ᠪᠠᠶᠠᠨᠨᠠᠭᠤᠷ ᠬᠤᠳᠠ᠄ ︽ᠰᠢᠨ᠎ᠡ ᠵᠢᠯ ᠤᠨ ᠲᠡᠷᠢᠭᠦᠨ ᠴᠢᠬᠤᠯᠠ ᠶᠠᠷᠢᠶ᠎ᠠ︾ ᠶᠢ ᠡᠬᠢᠯᠡᠭᠦᠯᠵᠦ ᠠᠶᠤᠯᠭᠦᠢ ᠦᠢᠯᠡᠳᠪᠦᠷᠢᠯᠡᠯ ᠤᠨ ︽ᠨᠢᠭᠡᠳᠦᠭᠡᠷ ᠪᠣᠭᠤᠮᠲᠠ︾ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/2/17
    ᠪᠥᠬᠦ ᠬᠤᠲᠠ ᠶᠢᠨ ︽ᠠᠵᠢᠯ ᠡᠬᠢᠯᠡᠬᠦ ᠨᠢᠭᠡᠳᠦᠭᠡᠷ ᠬᠢᠴᠢᠶᠡᠯ︾ ᠤᠨ ᠠᠮᠤᠷ ᠲᠦᠪᠰᠢᠨ ᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 2 ᠳ᠋ᠤᠭᠠᠷ ᠰᠠᠷ᠎ᠠ ᠶᠢᠨ 10 ᠤ ᠡᠳᠦᠷ᠂ ᠪᠠᠶᠠᠨᠨᠠᠭᠤᠷ ᠬᠤᠲᠠ ︽ᠰᠢᠨ᠎ᠡ ᠵᠢᠯ ᠤᠨ ᠨᠢᠭᠡᠳᠦᠭᠡᠷ ᠬᠢᠴᠢᠶᠡᠯ︾ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ᠃
1.png
    ︽ᠰᠢᠨ᠎ᠡ ᠵᠢᠯ ᠤᠨ ᠨᠢᠭᠡᠳᠦᠭᠡᠷ ᠲᠠᠶᠢᠯᠤᠮᠵᠢ︾ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠤᠯᠤᠰ ᠤᠨ ᠲᠠᠰ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠢ ᠤᠷᠢᠵᠤ ︽ᠭᠤᠷᠪᠠᠨ ᠬᠢᠨᠠᠯᠲᠠ ᠬᠠᠮᠢᠶᠠᠷᠤᠯᠲᠠ︾᠂ ︽ᠭᠤᠷᠪᠠᠨ ᠡᠷᠬᠡᠪᠰᠢ︾᠂ ︽ᠭᠤᠷᠪᠠᠨ  ᠵᠦᠢᠯ ᠤᠨ ᠬᠠᠷᠢᠭᠤᠴᠠᠯᠭ᠎ᠠ︾ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠴᠢᠭᠯᠡᠯ ᠤᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠰᠠᠭᠤᠳᠠᠯ ᠢ ᠬᠠᠮᠲᠤ ᠪᠠᠷ ᠰᠤᠳᠤᠯᠤᠨ ᠰᠢᠶ᠋ᠳᠪᠦᠷᠢᠯᠡᠵᠦ᠂ ᠠᠶᠤᠯᠭᠦᠶ ᠦᠢᠯᠡᠳᠪᠦᠷᠢᠯᠡᠯ ᠤᠨ ︽ᠵᠢᠷᠭᠤᠭᠠᠨ ᠨᠢᠭᠡ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ︽ᠵᠢᠷᠭᠤᠭᠠᠨ ᠣᠨᠴᠠᠭᠠᠶ ᠵᠢᠷᠭᠤᠭᠠᠨ ᠲᠤᠰᠬᠠᠶ︾ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ 600 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ 2 ᠬᠤᠰᠢᠭᠤ ᠰᠢᠶᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ 3 ᠭᠤᠤᠯᠳᠠᠯᠭ᠎ᠠ ᠲᠠᠢ ᠠᠵᠤ ᠠᠬᠤᠶᠢᠯᠠᠯ 2025 ᠣᠨ ᠤ ᠭᠤᠤᠯᠳᠠᠯᠭ᠎ᠠ ᠲᠠᠢ ᠠᠵᠢᠯ ᠪᠣᠯᠤᠨ ︽ᠵᠢᠷᠭᠤᠭᠠᠨ ᠣᠨᠴᠠ ᠵᠢᠷᠭᠤᠭᠠᠨ ᠲᠤᠰᠬᠠᠶ ᠮᠡᠷᠭᠡᠵᠢᠯ︾ ᠤᠨ ᠲᠤᠰᠬᠠᠶ ᠠᠵᠢᠯᠯᠠᠭ᠎ᠠ ᠶᠢ ᠬᠡᠷᠬᠢᠨ ᠰᠠᠶᠢᠲᠤᠷ ᠠᠳᠬᠤᠬᠤ ᠲᠤᠬᠠᠶ ᠦᠭᠡ ᠬᠡᠯᠡᠪᠡ᠃
2.png
    ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ 1 ᠳ᠋ᠦ᠋ᠭᠡᠷ ᠰᠠᠷ᠎ᠠ ᠶᠢᠨ 13 ᠤ ᠡᠳᠦᠷ ︽ᠪᠥᠬᠦ ᠬᠤᠲᠠ ᠶᠢᠨ ︿ᠠᠵᠢᠯ ᠡᠬᠢᠯᠡᠭᠦᠯᠬᠦ ᠨᠢᠭᠡᠳᠦᠭᠡᠷ ᠬᠢᠴᠢᠶᠡᠯ﹀ ᠤᠨ ᠠᠶᠤᠯ ᠥᠬᠡᠶ ᠶᠢᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠲᠣᠭᠲᠠᠭᠠᠨ ᠲᠠᠷᠬᠠᠭᠠᠵᠤ᠂ ᠠᠵᠢᠯ ᠡᠬᠢᠯᠡᠭᠦᠯᠬᠦ ︽ᠨᠢᠭᠡᠳᠦᠭᠡᠷ ᠬᠢᠴᠢᠶᠡᠯ︾ ᠤᠨ ᠠᠵᠢᠯᠯᠠᠭ᠎ᠠ ᠶᠢ ᠳᠣᠭᠢᠷᠠᠭᠤᠯᠤᠨ ᠪᠠᠶᠢᠷᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠠᠶᠤᠯ ᠥᠬᠡᠶ ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠲᠦᠷᠢᠮ︾ ᠵᠡᠷᠭᠡ ᠵᠠᠪᠠᠯ ᠰᠤᠷᠬᠤ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠯ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠥᠬᠦ ᠠᠵᠢᠯᠲᠠᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ  ᠶᠢ ᠠᠬᠢᠭᠤᠯᠪᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠠᠶᠤᠯ ᠥᠬᠡᠶ ᠦᠢᠯᠡᠳᠪᠦᠷᠢᠯᠡᠯ ᠤᠨ ︽ᠰᠢᠨ᠎ᠡ ᠵᠢᠯ ᠤᠨ ᠠᠩᠬᠠᠨ ᠤ ᠬᠢᠴᠢᠶᠡᠯ︾ ᠢ ᠭᠦᠨᠵᠡᠭᠡᠶᠢᠷᠡᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠥᠬᠦᠶ ᠠᠵᠢᠯ ᠲᠥᠷᠥᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠰᠢᠮᠳᠠᠭᠤᠯᠤᠨ ᠲᠣᠰ ᠭᠠᠵᠠᠷ ᠣᠷᠣᠨ᠂ ᠲᠣᠰ ᠠᠵᠢᠯ ᠲᠥᠷᠥᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ ᠠᠶᠤᠯ ᠥᠬᠡᠶ ᠦᠢᠯᠡᠳᠪᠦᠷᠢᠯᠡᠯ ᠤᠨ ︽ᠰᠢᠨ᠎ᠡ ᠵᠢᠯ ᠤᠨ ᠠᠩᠬᠠᠨ ᠤ ᠬᠢᠴᠢᠶᠡᠯ︾ ᠢ ᠰᠠᠶᠢᠲᠤᠷ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶ ᠲᠠᠶᠢᠯᠪᠤᠷᠢᠯᠠᠨ᠂ ᠠᠶᠤᠯ ᠥᠬᠡᠶ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠥᠬᠦ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠠᠶᠤᠯ ᠥᠬᠡᠶ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠴᠤᠪᠤᠷᠠᠯ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠣᠷᠣᠨ ᠪᠦᠰᠡ ᠵᠡᠷᠭᠡ ᠳᠤ ᠣᠷᠣᠰᠢᠵᠤ ᠪᠠᠶᠢᠭ᠎ᠠ ᠲᠦᠭᠰᠢᠭᠦᠷᠢ ᠶᠢᠨ ᠳᠠᠯᠳᠠ ᠬᠡᠮ ᠢ ᠭᠤᠤᠯᠳᠠᠯᠭ᠎ᠠ ᠲᠠᠢ ᠰᠤᠳᠤᠯᠤᠨ ᠮᠠᠭᠠᠳᠯᠠᠵᠤ᠂ ᠠᠵᠢᠯ ᠤᠨ ᠪᠠᠶᠢᠷᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ ᠲᠦᠭᠰᠢᠭᠦᠷᠢ ᠶᠢ ᠮᠡᠳᠡᠭᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠮᠦᠵᠢᠯ ᠪᠣᠯᠪᠠᠰᠤᠷᠠᠭᠤᠯᠤᠯ ᠢ ᠴᠢᠩᠭᠠᠷᠠᠭᠤᠯᠵᠤ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠮᠢᠶᠠᠷᠤᠯᠲᠠ ᠶᠢᠨ ᠠᠵᠢᠯᠲᠠᠨ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠶᠤᠯ ᠥᠬᠡᠶ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠠᠶᠤᠯ ᠥᠬᠡᠶ ᠦᠢᠯᠡᠳᠪᠦᠷᠢᠯᠡᠯ ᠤᠨ ᠰᠠᠭᠤᠷᠢ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠪᠠᠶᠢᠭᠤᠯᠤᠨ᠎ᠠ᠃    ᠣᠳᠣᠬᠠᠨ ᠳᠤ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ︽ᠰᠢᠨ᠎ᠡ ᠵᠢᠯ ᠤᠨ ᠨᠢᠭᠡᠳᠦᠭᠡᠷ ᠬᠢᠴᠢᠶᠡᠯ︾ ᠪᠣᠯᠤᠨ ︽ᠠᠵᠢᠯ ᠡᠬᠢᠯᠡᠭᠦᠯᠬᠦ ᠨᠢᠭᠡᠳᠦᠭᠡᠷ ᠬᠢᠴᠢᠶᠡᠯ︾ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠵᠦ ᠪᠠᠶᠢᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号