯ ᠠᠳᠠᠯᠢᠬᠠᠨ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠨᠢᠭᠡᠳᠦᠭᠰᠡᠨ ᠤᠯᠠᠨ | ᠦᠨᠳᠦᠰᠦᠲᠡᠨ ᠲᠠᠢ ᠤᠯᠤᠰ ᠢ ᠴᠣᠭᠴᠠᠯᠠᠨ ᠪᠠᠶᠢᠭᠤᠯᠬᠤ ᠳᠣᠲᠣᠭᠠᠳᠤ ᠬᠥᠳᠡᠯᠭᠡᠬᠦ ᠬᠦᠴᠦᠨ ᠮᠥᠨ᠃ | ᠦᠨᠳᠦᠰᠦᠲᠡᠨ ᠨᠦᠭᠦᠳ ᠤᠨ ᠰᠣᠶᠣᠯ ᠤᠨ ᠨᠡᠪᠲᠡᠷᠡᠯᠴᠡᠭᠡ ᠪᠣᠯ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ | ᠨᠢᠭᠡ ᠴᠤᠬᠴᠠᠵᠢᠭᠰᠠᠨ ᠪᠣᠯᠪᠠᠰᠤᠨ ᠤ ᠪᠠᠶᠢᠷᠢᠰᠢᠯ ᠢ ᠴᠣᠭᠴᠠᠯᠠᠬᠤ ᠰᠣᠶᠣᠯ ᠤᠨ ᠭᠧᠨ ᠮᠥᠨ︔ | ᠦᠨᠳᠦᠰᠦᠲᠡᠨ ᠨᠦᠭᠦᠳ ᠤᠨ ᠠᠵᠤ ᠠᠬᠤᠢ ᠬᠠᠷᠢᠯᠴᠠᠨ ᠲᠦᠰᠢᠯᠴᠡᠬᠦ ᠪᠣᠯ ᠳᠤᠮᠳᠠᠳᠤ ᠶᠢᠨ ᠦᠨᠳᠦᠰᠦᠲᠡᠨ ᠤ | ᠨᠢᠭᠡᠳᠦᠯᠲᠡᠢ ᠠᠵᠤ ᠠᠬᠤᠢ ᠶᠢᠨ ᠴᠣᠭᠴᠠ ᠶᠢ ᠪᠠᠶᠢᠭᠤᠯᠬᠤ ᠬᠦᠴᠦᠷᠬᠡᠭ ᠶᠡᠭᠡ ᠬᠦᠴᠦᠨ ᠮᠥᠨ᠃ | ᠦᠨᠳᠦᠰᠦᠲᠡᠨ ᠨᠦᠭᠦᠳ ᠤᠨ ᠬᠠᠶᠢᠷ᠎ᠠ ᠰᠡᠳᠬᠢᠯᠭᠡ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠨᠢᠭᠡ | ᠭᠡᠷ ᠤᠨ ᠬᠥᠮᠦᠨ ᠮᠡᠲᠦ ᠳᠣᠲᠣᠨᠣ ᠪᠠᠶᠢᠬᠤ ᠶᠢᠨ ᠪᠠᠲᠤ ᠴᠢᠩᠭ᠎ᠠ ᠬᠤᠯᠪᠣᠭᠠᠰᠤ ᠮᠥᠨ᠃ ᠶᠠᠭ ᠡᠨᠡ ᠬᠦ ᠰᠠᠭᠤᠷᠢᠨ | ᠳᠡᠭᠡᠷ᠎ᠡ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠬᠠᠮᠲᠤ ᠶᠢᠨ ᠭᠡᠷ ᠣᠷᠣᠨ ᠲᠠᠢ᠂ ᠳᠠᠷᠤᠢ ᠳᠤᠮᠳᠠᠳᠤ | ᠤᠯᠤᠰ ᠪᠣᠯᠤᠨ᠎ᠠ᠃ᠪᠦᠷ ᠨᠢᠭᠡ ᠬᠠᠮᠲᠤ ᠶᠢᠨ ᠪᠡᠶ᠎ᠡ ᠶᠢᠨ ᠭᠠᠷᠤᠯ ᠲᠠᠢ᠂ ᠳᠠᠷᠤᠶ ᠳᠤᠮᠳᠠᠳᠤ ᠶᠢᠨ ᠦᠨᠳᠦᠰᠦᠲᠡᠨ᠃ | ᠪᠦᠷ ᠨᠢᠭᠡ ᠬᠠᠮᠲᠤ ᠶᠢᠨ ᠨᠡᠷ᠎ᠡ ᠲᠠᠢ᠂ ᠳᠠᠷᠤᠶ ᠳᠤᠮᠳᠠᠳᠤ ᠶᠢᠨ ᠬᠥᠮᠦᠨ᠃ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠴᠥᠮ ᠬᠠᠮᠲᠤ ᠶᠢᠨ ᠬᠦᠰᠡᠯ ᠵᠡᠭᠦᠳᠦ ᠮᠥᠨ︕ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ | ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ | ᠬᠠᠳᠠᠩᠰᠢᠵᠤ᠂ ᠬᠥᠮᠦᠰ ᠤᠨ ᠰᠡᠳᠬᠢᠯ ᠨᠢᠭᠡᠳᠦᠨ᠂ ᠵᠣᠷᠢᠭ ᠰᠠᠨᠠᠭ᠎ᠠ ᠬᠠᠷᠢᠯᠴᠠᠨ ᠲᠦᠰᠢᠯᠴᠡᠬᠦ ᠬᠦᠴᠦᠷᠬᠡᠭ ᠶᠡᠭᠡ | ᠤᠶᠤᠨ ᠰᠠᠨᠠᠭᠠᠨ ᠤ ᠬᠤᠯᠪᠣᠭᠠᠰᠤ ᠲᠠᠰᠤᠷᠠᠯᠲᠠ ᠦᠭᠡᠢ ᠴᠢᠩᠭᠠᠷᠠᠵᠤ᠂ ᠳᠤᠮᠳᠠᠳᠤ ᠶᠢᠨ ᠦᠨᠳᠦᠰᠦᠲᠡᠨ ᠤ | ᠦᠨᠳᠦᠰᠦᠨ ᠠᠰᠢᠭ ᠲᠤᠰᠠ ᠪᠠ ᠪᠦᠬᠦᠯᠢ ᠴᠣᠭᠴᠠ ᠶᠢᠨ ᠠᠰᠢᠭ ᠲᠤᠰᠠ ᠲᠠᠰᠤᠷᠠᠯᠲᠠ ᠦᠭᠡᠢ ᠪᠠᠬᠢᠵᠢᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠶᠢᠨ ᠲᠡᠦᠬᠡᠨ ᠠᠬᠢᠴᠠ ᠳᠤ ᠦᠨᠳᠦᠰᠦᠯᠡᠭᠰᠡᠨ ᠢᠶᠠᠷ ᠪᠠᠷᠠᠬᠤ | ᠦᠭᠡᠢ ᠪᠠᠰᠠ ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠥᠪᠡᠷᠮᠢᠴᠡ ᠴᠢᠨᠠᠷ ᠲᠤ ᠦᠨᠳᠦᠰᠦᠯᠡᠭᠰᠡᠨ ᠶᠤᠮ᠃ | ᠶᠡᠷᠦᠩᠬᠡᠢ ᠱᠦᠵᠢ ᠰᠢ ᠶᠢᠨ ᠫᠢᠩ᠂ ︽ᠡᠷᠬᠡᠪᠰᠢ ᠳᠤᠮᠳᠠᠳᠤ ᠶᠢᠨ ᠦᠨᠳᠦᠰᠦᠲᠡᠨ ᠤ ᠲᠡᠦᠬᠡ ᠠᠴᠠ ᠢᠷᠡᠭᠡᠳᠦᠢ | ᠲᠡᠶᠢᠰᠢ ᠤᠷᠤᠭᠰᠢᠯᠠᠬᠤ᠂ ᠤᠯᠠᠮᠵᠢᠯᠠᠯ ᠠᠴᠠ ᠤᠳᠤ ᠦᠶ᠎ᠡ ᠲᠡᠶᠢᠰᠢ ᠤᠷᠤᠭᠰᠢᠯᠠᠬᠤ᠂ ᠤᠯᠠᠨ ᠡᠰᠢᠵᠢᠯ ᠠᠴᠠ ᠨᠢᠭᠡ | ᠴᠤᠬᠴᠠᠵᠢᠬᠰᠡᠨ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ | ᠣᠨᠴᠠᠯᠢᠭ ᠢ ᠭᠦᠨᠵᠡᠭᠡᠢ ᠤᠢᠢᠯᠠᠭᠠᠨ ᠡᠵᠡᠮᠳᠡᠵᠦ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠲᠠᠰᠤᠷᠠᠯᠳᠠ ᠦᠭᠡᠢ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠪᠠᠲᠤ ᠪᠠᠬᠢ | ᠤᠶᠤᠨ ᠰᠠᠨᠠᠭ᠎ᠠ ᠪᠠ ᠰᠣᠶᠣᠯ ᠤᠨ ᠰᠠᠭᠤᠷᠢ ᠶᠢ ᠲᠠᠯᠪᠢᠬᠤ ᠬᠡᠷᠡᠭᠲᠡᠢ︾᠃ | ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠦᠷᠭᠦᠯᠵᠢᠯᠡᠬᠦ ᠴᠢᠨᠠᠷ ᠨᠢ ᠳᠤᠮᠳᠠᠳᠤ ᠶᠢᠨ ᠦᠨᠳᠦᠰᠦᠲᠡᠨ ᠤ ᠦᠶ᠎ᠡ | ᠤᠯᠠᠷᠢᠨ ᠣᠷᠣᠰᠢᠨ ᠲᠣᠭᠲᠠᠨᠢᠬᠤ ᠲᠡᠦᠬᠡᠨ ᠬᠥᠭᠵᠢᠯᠲᠡ ᠳᠤ ᠦᠨᠳᠦᠰᠦᠯᠡᠭᠰᠡᠨ ᠶᠤᠮ᠃ ᠠᠯᠢ ᠦᠨᠳᠦᠰᠦᠲᠡᠨ | ᠵᠦᠩᠶᠤᠸᠠᠨ ᠣᠷᠣᠨ ᠳᠤ ᠣᠷᠣᠵᠤ ᠢᠷᠡᠭᠰᠡᠨ ᠴᠦ ᠬᠠᠮᠢᠶ᠎ᠠ ᠦᠭᠡᠢ᠂ ᠴᠥᠮ ᠳᠡᠯᠡᠬᠡᠢ ᠳ᠋ᠠᠬᠢᠨ ᠢ ᠨᠢᠭᠡᠳᠬᠡᠬᠦ ᠪᠠᠷ | ᠥᠪᠡᠷ ᠤᠨ ᠡᠭᠦᠷᠭᠡ ᠪᠠᠨ ᠪᠣᠯᠭᠠᠵᠤ᠂ ᠴᠥᠮ ᠳᠤᠮᠳᠠᠳᠤ ᠶᠢᠨ ᠰᠣᠶᠣᠯ ᠤᠨ ᠤᠳᠤᠮᠰᠢᠯᠲᠤ ᠣᠪᠣᠷ ᠢᠶᠠᠷ ᠣᠷᠣᠰᠢᠵᠤ | ᠪᠠᠶᠢᠳᠠᠭ᠂ ᠡᠨᠡ ᠨᠢ ᠳᠤᠮᠳᠠᠳᠤ ᠶᠢᠨ ᠪᠣᠯᠪᠠᠰᠤᠨ ᠤ ᠲᠦᠷᠦ ᠶᠢᠨ ᠡᠷᠬᠡ ᠶᠢᠨ ᠰᠣᠯᠢᠭᠳᠠᠯ ᠢ ᠲᠠᠭᠠᠯᠳᠤᠨ ᠲᠠᠰᠤᠯᠳᠠᠬᠤ | ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃ | ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠰᠢᠨ᠎ᠡ ᠶᠢ ᠡᠭᠦᠳᠬᠦ ᠴᠢᠨᠠᠷ ᠨᠢ ᠳᠤᠮᠳᠠᠳᠤ ᠶᠢᠨ ᠦᠨᠳᠦᠰᠦᠲᠡᠨ ᠤ | ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠤᠢ ᠪᠣᠯᠭᠠᠪᠠ᠃ | ᠳᠤᠮᠳᠠᠳᠤ ᠶᠢᠨ ᠰᠣᠶᠣᠯ ᠶᠠᠪᠤᠬᠤ ᠲᠤᠳᠤᠮ ᠰᠢᠨᠡᠳᠴᠦ ᠪᠠᠶᠢᠭ᠎ᠠ ᠨᠢ ᠦᠨᠳᠦᠰᠦᠲᠡᠨ ᠨᠦᠭᠦᠳ ᠤᠨ ᠰᠣᠶᠣᠯ | ᠰᠣᠯᠪᠢᠴᠠᠨ ᠬᠡᠷᠡᠯᠳᠦᠵᠤ᠂ ᠬᠠᠷᠢᠯᠴᠠᠨ ᠲᠤᠯᠢᠳᠠᠵᠤ ᠠᠭᠤᠰᠤᠯᠴᠠᠨ ᠨᠡᠪᠲᠡᠷᠡᠯᠴᠡᠵᠦ᠂ ᠪᠦᠬᠦᠨ ᠢ ᠪᠠᠭᠲᠠᠭᠠᠵᠤ | ᠪᠠᠶᠢᠳᠠᠭ ᠢ ᠬᠠᠳᠠᠭᠠᠯᠠᠭᠰᠠᠨ ᠠᠴᠠ ᠪᠣᠯᠤᠭᠰᠠᠨ ᠶᠤᠮ᠃ ᠳᠤᠮᠳᠠᠳᠤ ᠶᠢᠨ ᠰᠣᠶᠣᠯ ᠪᠠᠶᠠᠯᠢᠭ ᠰᠠᠶᠢᠬᠠᠨ ᠪᠠᠶᠢᠵᠤ᠂ | ᠲᠤᠰ ᠪᠡᠶ᠎ᠡ ᠳᠡᠭᠡᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠠᠮᠢᠵᠢᠷᠠᠯ ᠤᠨ ᠬᠦᠴᠦᠨ ᠣᠯᠭᠤᠪᠠ᠃ | ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠪᠠᠶᠢᠭ᠎ᠠ ᠨᠢᠭᠡᠳᠦᠮᠡᠯ ᠴᠢᠨᠠᠷ ᠨᠢ ᠳᠤᠮᠳᠠᠳᠤ ᠶᠢᠨ ᠦᠨᠳᠦᠰᠦᠲᠡᠨ ᠤ | ᠢᠮᠠᠭᠲᠠ ᠶᠡᠭᠡ ᠨᠢᠭᠡᠳᠦᠯ ᠤᠨ ᠲᠡᠦᠬᠡᠨ ᠤᠯᠠᠮᠵᠢᠯᠠᠯ ᠢ ᠪᠠᠷᠢᠮᠲᠠᠯᠠᠬᠤ ᠶᠢ ᠲᠣᠭᠲᠠᠭᠠᠭᠰᠠᠨ ᠶᠤᠮ᠃ ᠳᠤᠮᠳᠠᠳᠤ ᠶᠢᠨ | ᠦᠨᠳᠦᠰᠦᠲᠡᠨ ᠡᠷᠲᠡᠨ ᠠᠴᠠ ᠪᠠᠨ ᠠᠪᠤᠭᠠᠳ ︽ᠵᠢᠷᠭᠤᠭᠠᠨ ᠬᠠᠮᠲᠤᠳᠬᠠᠭᠰᠠᠨ ᠰᠤᠷᠲᠠᠯ᠂ ᠶᠢᠰᠦᠨ ᠲᠢᠪ | ᠬᠠᠮᠲᠤ ᠪᠠᠷ ᠣᠷᠣᠰᠢᠬᠤ︾᠂ ︽ᠳᠡᠯᠡᠬᠡᠢ ᠳ᠋ᠠᠬᠢᠨ ᠢᠶᠠᠷ ᠢᠶᠠᠨ ᠡᠪ ᠨᠢᠭᠡᠳᠦᠯ ᠲᠠᠢ ᠪᠠᠶᠢᠬᠤ︾ ᠣᠶᠢᠯᠠᠭᠠᠭᠳᠠᠬᠤᠨ ᠢ | ᠪᠠᠷᠢᠮᠲᠠᠯᠠᠵᠤ᠂ ᠶᠡᠭᠡ ᠨᠢᠭᠡᠳᠦᠯ ᠢ ︽ᠲᠩᠷᠢ ᠭᠠᠵᠠᠷ ᠤᠨ ᠦᠷᠭᠦᠯᠵᠢ ᠶᠢᠨ ᠶᠣᠰᠣ᠂ ᠡᠷᠲᠡᠨ ᠡᠳᠦᠭᠡ ᠶᠢᠨ ᠶᠡᠷᠦᠩᠬᠡᠢ | ᠵᠢᠷᠤᠮ︾ ᠬᠡᠮᠡᠨ ᠦᠵᠡᠵᠦ᠂ ᠡᠭᠦᠨ ᠢᠶᠠᠷ ᠤᠯᠤᠰ ᠤᠨ ᠨᠤᠲᠤᠭ ᠳᠡᠪᠢᠰᠬᠡᠷ ᠰᠠᠯᠵᠤ ᠪᠣᠯᠤᠰᠢ ᠦᠭᠡᠢ᠂ ᠤᠯᠤᠰ | ᠬᠦᠷᠦᠨ ᠰᠠᠮᠠᠭᠤᠷᠠᠵᠤ ᠪᠣᠯᠤᠰᠢ ᠦᠭᠡᠢ᠂ ᠦᠨᠳᠦᠰᠦᠲᠡᠨ ᠰᠠᠷᠨᠢᠵᠤ ᠪᠣᠯᠤᠰᠢ ᠦᠭᠡᠢ᠂ ᠪᠣᠯᠪᠠᠰᠤᠨ ᠲᠠᠰᠤᠷᠠᠰᠢ | ᠦᠭᠡᠢ ᠪᠠᠶᠢᠬᠤ ᠬᠠᠮᠲᠤ ᠶᠢᠨ ᠢᠲᠡᠭᠡᠯ ᠪᠢᠰᠢᠷᠡᠯ ᠢ ᠪᠦᠷᠢᠯᠳᠦᠭᠦᠯᠵᠡᠢ᠃ | ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠪᠠᠭᠲᠠᠭᠠᠮᠵᠢᠲᠤ ᠴᠢᠨᠠᠷ ᠨᠢ ᠳᠤᠮᠳᠠᠳᠤ ᠶᠢᠨ ᠦᠨᠳᠦᠰᠦᠲᠡᠨ ᠤ | ᠠᠨᠠᠪᠠᠳ ᠲᠠᠯᠠᠢ ᠵᠠᠭᠤᠨ ᠮᠥᠷᠡᠨ ᠢ ᠪᠠᠭᠲᠠᠭᠠᠬᠤ ᠨᠡᠭᠡᠭᠡᠯᠲᠡᠲᠦ ᠪᠠᠶᠢᠷᠢᠰᠢᠯ ᠢ ᠪᠤᠢ ᠪᠣᠯᠭᠠᠪᠠ᠃ ᠳᠤᠮᠳᠠᠳᠤ ᠶᠢᠨ | ᠰᠣᠶᠣᠯ ᠤᠨ ᠬᠠᠮᠲᠤ ᠶᠢᠨ ᠲᠠᠨᠢᠯᠲᠠ ᠨᠢ ᠭᠠᠵᠠᠷ ᠣᠷᠣᠨ ᠨᠤᠲᠤᠭ᠂ ᠴᠢᠰᠤᠨ ᠤᠳᠤᠮ ᠤᠨ ᠤᠳᠤᠮ ᠤᠭᠰᠠᠭ᠎ᠠ᠂ | ᠱᠠᠰᠢᠨ ᠰᠢᠲᠦᠯᠭᠡ ᠵᠡᠷᠭᠡ ᠶᠢ ᠳᠠᠪᠠᠵᠤ᠂ ᠳᠣᠲᠣᠭᠠᠳᠤ ᠶᠢᠨ ᠵᠥᠷᠢ᠊ ᠡᠶ᠎ᠡ ᠪᠠᠷ ᠲᠦᠢᠯ ᠤᠨ ᠶᠡᠭᠡ ᠥᠷᠭᠡᠨ ᠠᠭᠤᠳᠠᠮ | ᠲᠦᠵᠢᠶᠠ ᠦᠨᠳᠦᠰᠦᠲᠡᠨ ᠤ ᠬᠢ ᠶᠢ ᠤᠯᠠᠨ ᠡᠰᠢᠲᠦ ᠨᠢᠭᠡ ᠴᠤᠭᠴᠠᠵᠢᠭᠤᠯᠤᠭᠰᠠᠨ ᠳᠤᠮᠳᠠᠳᠤ ᠶᠢᠨ ᠦᠨᠳᠦᠰᠦᠲᠡᠨ | ᠪᠣᠯᠭᠠᠨ ᠨᠡᠶᠢᠯᠡᠭᠦᠯᠪᠡ᠃ ᠬᠡᠳᠦᠢ ᠪᠠᠭᠲᠠᠭᠠᠮᠵᠢᠲᠠᠢ ᠪᠣᠯ ᠲᠡᠳᠦᠢ ᠵᠥᠪᠰᠢᠶᠡᠷᠡᠨ ᠬᠠᠮᠠᠭᠠᠯᠠᠭᠳᠠᠵᠤ᠂ ᠲᠡᠳᠦᠢ | ᠦᠷᠭᠦᠯᠵᠢᠯᠡᠬᠦ ᠪᠣᠯᠤᠨ᠎ᠠ᠃ ᠳᠤᠮᠳᠠᠳᠤ ᠶᠢᠨ ᠪᠣᠯᠪᠠᠰᠤᠨ ᠤ ᠪᠠᠭᠲᠠᠭᠠᠮᠵᠢᠲᠤ ᠴᠢᠨᠠᠷ ᠨᠢ ᠳᠤᠮᠳᠠᠳᠤ ᠶᠢᠨ | ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠬᠠᠨᠳᠤᠰᠢ ᠶᠢ ᠦᠨᠳᠦᠰᠦᠨ ᠠᠴᠠ ᠨᠢ | ᠲᠣᠭᠲᠠᠭᠠᠭᠰᠠᠨ ᠶᠤᠮ᠃ ᠡᠨᠡᠬᠦ ᠲᠡᠦᠬᠡ ᠶᠢᠨ ᠬᠠᠨᠳᠤᠰᠢ ᠳᠤ ︽ᠨᠡᠶᠢᠯᠡᠭᠦᠯᠬᠦ︾ ᠪᠣᠯ ᠭᠤᠣᠯ ᠤᠷᠤᠰᠬᠠᠯ ᠪᠣᠯᠤᠨ᠎ᠠ᠂ | ︽ᠰᠣᠯᠢᠯᠴᠠᠬᠤ︾ ᠪᠣᠯ ᠶᠠᠪᠤᠴᠠ ᠪᠣᠯᠤᠨ᠎ᠠ᠂ ︽ᠨᠡᠶᠢᠯᠡᠭᠦᠯᠬᠦ︾ ᠪᠣᠯ ᠵᠠᠩᠭᠢᠯᠠᠭ᠎ᠠ ᠪᠣᠯᠤᠨ᠎ᠠ᠃ | ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠡᠩᠬᠡ ᠲᠠᠶᠢᠪᠤᠩ ᠴᠢᠨᠠᠷ ᠨᠢ ᠳᠤᠮᠳᠠᠳᠤ ᠶᠢᠨ ᠦᠨᠳᠦᠰᠦᠲᠡᠨ ᠤ | ᠡᠩᠬᠡ ᠲᠠᠶᠢᠪᠤᠩ᠂ ᠡᠶ᠎ᠡ ᠵᠣᠬᠢᠴᠠᠯ᠂ ᠡᠶ᠎ᠡ ᠵᠣᠬᠢᠴᠠᠯ ᠤᠨ ᠲᠤᠬᠠᠢ ᠬᠥᠭᠡᠭᠡᠴᠡᠯᠳᠦᠯ ᠢ ᠦᠨᠳᠦᠰᠦᠨ ᠠᠴᠠ ᠨᠢ | ᠲᠣᠭᠲᠠᠭᠠᠭᠰᠠᠨ ᠶᠤᠮ᠃ ᠡᠩᠬᠡ ᠲᠠᠶᠢᠪᠤᠩ ᠴᠢᠨᠠᠷ ᠠᠴᠠ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠦᠷᠢᠯᠳᠦᠭᠰᠡᠨ ᠦᠨᠳᠦᠰᠦᠨ ᠬᠥᠳᠡᠯᠭᠡᠭᠴᠢ ᠬᠦᠴᠦᠨ ᠪᠣᠯ ᠳᠦᠷᠪᠡᠨ ᠲᠠᠯ᠎ᠠ ᠪᠠᠷ ᠢᠶᠠᠨ ᠲᠥᠪ ᠲᠤ | ᠠᠭᠤᠰᠤᠨ ᠣᠷᠣᠵᠤ ᠳᠣᠲᠣᠭᠰᠢ ᠨᠡᠶᠢᠯᠡᠬᠦ ᠶᠠᠪᠤᠳᠠᠯ ᠪᠣᠯᠬᠤ ᠠᠴᠠ ᠪᠢᠰᠢ᠂ ᠬᠠᠷᠢᠨ ᠳᠦᠷᠪᠡᠨ ᠲᠠᠯ᠎ᠠ ᠪᠠᠷ ᠢᠶᠠᠨ | ᠭᠠᠳᠠᠭᠰᠢ ᠲᠦᠷᠢᠬᠦ ᠶᠠᠪᠤᠳᠠᠯ ᠪᠢᠰᠢ ᠶᠤᠮ᠃ | ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠣᠨᠴᠠᠯᠢᠭ ᠰᠢᠨᠵᠢ ᠳᠤ ᠰᠠᠭᠤᠷᠢᠯᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠥᠨ ᠴᠢᠨᠠᠷ ᠤᠨ ᠣᠨᠴᠠᠯᠢᠭ ᠢ ᠢᠯᠡᠷᠡᠭᠦᠯᠵᠦ ᠴᠢᠳᠠᠬᠤ ᠮᠥᠷᠲᠡᠭᠡᠨ | ᠪᠠᠰᠠ ᠳᠤᠮᠳᠠᠳᠤ ᠤᠯᠤᠰ ᠤᠨ ᠣᠨᠴᠠᠯᠢᠭ ᠪᠥᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠳᠤ | ᠭᠦᠨ ᠵᠤᠵᠠᠭᠠᠨ ᠪᠣᠯᠪᠠᠰᠤᠨ ᠤ ᠰᠠᠭᠤᠷᠢ ᠶᠢ ᠣᠯᠭᠤᠵᠤ ᠴᠢᠳᠠᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ | ᠡᠨᠡ ᠬᠦ ᠴᠢᠬᠤᠯᠠ ᠶᠡᠭᠡ ᠰᠡᠳᠦᠪ ᠤᠨ ᠲᠤᠰ ᠪᠡᠶ᠎ᠡ ᠨᠢ ᠳᠠᠷᠤᠢ ᠪᠢᠳᠡ ᠮᠠᠷᠺᠰ ᠤᠨ ᠦᠵᠡᠯ ᠭᠡᠬᠦ ᠡᠨᠡ ᠬᠦ ᠠᠮᠢᠨ | ᠰᠤᠳᠠᠰᠤ ᠶᠢ ᠶᠠᠭᠠᠬᠢᠭᠰᠠᠨ ᠴᠤ ᠲᠠᠶᠠᠭᠳᠠᠵᠤ ᠪᠣᠯᠬᠤ ᠦᠭᠡᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ | ᠡᠨᠡ ᠬᠦ ᠠᠮᠢᠨ ᠰᠤᠳᠠᠰᠤ ᠶᠢ ᠶᠠᠭᠠᠬᠢᠭᠰᠠᠨ ᠴᠤ ᠬᠠᠶᠠᠵᠤ ᠪᠣᠯᠬᠤ ᠦᠭᠡᠢ᠃ ᠡᠨᠡ ᠬᠦ ᠰᠦᠭ ᠰᠦᠨᠡᠰᠦ ᠪᠠ | ᠦᠨᠳᠦᠰᠦ ᠶᠢ ᠰᠠᠶᠢᠲᠤᠷ ᠰᠠᠬᠢᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠰᠠᠭᠤᠷᠢ ᠪᠠ ᠤᠷᠢᠲᠠᠯ | ᠮᠥᠨ᠃ ᠶᠡᠷᠦᠩᠬᠡᠢ ᠱᠦᠵᠢ ᠰᠢ ᠶᠢᠨ ᠫᠢᠩ ︽ᠬᠤᠶᠠᠷ ᠢ ᠤᠶᠠᠯᠳᠤᠭᠤᠯᠬᠤ︾ ᠢᠯᠠᠩᠭᠤᠶ᠎ᠠ ︽ᠬᠤᠶᠠᠳᠠᠬᠢ ᠶᠢ | ᠤᠶᠠᠯᠳᠤᠭᠤᠯᠬᠤ︾ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠤᠨ ᠦᠨᠳᠦᠰᠦᠨ ᠤᠭ | ᠶᠣᠰᠣ ᠶᠢ ᠵᠢᠷᠤᠮᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠵᠡᠯ ᠰᠠᠨᠠᠭ᠎ᠠ ᠤᠶᠤᠨ | ᠤᠬᠠᠭᠠᠨ ᠢ ᠰᠢᠩᠭᠡᠭᠡᠨ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠡᠨᠡᠬᠦ ᠴᠢᠬᠤᠯᠠ ᠶᠡᠭᠡ ᠤᠤᠭᠠᠯ ᠴᠢᠨᠠᠷᠲᠠᠢ ᠨᠤᠲᠠᠯᠠᠯᠲᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ | ᠪᠦᠷᠢᠯᠳᠦᠭᠦᠯᠵᠦ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠪᠡ᠃ | ᠪᠢᠳᠡ ᠡᠷᠬᠡᠪᠰᠢ ︽ᠬᠤᠶᠠᠷ ᠢ ᠤᠶᠠᠯᠳᠤᠭᠤᠯᠬᠤ︾ ᠦᠨᠳᠦᠷᠴᠡ ᠠᠴᠠ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ ᠪᠠ | ᠬᠥᠭᠵᠢᠯᠲᠡ ᠶᠢᠨ ᠠᠮᠢᠨ ᠰᠤᠳᠠᠰᠤ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠲᠡᠦᠬᠡ ᠶᠢᠨ ᠵᠠᠶᠢᠯᠠᠰᠢ ᠦᠭᠡᠢ ᠴᠢᠨᠠᠷ ᠪᠠ ᠯᠤᠲᠤ | ᠶᠡᠭᠡ ᠳᠠᠪᠠᠭᠤᠯᠢᠭ ᠢ ᠭᠦᠨᠵᠡᠭᠡᠢ ᠲᠠᠨᠢᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ | ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠤᠨ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ |