ᠦᠰᠦᠭ ᠪᠢᠴᠢᠭ ᠢᠶᠠᠷ ᠦᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/13
    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ︽ᠡᠮᠴᠢᠯᠡᠭᠡᠨ ᠤ ᠳᠠᠭᠠᠳᠬᠠᠯ ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠣᠷᠣᠯᠠᠨ ᠥᠭᠬᠦ ᠳᠠᠷᠤᠯᠲᠠ ᠶᠢ ᠤᠯᠠᠮ ᠨᠢᠭᠡ ᠠᠯᠬᠤᠮ ᠨᠠᠮᠳᠠᠭᠤᠯᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠤᠨ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠦᠢᠯᠡᠴᠢᠯᠡᠬᠦ ᠶᠢ ᠵᠣᠷᠢᠭᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠃       ᠨᠢᠭᠡ᠂ ︽ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ       ᠣᠳᠣᠬᠠᠨ ᠳᠤ᠂ ᠮᠠᠨ ᠤ ᠣᠷᠣᠨ ᠤ ᠤᠷᠢᠳᠴᠢᠯᠠᠨ ᠥᠭᠭᠦᠭᠰᠡᠨ ᠮᠥᠩᠭᠦ ᠳᠤ ᠭᠤᠤᠯᠳᠠᠭᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠶ ᠵᠦᠢᠯ ᠢᠶᠠᠷ ᠤᠷᠢᠳᠴᠢᠯᠠᠨ ᠥᠭᠬᠦ᠂ ᠡᠪᠡᠳᠴᠢᠨ ᠤ ᠳᠤᠭᠤᠶᠢᠯᠠᠩ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠲᠤᠰᠬᠠᠶ ᠵᠦᠢᠯ ᠢᠶᠠᠷ ᠤᠷᠢᠳᠴᠢᠯᠠᠨ ᠥᠭᠬᠦ᠂ ︽ᠬᠤᠤᠰ ᠨᠡᠪᠲᠡᠷᠡᠬᠦ ᠵᠠᠮ︾ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠪᠠ ᠡᠮᠨᠡᠯᠭᠡ ᠳᠤ ᠰᠠᠭᠤᠬᠤ ᠬᠢᠷᠢ ᠬᠡᠮ ᠲᠠᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠭᠰᠠᠨ ᠡᠷᠭᠢᠯᠲᠡ ᠶᠢᠨ ᠮᠥᠩᠭᠦ ᠶᠢᠨ ᠲᠦᠷᠢᠮ ︵︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠪᠥᠬᠦ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠳᠠᠭᠠᠳᠬᠠᠯ ᠠᠯᠪᠠᠨ ᠲᠠᠷᠬᠠᠭᠠᠭᠰᠠᠨ  ﹇2022﹈ 2 ᠳ᠋ᠤᠭᠠᠷ ᠲᠣᠭᠠᠲᠤ︶ ᠵᠡᠷᠭᠡ ᠪᠣᠶ᠃       ᠬᠡᠳᠦ᠋ᠢᠪᠡᠷ ᠤᠷᠢᠳᠴᠢᠯᠠᠨ ᠥᠭᠬᠦ ᠮᠥᠩᠭᠦ ︵ᠡᠷᠭᠢᠯᠲᠡ ᠶᠢᠨ ᠮᠥᠩᠭᠦ︶ ᠶᠢᠨ ᠲᠦᠷᠢᠮ ᠢ ᠨᠢᠭᠡᠨᠲᠡ ᠪᠠᠶᠢᠭᠤᠯᠤᠭᠰᠠᠨ ᠪᠣᠯᠪᠠᠴᠤ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠷᠢᠳᠴᠢᠯᠠᠨ ᠥᠭᠬᠦ ᠨᠥᠬᠦᠴᠡᠯ᠂ ᠰᠠᠯᠭᠠᠨ ᠥᠭᠬᠦ ᠪᠠᠷᠢᠮᠵᠢᠶ᠎ᠠ᠂ ᠰᠠᠯᠭᠠᠨ ᠥᠭᠬᠦ ᠶᠠᠪᠤᠴᠠ ᠪᠠ ᠪᠣᠳᠠᠲᠠᠶ ᠠᠭᠤᠯᠭ᠎ᠠ ᠶᠢᠨ ᠲᠠᠯ᠎ᠠ ᠪᠠᠷ ᠪᠠᠰᠠ ᠨᠢᠭᠡᠳᠦᠯᠲᠡᠶ ᠵᠢᠷᠤᠮᠵᠢᠭᠠᠳᠤᠢ ᠪᠠᠶᠢᠭᠰᠠᠭᠠᠷ᠃ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ᠂ ᠤᠯᠤᠰ ᠠᠴᠠ ︽ᠡᠮᠴᠢᠯᠡᠭᠡᠨ ᠤ ᠳᠠᠭᠠᠳᠬᠠᠯ ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠶᠢᠨ ᠠᠵᠢᠯ ᠢ ᠰᠠᠶᠢᠲᠤᠷ ᠬᠢᠬᠦ ᠲᠤᠬᠠᠶ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤᠯᠤᠰ ᠤᠨ ᠮᠡᠳᠡᠭᠳᠡᠯ ᠤᠨ ᠰᠠᠭᠤᠷᠢᠨ ᠳᠡᠭᠡᠷ᠎ᠡ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠶᠣᠪᠤᠴᠠ ᠶᠢ ᠵᠢᠷᠤᠮᠵᠢᠭᠤᠯᠤᠨ᠂ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃       ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ       ︽ᠠᠷᠭ᠎ᠠ︾ ᠶᠢᠨ ᠭᠤᠣᠯ ᠪᠣᠷᠣ ᠲᠥᠯᠥᠪ ᠢ ᠶᠡᠷᠦᠩᠬᠡᠶ ᠲᠦᠷᠢᠮ᠂ ᠤᠷᠢᠳᠴᠢᠯᠠᠨ ᠥᠭᠬᠦ ᠮᠥᠩᠭᠦ ᠶᠢᠨ ᠨᠥᠬᠦᠴᠡᠯ ᠵᠢᠴᠢ ᠪᠠᠷᠢᠮᠵᠢᠶ᠎ᠠ᠂ ᠤᠷᠢᠳᠴᠢᠯᠠᠨ ᠥᠭᠬᠦ ᠳᠠᠷᠠᠭᠠᠯᠠᠯ᠂ ᠤᠷᠢᠳᠴᠢᠯᠠᠨ ᠥᠭᠭᠦᠭᠰᠡᠨ ᠮᠥᠩᠭᠦ ᠶᠢ ᠬᠤᠷᠢᠶᠠᠨ ᠠᠪᠬᠤ᠂ ᠤᠷᠢᠳᠴᠢᠯᠠᠨ ᠥᠭᠭᠦᠭᠰᠡᠨ ᠮᠥᠩᠭᠦ ᠶᠢ ᠬᠠᠮᠢᠶᠠᠷᠬᠤ ᠪᠠ ᠬᠢᠨᠠᠨ ᠪᠤᠳᠤᠬᠤ᠂ ᠤᠷᠢᠳᠴᠢᠯᠠᠨ ᠥᠭᠭᠦᠭᠰᠡᠨ ᠮᠥᠩᠭᠦ ᠳᠤ ᠬᠢᠨᠠᠯᠲᠠ ᠲᠠᠯᠪᠢᠬᠤ ᠵᠢᠴᠢ ᠳᠠᠭᠠᠯᠳᠤᠭᠤᠯᠤᠭᠰᠠᠨ ᠲᠦᠷᠢᠮ ᠵᠡᠷᠭᠡ ᠲᠤᠯᠤᠭᠠᠨ ᠬᠡᠰᠡᠭ ᠬᠤᠪᠢᠶᠠᠵᠤ᠂ ᠨᠡᠶᠢᠳᠡ ᠬᠤᠷᠢᠨ ᠳᠥᠷᠪᠡᠨ ᠵᠣᠷᠪᠣᠰ ᠪᠤᠢ᠃       ᠨᠢᠭᠡᠳᠦᠭᠡᠷ ᠪᠦᠯᠦᠭ ᠤᠨ ᠶᠡᠷᠦᠩᠬᠡᠶ ᠲᠦᠷᠢᠮ ᠳᠤ ᠨᠡᠶᠢᠲᠡ 3 ᠵᠣᠷᠪᠣᠰ ᠪᠠᠶᠢᠵᠤ᠂ ︽ᠠᠷᠭ᠎ᠠ︾ ᠶᠢᠨ ᠠᠭᠤᠯᠭ᠎ᠠ ᠵᠢᠴᠢ ᠪᠥᠬᠦ ᠣᠷᠣᠨ ᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠳᠤ ᠰᠠᠭᠤᠬᠤ ᠦᠢᠯᠡᠴᠢᠯᠡᠭᠡ ᠲᠠᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠲᠤᠳᠤᠷᠬᠠᠶᠢᠯᠠᠪᠠ᠃       ᠬᠤᠶᠠᠳᠤᠭᠠᠷ ᠪᠦᠯᠦᠭ ᠤᠨ ᠤᠷᠢᠳᠴᠢᠯᠠᠨ ᠥᠭᠬᠦ ᠮᠥᠩᠭᠦ ᠶᠢᠨ ᠨᠥᠬᠦᠴᠡᠯ ᠵᠢᠴᠢ ᠪᠠᠷᠢᠮᠵᠢᠶ᠎ᠠ ᠳᠤ ᠨᠡᠶᠢᠲᠡ 4 ᠵᠦᠢᠯ ᠪᠠᠶᠢᠵᠤ᠂ ᠡᠮᠴᠢᠯᠡᠭᠡᠨ ᠤ ᠪᠠᠲᠤᠯᠠᠭ᠎ᠠ ᠶᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ ᠤᠷᠢᠳᠴᠢᠯᠠᠨ ᠥᠭᠬᠦ ᠨᠥᠬᠦᠴᠡᠯ ᠵᠢᠴᠢ ᠤᠷᠢᠳᠴᠢᠯᠠᠨ ᠥᠭᠴᠦ ᠳᠡᠶᠢᠯᠬᠦ ᠦᠭᠡᠢ ᠪᠠᠶᠢᠳᠠᠯ ᠢ ᠲᠤᠳᠤᠷᠬᠠᠶᠢᠯᠠᠪᠠ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠲᠠᠢ ᠥᠭᠴᠦ ᠪᠣᠯᠬᠤ ᠰᠠᠷ᠎ᠠ ᠶᠢᠨ ᠲᠤᠭ᠎ᠠ ᠶᠢ 12 ᠰᠠᠷ᠎ᠠ ᠠᠴᠠ ᠳᠣᠣᠷ᠎ᠠ ᠦᠭᠡᠢ ᠪᠠᠶᠢᠯᠭᠠᠵᠤ ᠪᠣᠯᠬᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠤᠷᠢᠳᠴᠢᠯᠠᠨ ᠥᠭᠬᠦ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠲᠠᠢ ᠥᠭᠴᠦ ᠪᠣᠯᠬᠤ ᠰᠠᠷ᠎ᠠ ᠶᠢᠨ ᠲᠤᠭ᠎ᠠ ᠶᠢ 6 ᠰᠠᠷ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭᠠᠪᠠ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠥᠭᠬᠦ ᠮᠥᠩᠭᠦ ᠭᠤᠶᠤᠴᠢᠯᠠᠬᠤ ᠨᠥᠬᠦᠴᠡᠯ ᠵᠢᠴᠢ ᠤᠷᠢᠳᠴᠢᠯᠠᠨ ᠥᠭᠬᠦ ᠮᠥᠩᠭᠦ ᠶᠢ ᠬᠢᠨᠠᠨ ᠲᠣᠭᠲᠠᠭᠠᠬᠤ ᠪᠠᠷᠢᠮᠵᠢᠶ᠎ᠠ ᠶᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠪᠣᠯᠭᠠᠵᠤ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠲᠦᠷᠦᠭᠦᠤ ᠭᠤᠷᠪᠠᠨ ᠵᠢᠯ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠰᠠᠷ᠎ᠠ ᠶᠢᠨ ᠳᠤᠮᠳᠠᠴᠢ ᠵᠠᠷᠤᠯᠭ᠎ᠠ ᠶᠢᠨ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ ᠪᠥᠬᠦ ᠭᠤᠶᠤᠴᠢᠯᠠᠬᠤ ᠨᠥᠬᠦᠴᠡᠯ ᠳᠤ ᠨᠡᠶᠢᠴᠡᠬᠦ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠤᠷᠢᠳᠴᠢᠯᠠᠨ ᠥᠭᠴᠦ᠂ ᠤᠷᠢᠳᠴᠢᠯᠠᠨ ᠥᠭᠬᠦ ᠬᠡᠪᠴᠢᠶᠡᠵᠢᠯ ᠢ 1.5 ᠰᠠᠷ᠎ᠠ ᠪᠣᠯᠭᠠᠨ᠎ᠠ᠃       ᠭᠤᠷᠪᠠᠳᠤᠭᠠᠷ ᠪᠦᠯᠦᠭ ᠤᠨ ᠤᠷᠢᠳᠴᠢᠯᠠᠨ ᠥᠭᠬᠦ ᠳᠠᠷᠠᠭᠠᠯᠠᠯ ᠳᠤ ᠨᠡᠶᠢᠲᠡ 1 ᠵᠣᠷᠪᠤᠰ ᠪᠠᠶᠢᠵᠤ᠂ ᠤᠷᠢᠳᠴᠢᠯᠠᠨ ᠥᠭᠬᠦ ᠪᠣᠳᠠᠲᠠᠶ ᠶᠠᠪᠤᠴᠠ ᠶᠢ ᠲᠤᠳᠤᠷᠬᠠᠶᠢᠯᠠᠪᠠ᠂ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠨᠢ ᠤᠷᠢᠳᠴᠢᠯᠠᠨ ᠥᠭᠬᠦ ᠮᠥᠩᠭᠦ ᠶᠢ ᠰᠢᠯᠵᠢᠭᠦᠯᠦᠨ ᠥᠭᠬᠦ ᠠᠴᠠ ᠡᠮᠦᠨ᠎ᠡ ᠬᠢᠨᠠᠨ ᠲᠣᠭᠲᠠᠭᠠᠭᠰᠠᠨ ᠪᠠᠶᠢᠳᠠᠯ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠲᠤᠰᠢᠶᠠᠵᠤ᠂ ᠳᠠᠬᠢᠨ ᠬᠢᠨᠠᠭᠰᠠᠨ ᠤ ᠳᠠᠷᠠᠭ᠎ᠠ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠰᠠᠯᠭᠠᠨ ᠥᠭᠭᠦᠨ᠎ᠡ᠃ ᠤᠷᠢᠳᠴᠢᠯᠠᠨ ᠥᠭᠬᠦ ᠮᠥᠩᠭᠦ ᠶᠢ ᠬᠤᠷᠢᠶᠠᠨ ᠠᠪᠬᠤ ᠴᠠᠭ ᠢ ᠲᠣᠳᠣᠷᠬᠠᠶᠢᠯᠠᠵᠤ ᠂ ᠠᠷᠭ᠎ᠠ ᠵᠠᠮ ᠨᠢ ᠳᠠᠷᠦ᠋ᠢᠬᠠᠨ ᠲᠤᠯᠭᠠᠨ ᠪᠤᠳᠤᠬᠤ ᠵᠣᠭᠤᠰ ᠤᠨ ᠲᠣᠭᠠᠨ ᠤ ᠠᠷᠭ᠎ᠠ ᠬᠡᠯᠪᠡᠷᠢ ᠪᠠᠷ ᠳᠠᠮᠵᠢᠭᠤᠯᠤᠨ ᠤᠷᠢᠳᠴᠢᠯᠠᠨ ᠥᠭᠬᠦ ᠮᠥᠩᠭᠦ ᠶᠢ ᠪᠦᠬᠦ ᠲᠤᠭ᠎ᠠ ᠪᠠᠷ ᠬᠤᠷᠢᠶᠠᠨ ᠠᠪᠤᠨ᠎ᠠ᠃       ᠳᠥᠷᠪᠡᠳᠦᠭᠡᠷ ᠪᠦᠯᠦᠭ ᠤᠨ ᠤᠷᠢᠳᠴᠢᠯᠠᠨ ᠥᠭᠭᠦᠭᠰᠡᠨ ᠮᠥᠩᠭᠦ ᠶᠢ ᠬᠤᠷᠢᠶᠠᠨ ᠠᠪᠬᠤ ᠳᠤ ᠨᠡᠶᠢᠲᠡ 3 ᠵᠤᠷᠪᠤᠰ ᠪᠠᠶᠢᠵᠤ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠶᠠᠮᠠᠷ ᠶᠠᠮᠠᠷ ᠪᠠᠶᠢᠳᠠᠯ ᠣᠷᠣᠰᠢᠵᠤ ᠪᠠᠶᠢᠪᠠᠯ ᠤᠷᠢᠳᠴᠢᠯᠠᠨ ᠥᠭᠭᠦᠭᠰᠡᠨ ᠮᠥᠩᠭᠦ ᠶᠢ ᠬᠤᠷᠢᠶᠠᠨ ᠠᠪᠬᠤ ᠶᠢ ᠲᠣᠳᠣᠷᠬᠠᠶᠢᠯᠠᠪᠠ᠂ ᠡᠭᠦᠨ ᠳᠤ ᠠᠷᠪᠠᠳᠤᠭᠠᠷ ᠵᠤᠷᠪᠤᠰ ᠪᠣᠯ ᠤᠯᠤᠰ ᠤᠨ ᠪᠢᠴᠢᠭ ᠮᠠᠲ᠋ᠧᠷᠢᠶᠠᠯ ᠤᠨ ᠰᠠᠭᠤᠷᠢᠨ ᠳᠡᠭᠡᠷ᠎ᠡ ᠨᠦᠬᠦᠪᠦᠷᠢᠯᠡᠭᠰᠡᠨ ᠤᠷᠢᠳᠴᠢᠯᠠᠨ ᠥᠭᠭᠦᠭᠰᠡᠨ ᠮᠥᠩᠭᠦ ᠶᠢ ᠬᠤᠷᠢᠶᠠᠨ ᠠᠪᠴᠤ ᠪᠣᠯᠬᠤ ᠦᠶ᠎ᠡ ᠳᠤ ᠠᠪᠤᠭᠰᠠᠨ ᠠᠷᠭ᠎ᠠ ᠬᠡᠮᠵᠢᠶ᠎ᠡ ᠪᠣᠯᠣᠨ᠎ᠠ᠃ ᠡᠮᠴᠢᠯᠡᠭᠡᠨ ᠤ ᠪᠠᠲᠤᠯᠠᠭ᠎ᠠ ᠶᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠨᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ 5 ᠠᠵᠢᠯᠯᠠᠬᠤ ᠡᠳᠦᠷ ᠤᠨ ᠳᠣᠲᠣᠷ᠎ᠠ ᠤᠷᠢᠳᠴᠢᠯᠠᠨ ᠥᠭᠭᠦᠭᠰᠡᠨ ᠮᠥᠩᠭᠦ ᠪᠠᠨ ᠪᠤᠴᠠᠭᠠᠯᠭᠠᠨ᠂ ᠤᠷᠢᠳᠴᠢᠯᠠᠨ ᠥᠭᠭᠦᠭᠰᠡᠨ ᠮᠥᠩᠭᠦ ᠪᠠᠨ ᠬᠤᠷᠢᠶᠠᠨ ᠠᠪᠬᠤ ᠠᠴᠠ ᠡᠮᠦᠨ᠎ᠡ᠂ ᠡᠮᠴᠢᠯᠡᠭᠡᠨ ᠤ ᠪᠠᠲᠤᠯᠠᠭ᠎ᠠ ᠶᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠨᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠭᠰᠠᠨ ᠵᠠᠷᠤᠳᠠᠯ ᠢ ᠰᠢᠯᠵᠢᠭᠦᠯᠦᠨ ᠥᠭᠬᠦ ᠶᠢ ᠵᠣᠭᠰᠣᠭᠠᠨ᠎ᠠ᠃       ᠲᠠᠪᠤᠳᠤᠭᠠᠷ ᠪᠦᠯᠦᠭ ᠤᠨ ᠤᠷᠢᠳᠴᠢᠯᠠᠨ ᠥᠭᠭᠦᠭᠰᠡᠨ ᠮᠥᠩᠭᠦ ᠶᠢ ᠬᠠᠮᠢᠶᠠᠷᠬᠤ ᠪᠠ ᠬᠢᠨᠠᠨ ᠪᠣᠳᠣᠬᠤ ᠳᠤ ᠨᠡᠶᠢᠲᠡ 6 ᠵᠤᠷᠪᠤᠰ ᠪᠠᠶᠢᠵᠤ᠂ ᠤᠷᠢᠳᠴᠢᠯᠠᠨ ᠥᠭᠭᠦᠭᠰᠡᠨ ᠮᠥᠩᠭᠦ ᠶᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠴᠢᠯᠡᠭᠡᠨ ᠤ ᠵᠠᠷᠤᠳᠠᠯ ᠤᠨ ᠡᠷᠭᠢᠯᠲᠡ ᠶᠢᠨ ᠵᠠᠷᠤᠯᠭ᠎ᠠ ᠳᠤ ᠬᠡᠷᠡᠭᠯᠡᠬᠦ ᠶᠢ ᠲᠤᠳᠤᠷᠬᠠᠶᠢᠯᠠᠪᠠ᠂ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ᠂ ᠡᠳᠦᠷ ᠲᠤᠲᠤᠮ ᠤᠨ ᠠᠵᠢᠯᠯᠠᠭᠠᠨ᠂ ᠥᠷᠢ ᠥᠭᠴᠡᠭᠡ ᠵᠡᠷᠭᠡ ᠡᠮᠴᠢᠯᠡᠭᠡᠨ ᠤ ᠪᠤᠰᠤ ᠵᠠᠷᠤᠳᠠᠯ ᠤᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠲᠤᠰᠠᠭᠠᠷ ᠡᠬᠡ ᠳᠠᠩᠰᠠ ᠪᠠᠶᠢᠭᠤᠯᠤᠨ ᠬᠠᠮᠢᠶᠠᠷᠴᠤ᠂ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠵᠥᠪᠰᠢᠶᠡᠷᠡᠬᠦ᠂ ᠵᠠᠷᠤᠯᠭ᠎ᠠ ᠶᠢᠨ ᠳᠠᠷᠠᠭᠠᠯᠠᠯ ᠢ ᠴᠢᠩᠳᠠᠯᠠᠵᠤ᠂ ᠵᠢᠭᠡᠯᠡᠵᠦ ᠭᠠᠷᠭᠠᠬᠤ ᠪᠤᠶᠤ ᠨᠡᠭᠦᠯᠭᠡᠨ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠤᠷᠢᠳᠴᠢᠯᠠᠨ ᠥᠭᠭᠦᠭᠰᠡᠨ ᠮᠥᠩᠭᠦ ᠶᠢ ᠰᠠᠯᠭᠠᠨ ᠥᠭᠴᠦ ᠬᠡᠷᠡᠭᠯᠡᠬᠦ ᠵᠠᠷᠤᠯᠭ᠎ᠠ ᠶᠢᠨ ᠡᠷᠦᠬᠡ ᠶᠢ ᠴᠢᠬᠤᠯᠠᠴᠢᠯᠠᠵᠤ᠂ ᠡᠳ᠋ ᠤᠨ ᠵᠠᠰᠠᠭ ᠤᠨ ᠲᠤᠰᠬᠠᠶ ᠡᠷᠦᠬᠡ ᠶᠢᠨ ᠬᠠᠳᠠᠭᠠᠯᠠᠮᠵᠢ ᠶᠢ ᠬᠡᠷᠡᠭᠯᠡᠬᠦ ᠥᠬᠡᠶ ᠪᠠᠶᠢᠬᠤ ᠶᠢ ᠴᠢᠬᠤᠯᠠᠴᠢᠯᠠᠬᠤ ᠶᠢᠨ ᠬᠠᠮᠲᠤ᠂ ᠤᠷᠢᠳᠴᠢᠯᠠᠨ ᠥᠭᠭᠦᠭᠰᠡᠨ ᠮᠥᠩᠭᠦ ᠶᠢ ᠰᠢᠯᠵᠢᠭᠦᠯᠦᠨ ᠥᠭᠬᠦ᠂ ᠢᠯᠭᠠᠷᠠᠭᠤᠯᠤᠨ ᠪᠤᠳᠤᠬᠤ᠂ ᠤᠷᠢᠳᠴᠢᠯᠠᠨ ᠥᠭᠭᠦᠭᠰᠡᠨ ᠮᠥᠩᠭᠦ ᠶᠢ ᠬᠤᠷᠢᠶᠠᠨ ᠠᠪᠬᠤ ᠶᠢᠨ ᠠᠷᠭ᠎ᠠ ᠥᠬᠡᠶ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠵᠢᠯ ᠢ ᠰᠠᠶᠢᠲᠤᠷ ᠬᠢᠵᠦ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠯᠤᠭ᠎ᠠ ᠲᠠᠩᠰᠠ ᠬᠠᠷᠭᠤᠭᠤᠯᠬᠤ ᠵᠡᠷᠭᠡ ᠠᠵᠢᠯ ᠢ ᠰᠠᠶᠢᠲᠤᠷ ᠬᠢᠬᠦ ᠶᠢ ᠴᠢᠬᠤᠯᠠᠴᠢᠯᠠᠪᠠ᠃       ᠵᠢᠷᠭᠤᠳᠤᠭᠠᠷ ᠪᠦᠯᠦᠭ ᠤᠨ ᠤᠷᠢᠳᠴᠢᠯᠠᠨ ᠥᠭᠭᠦᠭᠰᠡᠨ ᠮᠥᠩᠭᠦ ᠳᠤ ᠬᠢᠨᠠᠯᠲᠠ ᠲᠠᠯᠪᠢᠬᠤ ᠳᠤ ᠨᠡᠶᠢᠲᠡ 5 ᠵᠤᠷᠪᠤᠰ ᠪᠠᠶᠢᠵᠤ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠬᠤᠳᠠᠯ ᠬᠠᠭᠤᠷᠮᠠᠭ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠤᠷᠢᠳᠴᠢᠯᠠᠨ ᠥᠭᠬᠦ ᠮᠥᠩᠭᠦ ᠶᠢ ᠮᠡᠬᠡᠯᠡᠨ ᠠᠪᠤᠭᠰᠠᠨ ᠪᠠᠶᠢᠪᠠᠯ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠦᠷᠢᠮ︾ ᠤᠨ ᠳᠥᠴᠢᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠨᠢ ᠠᠯᠪᠠᠨ ᠰᠦᠯᠵᠢᠶᠡᠨ ᠳᠡᠭᠡᠷ᠎ᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠥᠭᠭᠦᠭᠰᠡᠨ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ᠤᠯᠠᠷᠢᠯ ᠢᠶᠠᠷ ᠨᠡᠶᠢᠲᠡᠯᠡᠵᠦ᠂ ᠵᠢᠯ ᠤᠨ ᠡᠴᠦᠰ ᠲᠤ ᠤᠷᠢᠳᠴᠢᠯᠠᠨ ᠥᠭᠬᠦ ᠮᠥᠩᠭᠦ ᠶᠢ ᠰᠠᠯᠭᠠᠨ ᠥᠭᠭᠦᠭᠰᠡᠨ ᠪᠠᠶᠢᠳᠠᠯ ᠪᠠ ᠪᠤᠳᠤᠬᠤ ᠠᠷᠭ᠎ᠠ ᠪᠠᠨ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠨᠡᠶᠢᠲᠡᠯᠡᠵᠦ᠂ ᠤᠬᠠᠮᠰᠠᠷ ᠠᠴᠠ ᠪᠠᠨ ᠬᠢᠨᠠᠯᠲᠠ ᠲᠠᠯᠪᠢᠬᠤ ᠶᠢ ᠬᠦᠯᠢᠶᠡᠬᠦ ᠶᠢ ᠴᠢᠬᠤᠯᠠᠴᠢᠯᠠᠪᠠ᠃       ᠳᠣᠯᠣᠳᠤᠭᠠᠷ ᠪᠦᠯᠦᠭ ᠤᠨ ᠳᠠᠭᠠᠯᠳᠤᠭᠤᠯᠤᠭᠰᠠᠨ ᠲᠦᠷᠢᠮ ᠳᠤ ᠨᠡᠶᠢᠲᠡ 2 ᠵᠤᠷᠪᠤᠰ ᠪᠠᠶᠢᠵᠤ᠂ ᠡᠯ᠎ᠡ ᠭᠠᠵᠠᠷ ᠤᠨ ᠬᠢᠨ ᠡᠭᠦᠨ ᠠᠴᠠ ᠡᠮᠦᠨ᠎ᠡ ᠥᠪᠡᠰᠦᠪᠡᠨ ᠲᠣᠭᠲᠠᠭᠠᠭᠰᠠᠨ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠵᠤ ᠤᠷᠢᠳᠴᠢᠯᠠᠨ ᠥᠭᠬᠦ ︵ᠡᠷᠭᠢᠯᠲᠡ ᠶᠢᠨ ᠮᠥᠩᠭᠦ ᠶᠢ ᠪᠠᠭᠲᠠᠭᠠᠨ᠎ᠠ︶ ᠶᠢ ᠠᠷᠭᠠᠴᠠᠭᠠᠬᠤ ᠠᠷᠭ᠎ᠠ ᠶᠢ ᠢᠯᠭᠠᠷᠠᠭᠤᠯᠬᠤ ᠪᠠ ᠬᠦᠴᠦᠨ ᠥᠬᠡᠶ ᠪᠣᠯᠭᠠᠬᠤ ᠶᠢ ᠴᠢᠬᠤᠯᠠᠴᠢᠯᠠᠪᠠ᠃       ᠭᠤᠷᠪᠠ᠂ ︽ᠠᠷᠭ᠎ᠠ︾ ᠳᠠᠬᠢ ᠬᠡᠳᠦᠨ ᠴᠠᠭ ᠤᠨ ᠵᠠᠩᠭᠢᠶᠠᠰᠤ       ︽ᠠᠷᠭ᠎ᠠ︾ ᠶᠢᠨ ᠳᠠᠭᠠᠯᠳᠤᠭᠤᠯᠤᠭᠰᠠᠨ ᠲᠦᠷᠢᠮ ᠳᠤ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠬᠦ ᠶᠢ ᠲᠤᠳᠤᠷᠬᠠᠶᠢᠯᠠᠪᠠ᠃ ᠭᠤᠶᠤᠴᠢᠯᠠᠯ ᠳᠤᠷᠠᠳᠬᠤ ᠴᠠᠭ ᠢ ᠤᠷᠢᠳᠴᠢᠯᠠᠨ ᠥᠭᠬᠦ ᠨᠥᠬᠦᠴᠡᠯ ᠳᠤ ᠨᠡᠶᠢᠴᠡᠬᠦ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠬᠠᠷᠢᠶ᠎ᠠ ᠪᠦᠬᠦᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠪᠠᠨ ᠡᠮᠴᠢᠯᠡᠭᠡᠨ ᠤ ᠪᠠᠲᠤᠯᠠᠭ᠎ᠠ ᠶᠢ ᠡᠷᠬᠢᠯᠡᠨ ᠬᠢᠬᠦ ᠪᠠᠶᠢᠭᠤᠯᠤᠮᠵᠢ ᠳᠤ ᠤᠷᠢᠳᠴᠢᠯᠠᠨ ᠥᠭᠭᠦᠭᠰᠡᠨ ᠮᠥᠩᠭᠦ ᠪᠠᠨ ᠰᠠᠶᠢᠨ ᠳᠤᠷ᠎ᠠ ᠠᠴᠠ ᠪᠠᠨ ᠲᠤᠰᠢᠶᠠᠵᠤ ᠪᠣᠯᠤᠨ᠎ᠠ᠃ ᠤᠷᠢᠳᠴᠢᠯᠠᠨ ᠥᠭᠬᠦ ᠮᠥᠩᠭᠦ ᠶᠢ ᠰᠢᠯᠵᠢᠭᠦᠯᠦᠨ ᠥᠭᠬᠦ ᠴᠠᠭ ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠤᠷᠢᠳᠴᠢᠯᠠᠨ ᠥᠭᠬᠦ ᠮᠥᠩᠭᠦ ᠶᠢ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠬᠠᠳᠠᠭᠠᠯᠠᠮᠵᠢ ᠶᠢᠨ ᠲᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃ ᠤᠷᠢᠳᠴᠢᠯᠠᠨ ᠥᠭᠭᠦᠭᠰᠡᠨ ᠮᠥᠩᠭᠦ ᠶᠢ ᠬᠤᠷᠢᠶᠠᠨ ᠠᠪᠬᠤ ᠴᠠᠭ ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢ ᠭᠠᠷᠳᠠᠨ ᠬᠢᠬᠦ ᠪᠠᠶᠢᠭᠤᠯᠤᠮᠵᠢ ᠨᠢ ᠲᠤᠬᠠᠶ ᠶᠢᠨ ᠵᠢᠯ ᠤᠨ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ᠂ ᠲᠤᠯᠭᠠᠨ ᠪᠤᠳᠤᠬᠤ ᠵᠣᠭᠤᠰ ᠤᠨ ᠲᠤᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠳᠴᠢᠯᠠᠨ ᠥᠭᠭᠦᠭᠰᠡᠨ ᠮᠥᠩᠭᠦ ᠶᠢ ᠪᠦᠬᠦ ᠲᠤᠭ᠎ᠠ ᠪᠠᠷ ᠬᠤᠷᠢᠶᠠᠨ ᠠᠪᠤᠨ᠎ᠠ᠃          ᠳᠥᠷᠪᠡ᠂ ︽ᠠᠷᠭ᠎ᠠ︾ ᠶᠢᠨ ᠠᠩᠬᠠᠷᠬᠤ ᠴᠢᠬᠤᠯᠠᠲᠠᠶ ᠵᠦᠢᠯᠡᠰ       ᠨᠢᠭᠡ ᠳᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠴᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠤᠰᠬᠠᠶ ᠵᠦᠢᠯ ᠢᠶᠠᠷ ᠤᠷᠢᠳᠴᠢᠯᠠᠨ ᠥᠭᠬᠦ ᠶᠢ ᠤᠤᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠪᠡᠳᠴᠢᠨ ᠤ ᠳᠤᠭᠤᠶᠢᠯᠠᠩ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠲᠤᠰᠬᠠᠶ ᠵᠦᠢᠯ ᠢᠶᠠᠷ ᠤᠷᠢᠳᠴᠢᠯᠠᠨ ᠥᠭᠬᠦ ᠶᠢ ᠤᠤᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠳᠡᠭᠡᠷᠡᠬᠢ ᠤᠷᠢᠳᠴᠢᠯᠠᠨ ᠥᠭᠬᠦ ᠠᠭᠤᠯᠭ᠎ᠠ ᠬᠢᠭᠡᠳ ᠲᠤᠰ ᠠᠷᠭ᠎ᠠ ᠶᠢᠨ ᠤᠷᠢᠳᠴᠢᠯᠠᠨ ᠥᠭᠬᠦ ᠠᠭᠤᠯᠭ᠎ᠠ ᠮᠥᠷᠭᠦᠯᠳᠦᠭᠡᠨ ᠦᠭᠡᠢ ᠪᠠᠶᠢᠪᠠᠯ ᠬᠠᠮᠲᠤ ᠳᠤ ᠨᠢ ᠥᠷᠨᠢᠭᠦᠯᠵᠦ ᠪᠣᠯᠤᠨ᠎ᠠ᠃ ᠬᠤᠶᠠᠷ ᠲᠤ᠂ ᠳᠡᠭᠡᠷ᠎ᠡ ᠵᠢᠯ ᠳᠤ ᠨᠢᠭᠡᠨᠲᠡ ᠭᠠᠷᠤᠭᠰᠠᠨ ᠲᠤᠰ ᠬᠤᠭᠤᠴᠠᠭᠠᠨ ᠤ ᠤᠯᠠᠭᠠᠨ ᠲᠤᠭ᠎ᠠ ᠪᠤᠶᠤ 12 ᠰᠠᠷ᠎ᠠ ᠶᠢᠨ ᠦᠷᠭᠦᠯᠵᠢᠯᠡᠭᠰᠡᠨ ᠬᠡᠮᠵᠢᠨ ᠪᠣᠳᠣᠬᠤ ᠠᠷᠭ᠎ᠠ ᠪᠠᠷ ᠲᠤᠰ ᠵᠢᠯ ᠤᠨ ᠤᠯᠠᠭᠠᠨ ᠲᠤᠭ᠎ᠠ ᠶᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠳᠤ ᠤᠷᠢᠳᠴᠢᠯᠠᠨ ᠥᠭᠴᠦ ᠪᠣᠯᠬᠤ ᠦᠭᠡᠶ᠃ ᠳᠡᠭᠡᠷᠡᠬᠢ ᠤᠯᠠᠭᠠᠨ ᠲᠤᠭ᠎ᠠ ᠶᠢᠨ ᠠᠭᠤᠯᠭ᠎ᠠ ᠪᠣᠯ ᠴᠥᠮ ᠲᠤᠬᠠᠢ ᠶᠢᠨ ᠵᠢᠯ ᠤᠨ ᠨᠡᠶᠢᠯᠡᠪᠦᠷᠢ ᠪᠣᠯᠤᠨ᠎ᠠ᠃ ᠭᠤᠷᠪᠠ ᠳᠤ᠂ ᠲᠠᠪᠤᠳᠤᠭᠠᠷ ᠵᠣᠷᠪᠤᠰ ᠤᠨ ︵ᠭᠤᠷᠪᠠ︶ ᠳ᠋ᠤᠭᠠᠷ ᠵᠦᠢᠯ ᠤᠨ ᠳᠥᠷᠪᠡᠳᠦᠭᠡᠷ ᠵᠤᠷᠪᠤᠰ ᠤᠨ ᠮᠡᠳᠡᠭᠡ ᠵᠠᠩᠭᠢᠵᠢᠯᠲᠠ ᠶᠢᠨ ᠬᠢᠨᠠᠨ ᠰᠢᠯᠭᠠᠬᠤ ᠱᠠᠭᠠᠷᠳᠠᠯᠭ᠎ᠠ ᠳᠤ ᠬᠠᠮᠢᠶ᠎ᠠ ᠪᠥᠬᠦᠶ ᠮᠡᠳᠡᠭᠡ ᠵᠠᠩᠭᠢᠵᠢᠯᠲᠠ ᠶᠢᠨ ᠡᠵᠡᠯᠡᠬᠦ ᠬᠠᠷᠢᠴᠠᠯ ᠢ ᠤᠯᠤᠰ ᠤᠨ ᠮᠡᠳᠡᠭᠡ ᠵᠠᠩᠭᠢᠵᠢᠯᠲᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号