ᠥᠪᠥᠷ ᠮᠣᠩᠭᠤᠯ᠄ ᠣᠷᠣᠨ ᠤ ᠳᠣᠲᠣᠨ᠎ᠠ ᠭᠠᠳᠠᠨᠠᠬᠢ ᠳᠡᠭᠡᠳᠦ ᠲᠠᠰ ᠳᠠᠪᠬᠤᠷᠭᠠᠲᠤ ᠪᠤᠭᠤᠷᠤᠯ ᠴᠢᠳᠠᠪᠤᠷᠢᠲᠠᠳ ᠢ ᠤᠷᠢᠨ ᠠᠪᠴᠢᠷᠠᠵᠤ ᠡᠮᠴᠢᠯᠡᠭᠡᠨ ᠤ ᠨᠢᠭᠡᠳᠦᠭᠡᠷ ᠹᠷᠣᠨᠲ ᠲᠤ ᠳᠠᠬᠢᠨ ᠠᠵᠢᠯᠯᠠᠭᠤᠯᠬᠤ ᠪᠠᠷ ᠪᠣᠢ
ᠨᠡᠶᠢᠲᠡᠯᠡᠭᠰᠡᠨ ᠴᠠᠭ᠄
2025/2/17
    ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 2025 ᠣᠨ ᠳᠤ᠂ ᠥᠪᠥᠷ ᠮᠣᠩᠭᠤᠯ ᠨᠢ ᠡᠮᠨᠡᠯᠭᠡ ᠶᠢᠨ ᠬᠤᠷᠢᠶᠠᠨ ᠳᠤ ᠰᠠᠭᠤᠵᠤ ᠠᠵᠢᠯᠯᠠᠬᠤ ᠡᠮᠴᠢ ᠨᠠᠷ ᠤᠨ ᠵᠢᠷᠤᠮᠵᠢᠭᠰᠠᠨ ᠪᠣᠯᠪᠠᠰᠤᠷᠠᠯ ᠤᠨ ᠠᠭᠤᠯᠤᠭᠳᠠᠬᠤᠨᠲᠤ ᠪᠠᠶᠢᠭᠤᠯᠤᠯᠲᠠ ᠶᠢ ᠰᠠᠶᠢᠲᠤᠷ ᠬᠢᠵᠦ᠂ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠪᠠᠶᠢᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠵᠡᠷᠭᠡ ᠪᠠᠷ ᠬᠡᠷᠡᠭᠯᠡᠵᠦ ︽ᠰᠠᠶᠢᠨ ᠬᠤᠷᠢᠶᠠᠨ ᠳᠠᠷᠤᠭ᠎ᠠ︾ ︽ᠰᠠᠶᠢᠨ ᠡᠮᠴᠢ︾ ᠶᠢ ᠤᠷᠢᠨ ᠠᠪᠴᠢᠷᠠᠵᠤ᠂ ᠣᠷᠣᠨ ᠤ ᠳᠣᠲᠣᠨ᠎ᠠ ᠭᠠᠳᠠᠨᠠᠬᠢ ᠨᠥᠬᠦᠴᠡᠯ ᠳᠤ ᠨᠡᠶᠢᠴᠡᠬᠦ ᠳᠡᠭᠡᠳᠦ ᠲᠠᠰ ᠳᠠᠪᠬᠤᠷᠭᠠᠲᠤ ᠪᠤᠭᠤᠷᠤᠯ ᠴᠢᠳᠠᠪᠤᠷᠢᠲᠠᠳ ᠢ ᠡᠮᠴᠢᠯᠡᠭᠡᠨ ᠤ ᠨᠢᠭᠡᠳᠦᠭᠡᠷ ᠹᠷᠣᠨᠲ ᠲᠤ ᠳᠠᠬᠢᠨ ᠠᠵᠢᠯᠯᠠᠭᠤᠯᠬᠤ ᠪᠠᠷ ᠬᠦᠴᠦᠯᠡᠨ ᠴᠢᠷᠮᠠᠶᠢᠨ᠎ᠠ᠃ ᠪᠥᠬᠦ ᠣᠷᠣᠨ ᠳᠠᠬᠢ ᠠᠯᠪᠠᠨ ᠠᠴᠠ ᠪᠠᠶᠢᠭᠤᠯᠤᠭᠰᠠᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠤᠨ ᠤᠳᠤᠷᠢᠳᠬᠤ ᠺᠠᠳ᠋ᠷᠴᠤᠳ ᠤᠨ ᠰᠣᠯᠢᠯᠴᠠᠬᠤ ᠲᠣᠭᠲᠠᠴᠠ ᠶᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠳ ᠤᠨ ᠠᠵᠢᠯ ᠮᠡᠷᠭᠡᠵᠢᠯ ᠳᠤ ᠬᠠᠨᠳᠤᠭᠤᠯᠤᠭᠰᠠᠨ ᠪᠣᠯᠪᠠᠰᠤᠷᠠᠯ ᠢ ᠠᠬᠢᠭᠤᠯᠤᠨ᠎ᠠ᠃ ᠡᠮᠨᠡᠯᠭᠡ ᠶᠢᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠣᠶᠢᠯᠠᠭᠠᠯᠴᠠᠨ ᠨᠡᠪᠲᠡᠷᠡᠯᠴᠡᠬᠦ ᠶᠢᠨ ᠪᠦᠲᠦᠮᠵᠢᠲᠡᠢ ᠠᠷᠭ᠎ᠠ ᠵᠠᠮ ᠢ ᠨᠡᠭᠡᠭᠡᠨ᠂ ᠪᠣᠳᠠᠲᠠᠢ ᠬᠦᠴᠢᠷᠳᠡᠯ ᠤᠳ ᠢ ᠨᠢ ᠬᠠᠪᠰᠤᠷᠤᠨ ᠰᠢᠢᠳᠪᠦᠷᠢᠯᠡᠵᠦ᠂ ᠡᠮᠨᠡᠯᠭᠡ ᠶᠢᠨ ᠠᠵᠢᠯᠲᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    2025 ᠣᠨ ᠳᠤ᠂ ᠥᠪᠥᠷ ᠮᠣᠩᠭᠤᠯ ᠪᠠᠰᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠢ ᠲᠤᠰᠢᠶᠠᠯᠲᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠳᠡᠷ ᠵᠠᠯᠠᠭᠤ ᠨᠠᠰᠤᠨ ᠤ ᠪᠡᠯᠡᠳᠬᠡᠯ ᠴᠢᠳᠠᠪᠤᠷᠢᠲᠠᠳ ᠢ ᠬᠥᠮᠥᠵᠢᠭᠦᠯᠬᠦ ᠪᠠᠨ ᠴᠢᠩᠭᠠᠳᠬᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠠᠶᠢᠵᠢᠷᠠᠭᠤᠯᠤᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠠᠤᠯᠢ ᠴᠠᠭᠠᠵᠠ ᠶᠢᠨ ᠪᠠᠶᠢᠭᠤᠯᠤᠯ ᠤᠨ ᠪᠠᠶᠢᠭᠤᠯᠤᠯᠲᠠ ᠪᠠ ᠠᠵᠢᠯ ᠲᠥᠷᠥᠯ ᠳᠠᠬᠢ ᠶᠡᠷᠦᠩᠬᠡᠶᠢᠯᠡᠭᠰᠡᠨ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠪᠠᠷ ᠪᠣᠢ᠃ ︽ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ᠢ ᠬᠢᠨᠠᠨ ᠵᠥᠪᠯᠡᠵᠦ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠢ ᠠᠬᠢᠭᠤᠯᠤᠨ ᠂ ︽ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠳᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠭᠤᠸ᠎ᠠ ᠰᠠᠶᠢᠬᠠᠨ ᠤ ᠡᠮᠴᠢᠯᠡᠭᠡᠨ ᠤ ᠪᠠᠶᠢᠭᠤᠯᠤᠮᠵᠢ᠂ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠥᠪ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠰᠢᠨ᠎ᠡ ᠪᠠᠷ ᠪᠣᠶ ᠪᠣᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠭᠤᠣᠯ ᠴᠣᠭᠴᠠ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠪᠡᠶᠡᠴᠢᠯᠡᠨ ᠮᠡᠳᠡᠷᠡᠬᠦ ᠲᠥᠷᠥᠭᠳᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号