ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ  ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2025/2/13
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                       ᠥᠪᠥᠷ ᠵᠠᠰᠠᠭ ᠠᠯᠪᠠᠨ ᠲᠠᠷᠬᠠᠭᠠᠭᠰᠠᠨ  ﹇2024 ﹈ 61 ᠳ᠋ᠦ᠋ᠭᠡᠷ ᠲᠣᠭᠠᠲᠤᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                         2024 ᠣᠨ ᠤ 12 ᠳ᠋ᠤᠭᠠᠷ ᠰᠠᠷ᠎ᠠ ᠶᠢᠨ 31 ᠤ ᠡᠳᠦᠷ    ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ    ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃    ᠨᠢᠭᠡ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ    2024 ᠣᠨ ︵ᠪᠠᠭᠲᠠᠨ᠎ᠠ︶ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠵᠤ᠂ ᠲᠡᠳᠡᠨ ᠤ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠦᠨᠡᠮᠰᠢᠭᠦᠯᠬᠦ ᠶᠢ ᠨᠢ ᠵᠣᠷᠢᠭᠵᠢᠭᠤᠯᠤᠨ᠎ᠠ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠤᠯᠤᠰ ᠤᠨ ᠲᠡᠰ ᠤᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠨᠢᠭᠡ ᠶᠢ ᠨᠢᠭᠡ ᠳᠤ ᠴᠢᠭᠯᠡᠭᠦᠯᠦᠨ ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠳᠠᠮᠵᠢᠭᠤᠯᠤᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ﹈    ᠬᠤᠶᠠᠷ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠭᠡ ᠪᠠᠷ ᠪᠤᠶᠢᠵᠢᠭᠤᠯᠤᠨ᠎ᠠ    ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠬᠦ ᠶᠢ ᠨᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ﹈    ᠭᠤᠷᠪᠠ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ ᠠᠬᠢᠭᠤᠯᠤᠨ᠎ᠠ    2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 300 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠵᠢᠯ ᠤᠨ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠤᠭᠰᠠᠨ ᠪᠣᠳᠠᠲᠠᠢ ᠬᠡᠮᠵᠢᠶ᠎ᠡ ᠨᠢ 2 ᠲᠦᠮᠡ ᠠᠴᠠ ᠳᠡᠭᠡᠭᠰᠢ ᠳᠤ ᠬᠦᠷᠦᠭᠰᠡᠨ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠨᠢ ᠪᠣᠷᠳᠣᠭᠰᠠᠨ ᠦᠬᠡᠷ ᠬᠤᠳᠠᠯᠳᠤᠨ ᠠᠪᠬᠤ ᠪᠠᠷ ᠭᠦᠢᠯᠭᠡᠭᠡᠨ ᠤ ᠪᠡᠯᠡ ᠮᠥᠩᠭᠦᠨ ᠤ ᠵᠢᠭᠡᠯᠡᠯᠭᠡ ᠵᠢᠭᠡᠯᠡᠬᠦ ᠳᠤ ᠭᠦᠷᠪᠡᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠪᠠᠷ ᠵᠢᠯ ᠪᠦᠷᠢ 600 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠠᠯᠠᠰᠢᠨ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ ᠤᠨ ᠪᠦᠲᠦᠭᠡᠭᠳᠡᠬᠦᠨ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠨᠢ ᠵᠣᠷᠢᠭᠵᠢᠭᠤᠯᠵᠤ᠂ ᠲᠡᠳᠡᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠨᠠᠷᠠᠲᠤ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ ᠠᠰᠢᠭᠯᠠᠨ᠂ ᠪᠥᠬᠦ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠢ ᠨᠢ ᠲᠡᠬᠡᠭᠰᠢᠯᠡᠬᠦᠯᠦᠨ᠎ᠡ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈    ᠳᠥᠷᠪᠡ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠬᠦ ᠶᠢ ᠠᠬᠢᠭᠤᠯᠤᠨ᠎ᠠ    ᠵᠢᠯ ᠪᠦᠷᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2 ᠢ ᠰᠢᠯᠢᠵᠦ ᠳᠡᠮᠵᠢᠯᠭᠡ ᠦᠵᠡᠭᠦᠯᠦᠨ᠎ᠡ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ﹈    ᠲᠠᠪᠤ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ    ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ᠂ ᠰᠦᠯᠵᠢᠶ᠎ᠡ ᠪᠠᠷ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭ ᠤᠳ ᠠᠴᠠ ᠲᠤᠰ ᠪᠦᠷᠢ ᠰᠢᠯᠭᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠳᠤ᠂ ᠪᠣᠷᠤᠯᠠᠭᠤᠯᠭ᠎ᠠ ᠶᠢᠨ ᠲᠤᠭ᠎ᠠ ᠨᠢ ᠳᠡᠭᠡᠷ᠎ᠡ ᠵᠢᠯ ᠤᠨ ᠬᠢ ᠠᠴᠠ ᠪᠠᠨ 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠦᠯᠦ ᠬᠡᠲᠦᠷᠡᠭᠦᠯᠦᠨ᠂ ᠠᠳᠠᠯᠢ ᠨᠢᠭᠡ ᠠᠵᠤ ᠠᠬᠤᠶᠢᠯᠠᠯ ᠢ ᠠᠳᠠᠯᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈    ᠵᠢᠷᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ    ᠰᠢᠨ᠎ᠡ ᠪᠠᠷ ᠳᠡᠪᠰᠢᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ 5A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ᠂ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ ᠬᠥᠮᠥᠷᠭᠡ ᠬᠥᠭᠵᠢᠭᠦᠯᠬᠦ ᠶᠢ ᠵᠣᠷᠢᠭᠵᠢᠭᠤᠯᠤᠨ᠎ᠠ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ﹈    ᠳᠣᠯᠤᠭ᠎ᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠦᠨ᠎ᠡ    ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠪᠤᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯ ᠢ ᠳᠡᠮᠵᠢᠵᠦ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ ᠨᠢᠭᠡᠳᠦᠯᠲᠡᠢ ᠢᠯᠭᠠᠬᠤ ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ︾ ᠨᠡᠷᠡᠮᠵᠢᠲᠦ ᠲᠡᠮᠳᠡᠭ — ᠲᠠᠯ᠎ᠠ ᠨᠤᠲᠤᠭ ᠤᠨ ᠣᠬᠢ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠴᠣᠭᠴᠠᠯᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ ᠭᠡᠷᠡᠴᠢᠯᠡᠭᠦᠯᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ 2024 ᠣᠨ ᠳᠤ ᠪᠣᠬᠢᠷᠲᠤᠯ ᠦᠭᠡᠢ ᠢᠳᠡᠭᠡᠨ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠭᠦᠯᠦᠭᠰᠡᠨ ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠭᠠᠷᠤᠯᠲᠠ ᠪᠠᠷ ᠦᠨᠳᠦᠰᠦᠯᠡᠯ ᠪᠣᠯᠭᠠᠨ ᠲᠣᠭᠲᠠᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ ᠤᠨ ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭ᠎ᠠ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠦᠢᠯᠡᠰ ᠲᠤ ᠣᠷᠣᠭᠤᠯᠬᠤ ᠶᠢ ᠠᠬᠢᠭᠤᠯᠵᠤ ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠤ ᠪᠣᠷᠤᠯᠠᠭᠤᠯᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈    ᠨᠠᠢᠮᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ    ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤ᠂ ᠰᠠᠩ ᠤᠨ ᠬᠠᠭᠤᠳᠠᠰᠤ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠨᠢᠭᠡᠳᠦᠯᠲᠡᠢ ᠳᠠᠩᠰᠠᠯᠠᠨ ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠠᠩᠰᠠᠯᠠᠨ ᠲᠡᠮᠳᠡᠭᠯᠡᠨ᠎ᠡ᠃ ᠬᠦᠦ ᠮᠥᠩᠭᠦᠨ ᠤ ᠨᠣᠷᠮ᠎ᠠ ᠳᠤ ᠨᠡᠮᠡᠭᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠪᠠ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠳᠤ ᠣᠷᠣᠭᠤᠯᠤᠯᠲᠠ ᠬᠢᠯᠭᠡᠨ᠎ᠡ᠃ ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠤᠷᠲᠤᠪᠲᠤᠷ ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡᠨ ᠤ ᠪᠡᠯᠡ ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠮᠥᠩᠭᠦᠨ ᠭᠦᠢᠯᠭᠡᠭᠡᠨ ᠤ ᠬᠡᠯᠬᠢᠶᠡᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ ᠦᠢᠯᠡᠰ ᠬᠤᠪᠢᠶᠠᠨ ᠬᠡᠯᠬᠢᠶᠡᠨ ᠳᠠᠷᠤᠭ᠎ᠠ ᠶᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠶᠢ ᠲᠣᠳᠣᠷᠬᠠᠶᠢᠯᠠᠵᠤ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠥᠪᠡᠷ ᠤᠨ ᠥᠷᠲᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠡᠯᠡᠳᠬᠡᠮᠵᠢ ᠶᠢᠨ ᠳᠠᠭᠠᠳᠬᠠᠯ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠳᠤ ᠰᠢᠨ᠎ᠡ ᠶᠢ ᠡᠭᠦᠳᠦᠨ ᠳᠡᠯᠭᠡᠷᠡᠭᠦᠯᠦᠨ᠎ᠡ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ﹈    ᠶᠢᠰᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ    ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠦᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ ᠰᠠᠭᠤᠯᠭᠠᠵᠤ ᠪᠣᠯᠣᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠬᠡᠷᠡᠭᠯᠡᠭᠡ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠤᠰᠤᠨ ᠤ ᠡᠬᠢ ᠰᠤᠷᠪᠤᠯᠵᠢ ᠪᠠᠷ ᠠᠵᠤ ᠦᠢᠯᠡᠰ ᠤᠨ ᠬᠡᠪᠴᠢᠶᠡᠵᠢᠯ ᠪᠠ ᠪᠦᠲᠦᠴᠡ ᠶᠢ ᠲᠥᠯᠥᠪᠵᠢᠭᠦᠯᠬᠦ ᠤᠷᠢᠲᠠᠯ ᠳᠣᠣᠷ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ᠃  ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠤᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ﹈    ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠵᠤ ᠨᠥᠬᠦᠪᠦᠷᠢᠯᠡᠬᠦ ︵ᠱᠠᠩᠨᠠᠵᠤ ᠬᠥᠬᠢᠭᠦᠯᠬᠦ︶ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ ᠬᠠᠷᠢᠭᠤᠴᠠᠯᠭᠠᠲᠤ ᠨᠢᠭᠡᠴᠢ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠂ ᠪᠡᠯᠡ ᠮᠥᠩᠭᠦ ᠱᠠᠩᠨᠠᠵᠤ ᠨᠥᠬᠦᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ ᠬᠡᠷᠡᠭᠵᠢᠭᠦᠯᠬᠦ ᠠᠭᠤᠯᠭ᠎ᠠ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠴᠠᠭ ᠲᠤ ᠨᠢ ᠲᠣᠬᠢᠷᠠᠭᠤᠯᠤᠨ ᠦᠨᠡᠯᠡᠨ ᠵᠢᠱᠢᠵᠦ᠂ ᠦᠷ᠎ᠡ ᠪᠦᠲᠦᠮᠵᠢ ᠶᠢ ᠨᠢ ᠮᠦᠷᠳᠡᠨ ᠠᠰᠠᠭᠤᠬᠤ ᠬᠡᠷᠡᠭᠲᠡᠢ᠃    ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2024 ﹈ 10 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                            2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号