ᠤᠯᠠᠭᠠᠨᠬᠠᠳᠠ ᠬᠤᠲᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠠᠮᠤᠷ ᠲᠦᠪᠰᠢᠨ︾ ᠢ ᠪᠠᠲᠤᠯᠠᠵᠤ᠂ ᠮᠣᠭᠠᠶ ᠵᠢᠯ ᠤᠨ ︽ᠬᠤᠸᠠᠷ ᠫᠤᠤᠵᠢᠩ︾ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/2/13
    ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ᠤᠯᠠᠭᠠᠨᠬᠠᠳᠠ ᠬᠤᠲᠠ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠤᠸᠠᠷ ᠫᠤᠤᠵᠢᠩ ᠤᠨ ︽ᠠᠶᠤᠯᠭᠦᠶ ᠨᠡᠭᠡᠯᠡᠬᠡᠶ︾ ᠶᠢ ᠪᠥᠬᠦ ᠲᠠᠯ᠎ᠠ ᠪᠠᠷ ᠴᠢᠩᠭᠠᠯᠠᠵᠤ᠂ ᠪᠥᠬᠦ ᠬᠤᠲᠠ ᠶᠢᠨ ᠠᠷᠠᠳ ᠲᠦᠮᠡᠨ ᠤ ᠠᠮᠤᠷ ᠠᠮᠤᠭᠤᠯᠠᠩ᠂ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠪᠠ᠃    ᠤᠷᠢᠳᠴᠢᠯᠠᠨ ᠠᠷᠭ᠎ᠠ ᠪᠣᠳᠣᠯᠭ᠎ᠠ ᠰᠦᠪᠡᠭᠴᠢᠯᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠴᠠᠭᠠᠨ ᠰᠠᠷ᠎ᠠ ᠠᠴᠠ ᠡᠮᠦᠨᠡᠬᠡᠨ᠂ ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ︽ᠬᠤᠸᠠᠷ ᠫᠤᠤᠵᠢᠩ ᠤᠨ ᠡᠵᠡᠩᠨᠡᠯᠲᠡ ᠶᠢᠨ ᠬᠥᠭᠵᠢᠯᠲᠡᠶ ᠤᠯᠠᠷᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠠ ︽ᠬᠡᠲᠦ ᠳᠡᠯᠭᠡᠭᠦᠷ ᠵᠡᠷᠭᠡ ᠬᠤᠸᠠᠷ ᠫᠤᠤᠵᠢᠩ ᠢ ᠬᠠᠤᠯᠢ ᠪᠤᠰᠤ ᠪᠠᠷ ᠡᠵᠡᠩᠨᠡᠬᠦ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠸᠠᠷ ᠫᠤᠤᠵᠢᠩ ᠤᠨ ᠡᠵᠡᠩᠨᠡᠯᠲᠡ ᠶᠢᠨ ᠬᠥᠭᠵᠢᠯᠲᠡᠶ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠬᠡᠲᠦ ᠳᠡᠯᠭᠡᠭᠦᠷ ᠵᠡᠷᠭᠡ ᠬᠤᠸᠠᠷ ᠫᠤᠤᠵᠢᠩ ᠢ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠱᠠᠭᠠᠷᠳᠠᠯᠭ᠎ᠠ ᠪᠠ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠬᠤᠸᠠᠷ ᠫᠤᠤᠵᠢᠩ ᠤᠨ ᠠᠮᠤᠷ ᠲᠦᠪᠰᠢᠨ  ᠭᠦᠢᠯᠭᠡᠭᠡ ᠳᠤ ᠬᠦᠴᠦᠲᠡᠶ ᠪᠠᠲᠤᠯᠠᠭ᠎ᠠ ᠬᠠᠩᠭᠠᠪᠠ᠃    ᠴᠢᠩᠭ᠎ᠠ ᠴᠡᠭᠴᠡᠯᠡᠨ ᠵᠠᠰᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠤᠷ ᠰᠦᠯᠵᠢᠶ᠎ᠡ ᠶᠢ ᠨᠢᠭᠲᠠ ᠰᠦᠯᠵᠢᠪᠡ᠃ ᠨᠢᠭᠡ ᠳᠤ᠂ ᠪᠦᠬᠦ ᠲᠠᠯ᠎ᠠ ᠶᠢ ᠬᠠᠮᠤᠷᠴᠤ᠂ ᠪᠥᠭᠡᠮ ᠢᠶᠠᠷ ᠬᠤᠳᠠᠯᠳᠤᠬᠤ ᠡᠬᠢ ᠡᠭᠦᠰᠦᠯ ᠢ ᠡᠵᠡᠮᠳᠡᠨ᠎ᠡ᠃ ᠪᠥᠬᠦ ᠬᠤᠲᠠ ᠶᠢᠨ 48 ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠬᠤᠸᠠᠷ ᠫᠤᠤᠵᠢᠩ ᠤᠨ ᠪᠣᠷᠣᠯᠠᠭᠤᠯᠭ᠎ᠠ ᠰᠠᠶᠢᠲᠠᠶ ᠤᠯᠠᠷᠢᠯ ᠤᠨ ᠲᠤᠬᠠᠶ ᠡᠯ᠎ᠡ  ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢᠪᠠᠳᠠᠨ᠎ᠠ᠃ ᠠᠵᠤ ᠠᠬᠤᠶᠢᠯᠠᠯ ᠢ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠪᠠᠶᠢᠴᠠᠭᠠᠬᠤ ᠠᠵᠢᠯ ᠢ ᠪᠠᠶᠢᠩᠭᠤᠵᠢᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠬᠤᠸᠠᠷ ᠫᠤᠤᠵᠢᠩ ᠤᠨ  ᠭᠦᠢᠯᠭᠡᠭᠡᠨ ᠤ ︽ᠨᠢᠭᠡᠳᠦᠭᠡᠷ ᠥᠷᠲᠡᠭᠡ︾ ᠶᠢ ᠰᠠᠶᠢᠲᠤᠷ ᠰᠠᠬᠢᠨ ᠬᠠᠮᠠᠭᠠᠯᠠᠨ᠎ᠠ᠃    ᠬᠤᠶᠠᠷ ᠲᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠬᠠᠤᠯᠢ ᠪᠤᠰᠤ ᠡᠵᠡᠩᠨᠡᠯᠲᠡ ᠳᠤ ᠴᠣᠬᠢᠯᠲᠠ ᠥᠭᠭᠦᠨ᠎ᠡ᠃ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠲᠤᠰᠬᠠᠶ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠵᠢᠵᠢᠭ ᠬᠡᠲᠦ ᠳᠡᠯᠭᠡᠭᠦᠷ ᠤᠨ ᠬᠠᠤᠯᠢ ᠪᠤᠰᠤ ᠪᠠᠷ ᠬᠤᠸᠠᠷ ᠫᠤᠤᠵᠢᠩ ᠡᠵᠡᠩᠨᠡᠬᠦ ᠵᠢᠴᠢ ᠵᠡᠭᠡᠯᠢ ᠭᠤᠳᠤᠮᠵᠢ ᠪᠠᠷ ᠬᠤᠸᠠᠷ ᠫᠤᠤᠵᠢᠩ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠱᠠᠯᠠᠪᠳᠠᠨ ᠪᠠᠶᠢᠴᠠᠭᠠᠬᠤ ᠪᠠᠷ ᠳᠠᠮᠵᠢᠭᠤᠯᠤᠨ᠂ ᠬᠤᠸᠠᠷ ᠫᠤᠤᠵᠢᠩ ᠢ ᠬᠠᠤᠯᠢ ᠪᠤᠰᠤ ᠪᠠᠷ ᠡᠵᠡᠩᠨᠡᠭᠰᠡᠨ ᠬᠡᠲᠦ ᠳᠡᠯᠭᠡᠭᠦᠷ ᠪᠣᠯᠤᠨ ᠲᠡᠮᠦᠷᠯᠢᠭ ᠤᠨ ᠳᠡᠯᠭᠡᠭᠦᠷ ᠲᠤ ᠬᠠᠤᠯᠢ ᠪᠤᠰᠤ ᠪᠠᠷ ᠪᠣᠷᠣᠯᠠᠭᠤᠯᠤᠭᠰᠠᠨ ᠬᠤᠸᠠᠷ ᠫᠤᠤᠵᠢᠩ ᠤᠨ ᠦᠢᠯᠡᠳᠬᠦᠨ ᠢ ᠬᠠᠤᠯᠢ ᠶᠣᠰᠣᠭᠠᠷ ᠳᠠᠷᠤᠵᠤ ᠠᠪᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠢ ᠬᠡᠷᠡᠭ ᠪᠣᠯᠭᠠᠨ ᠳᠡᠩᠰᠡᠯᠡᠵᠦ  ᠰᠢᠢᠳᠪᠦᠷᠢᠯᠡᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠦᠴᠦᠲᠡᠶ ᠬᠠᠮᠠᠭᠠᠯᠠᠪᠠ᠃    ᠭᠤᠷᠪᠠ ᠳᠤ ᠰᠥᠨᠢ ᠪᠠᠷ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠤᠸᠠᠷ ᠫᠤᠤᠵᠢᠩ ᠪᠣᠷᠣᠯᠠᠭᠤᠯᠬᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ ᠭᠤᠣᠯ ᠬᠤᠳᠠ ᠲᠣᠭᠤᠷᠢᠭ  ᠤᠨ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ ᠲᠤ ᠴᠢᠭᠯᠡᠭᠦᠯᠦᠨ ᠰᠥᠨᠢ ᠪᠠᠷ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠦᠢᠯᠡᠳᠬᠦᠨ ᠢᠶᠠᠨ ᠬᠠᠳᠠᠭᠠᠯᠠᠵᠤ ᠪᠠᠶᠢᠭ᠎ᠠ ᠨᠢ ᠵᠢᠷᠤᠮᠵᠢᠯ ᠲᠠᠢ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠪᠠᠨ ᠪᠦᠷᠢᠨ ᠭᠦᠢᠴᠡᠳ ᠲᠤᠬᠢᠷᠠᠭᠤᠯᠤᠭᠰᠠᠨ ᠡᠰᠡᠬᠦ ᠵᠢᠴᠢ ᠲᠣᠭᠲᠠᠭᠠᠯ ᠠᠴᠠ ᠵᠥᠷᠢᠴᠡᠭᠰᠡᠨ ᠦᠢᠯᠡᠳᠬᠦᠨ ᠢᠶᠠᠨ ᠪᠣᠷᠣᠯᠠᠭᠤᠯᠤᠭᠰᠠᠨ ᠡᠰᠡᠬᠦ ᠵᠡᠷᠭᠡ ᠪᠠᠶᠢᠳᠠᠯ  ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ ᠡᠭᠦᠨ ᠤ ᠳᠤ ᠬᠠᠮᠲᠤ᠂ ᠳᠡᠯᠭᠡᠭᠦᠷ ᠤᠨ ᠡᠵᠡᠨ ᠵᠢᠴᠢ ᠡᠷᠭᠢᠨ ᠲᠣᠭᠤᠷᠢᠨ ᠤ ᠰᠠᠭᠤᠭᠠᠯᠢ ᠠᠷᠠᠳ ᠲᠤ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠵᠤ᠂ ᠬᠤᠸᠠᠷ ᠫᠤᠤᠵᠢᠩ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ᠳᠥᠷᠪᠡ ᠳᠤ᠂ ᠬᠠᠮᠵᠢᠯᠴᠠᠨ ᠪᠠᠶᠢᠯᠳᠤᠵᠤ᠂ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠬᠠᠮᠲᠤᠷᠠᠭᠰᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠬᠦᠴᠦᠷᠬᠡᠭ ᠶᠡᠭᠡ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠸᠠᠷ ᠫᠤᠤᠵᠢᠩ ᠢ ᠬᠠᠤᠯᠢ ᠪᠤᠰᠤ ᠪᠠᠷ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃    ᠬᠤᠸᠠᠷ ᠫᠤᠤᠵᠢᠩ ᠡᠵᠡᠩᠨᠡᠬᠦ ᠬᠥᠭᠵᠢᠯᠲᠡᠶ ᠤᠯᠠᠷᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠦᠭᠰᠡᠨ ᠠᠴᠠ ᠨᠠᠰᠢ᠂ ᠪᠥᠬᠦ ᠬᠤᠲᠠ ᠳᠤ ᠬᠤᠸᠠᠷ ᠫᠤᠤᠵᠢᠩ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ 2070 ᠤᠳᠠᠭ᠎ᠠ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ 438 ᠵᠤᠷᠪᠤᠰ ︵ᠭᠠᠵᠠᠷ︶ ᠢ ᠢᠯᠡᠷᠡᠭᠦᠯᠵᠦ᠂ 152 ᠬᠤᠪᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠵᠠᠷᠯᠢᠭ ᠪᠠᠭᠤᠯᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠂ ᠬᠠᠤᠯᠢ ᠪᠤᠰᠤ ᠪᠠᠷ ᠬᠤᠸᠠᠷ ᠫᠤᠤᠵᠢᠩ ᠡᠵᠡᠩᠨᠡᠭᠰᠡᠨ 7 ᠬᠡᠷᠡᠭ ᠢ ᠪᠠᠶᠢᠴᠠᠭᠠᠨ ᠰᠢᠢᠳᠪᠦᠷᠢᠯᠡᠵᠦ᠂ 139 ᠬᠤᠪᠢ ᠬᠠᠤᠯᠢ ᠪᠤᠰᠤ ᠦᠢᠯᠡᠳᠬᠦᠨ ᠢ ᠳᠠᠷᠤᠵᠤ ᠠᠪᠴᠤ᠂ 40 ᠤᠳᠠᠭ᠎ᠠ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ᠂ 19 . 31 ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠥᠭᠪᠡ᠃    ᠣᠯᠠᠨ ᠲᠠᠯ᠎ᠠ ᠠᠴᠠ ᠤᠬᠠᠭᠤᠯᠵᠤ᠂ ᠠᠮᠤᠷ ᠲᠦᠪᠰᠢᠨ ᠠᠭᠤᠷ ᠠᠮᠢᠰᠬᠤᠯ ᠢ ᠪᠣᠶ ᠪᠣᠯᠭᠠᠨ᠎ᠠ᠃ ᠣᠯᠠᠨ ᠲᠦᠮᠡᠨ ᠤ ᠠᠮᠤᠷ ᠲᠦᠪᠰᠢᠨ ᠪᠣᠯᠪᠠᠰᠤᠨ ᠢᠶᠠᠷ ᠬᠤᠸᠠᠷ ᠫᠤᠤᠵᠢᠩ ᠲᠠᠯᠪᠢᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠬᠠᠭᠤᠯᠭ᠎ᠠ ᠶᠢᠨ ᠬᠠᠭᠤᠳᠠᠰᠤ ᠳᠠᠷᠤᠮᠠᠯᠯᠠᠨ ᠲᠠᠷᠬᠠᠭᠠᠵᠤ᠂ ᠺᠠᠷᠲ᠋ᠣᠨ ᠣᠬᠤᠷ ᠸᠢᠳᠢᠣ᠋  ᠦᠢᠯᠡᠳᠴᠦ᠂ ᠠᠮᠢᠳᠤᠯᠢᠭ ᠰᠣᠨᠢᠷᠬᠠᠯᠲᠠᠶ ᠬᠡᠯᠪᠡᠷᠢ ᠪᠠᠷ ᠣᠯᠠᠨ ᠲᠦᠮᠡᠨ ᠤ ᠠᠩᠬᠠᠷᠤᠯ ᠢ ᠲᠠᠲᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠣᠯᠠᠨ ᠡᠰᠢᠲᠦ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠪᠴᠤ᠂ ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ ᠠᠶᠤᠯ ᠥᠬᠡᠶ ᠶᠢᠨ ᠮᠡᠳᠡᠯᠭᠡ ᠶᠢ ᠥᠷᠭᠡᠨ ᠢᠶᠠᠷ ᠳᠡᠯᠭᠡᠷᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠶᠤᠯ ᠥᠬᠡᠶ ᠶᠢᠨ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ ᠲᠣᠭᠲᠠᠭᠠᠯ ᠠᠴᠠ ᠵᠥᠷᠢᠴᠡᠭᠰᠡᠨ ᠦᠢᠯᠡᠳᠬᠦᠨ ᠢ ᠰᠠᠨᠠᠭᠠᠴᠢᠯᠠᠭ᠎ᠠ ᠠᠴᠠ ᠪᠠᠨ ᠬᠤᠷᠢᠭᠯᠠᠪᠠ᠃ ᠡᠭᠦᠨ ᠤ ᠬᠠᠮᠲᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠪᠠ ᠱᠠᠩᠨᠠᠬᠤ ᠠᠷᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠢ ᠬᠤᠸᠠᠷ ᠫᠤᠤᠵᠢᠩ ᠢ ᠬᠠᠤᠯᠢ ᠪᠤᠰᠤ ᠪᠠᠷ ᠪᠣᠷᠣᠯᠠᠭᠤᠯᠬᠤ᠂ ᠬᠠᠳᠠᠭᠠᠯᠠᠬᠤ ᠵᠡᠷᠭᠡ ᠠᠰᠠᠭᠤᠳᠠᠯ ᠤᠨ ᠰᠦᠪᠡᠭᠴᠢ ᠶᠢ ᠢᠳᠡᠪᠬᠢᠲᠡᠶ ᠬᠠᠩᠭᠠᠵᠤ᠂ ᠣᠯᠠᠨ ᠲᠦᠮᠡᠨ ᠤ ᠨᠡᠶᠢᠭᠡᠮ ᠤᠨ ᠬᠢᠨᠠᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠮᠤᠷ ᠲᠦᠪᠰᠢᠨ ᠤ ᠤᠬᠠᠮᠰᠠᠷ ᠢ ᠪᠥᠬᠦ ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠬᠤ ᠶᠢ ᠤᠷᠢᠶᠠᠯᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号