ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ | ᠴᠠᠭ ᠬᠦᠷᠴᠦ ᠢᠷᠡᠪᠡ᠃ ᠡᠯ᠎ᠡ ᠲᠠᠯ᠎ᠠ ᠶᠢᠨ ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ | ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ ᠰᠤᠷᠤᠯᠴᠠᠬᠤ | ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ | ᠪᠡᠯᠡᠳᠬᠡᠯ ᠢ ᠬᠢᠬᠦ ᠴᠢᠬᠤᠯᠠ ᠲᠠᠢ ᠪᠣᠢ︖ ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ | ᠲᠠᠨᠢᠯᠴᠠᠭᠤᠯᠤᠶ᠎ᠠ︕ | ᠰᠡᠳᠬᠢᠴᠡ ᠶᠢᠨ ᠲᠠᠯ᠎ᠠ ᠪᠠᠷ ᠬᠢ ᠪᠡᠯᠡᠳᠬᠡᠯ | ᠬᠡᠦᠬᠡᠳ ᠢ ᠬᠠᠪᠰᠤᠷᠴᠤ ᠳᠠᠷᠤᠯᠲᠠ ᠶᠢ ᠠᠷᠭᠠᠴᠠᠬᠤ ᠶᠢ ᠵᠢᠭᠠᠵᠤ ᠥᠭᠭᠦᠨ᠎ᠡ᠃ ᠠᠮᠢᠰᠬᠤᠭ᠎ᠠ ᠪᠠᠨ | ᠲᠤᠬᠢᠷᠠᠭᠤᠯᠬᠤ᠂ ᠭᠦᠨ ᠪᠣᠳᠣᠯᠬᠢᠯᠠᠬᠤ ᠪᠤᠶᠤ ᠠᠭᠠᠵᠢᠮ ᠢᠶᠠᠷ ᠪᠤᠯᠴᠢᠩ ᠰᠢᠷᠪᠦᠰᠦ ᠪᠠᠨ ᠰᠤᠯᠠᠷᠠᠭᠤᠯᠬᠤ ᠵᠡᠷᠭᠡ | ᠠᠷᠭ᠎ᠠ ᠪᠠᠷᠢᠯ ᠨᠢ ᠬᠡᠦᠬᠡᠳ ᠢ ᠬᠠᠪᠰᠤᠷᠤᠨ ᠳᠠᠷᠤᠯᠲᠠ ᠶᠢᠨ ᠡᠮᠦᠨ᠎ᠡ ᠲᠣᠭᠲᠠᠭᠤᠨ ᠪᠠᠶᠢᠯᠭᠠᠳᠠᠭ︔ ᠢᠳᠡᠪᠬᠢ ᠲᠠᠢ | ᠬᠥᠳᠡᠯᠭᠡᠭᠡᠨ ᠳᠤ ᠣᠷᠣᠯᠴᠠᠭᠤᠯᠪᠠᠯ᠂ ᠰᠡᠳᠬᠢᠯ ᠤᠨ ᠪᠠᠶᠢᠳᠠᠯ ᠪᠣᠯᠤᠨ ᠳᠠᠷᠤᠯᠲᠠ ᠶᠢ ᠨᠢ ᠨᠠᠮᠳᠠᠭᠤᠯᠬᠤ ᠳᠤ ᠲᠤᠰᠠᠲᠠᠢ | ᠃ | ᠬᠡᠦᠬᠡᠳ ᠢ ᠨᠠᠶᠢᠵᠠ᠂ ᠭᠡᠷ ᠤᠨ ᠬᠥᠮᠦᠰ ᠪᠤᠶᠤ ᠬᠠᠮᠲᠤ ᠰᠤᠷᠤᠯᠭᠠᠲᠠᠨ ᠲᠠᠢ ᠪᠠᠨ ᠲᠥᠷᠥᠭᠳᠡᠯ ᠢᠶᠠᠨ | ᠬᠤᠪᠢᠶᠠᠯᠴᠠᠬᠤ ᠪᠠᠷ ᠬᠥᠲᠥᠯᠦᠨ ᠵᠢᠯᠣᠭᠤᠳᠤᠨ᠎ᠠ᠃ ᠣᠶᠢᠷ᠎ᠠ ᠳᠣᠲᠣᠨᠣ ᠬᠥᠮᠦᠨ ᠲᠠᠢ ᠪᠠᠨ ᠶᠠᠷᠢᠯᠴᠠᠪᠠᠯ ᠰᠡᠳᠬᠢᠯ ᠤᠨ | ᠳᠠᠷᠤᠭᠠᠰᠤ ᠶᠢ ᠬᠥᠩᠭᠡᠷᠡᠭᠦᠯᠵᠦ᠂ ᠭᠠᠭᠴᠠᠭᠠᠷᠳᠠᠮᠠᠯ ᠲᠥᠷᠥᠭᠳᠡᠯ ᠢ ᠪᠠᠭᠠᠰᠬᠠᠳᠠᠭ᠃ | ᠬᠡᠦᠬᠡᠳ ᠢ ᠨᠡᠶᠢᠭᠡᠮ ᠤᠨ ᠬᠠᠷᠢᠯᠴᠠᠭᠠᠨ ᠳᠤ ᠢᠳᠡᠪᠬᠢᠲᠡᠢ ᠣᠷᠣᠯᠴᠠᠭᠤᠯᠬᠤ ᠪᠠᠷ ᠵᠣᠷᠢᠭᠵᠢᠭᠤᠯᠤᠨ᠎ᠠ᠃ ᠬᠡᠷᠪᠡ | ᠠᠮᠠᠷᠠᠯᠲᠠ ᠶᠢᠨ ᠬᠤᠭᠤᠴᠠᠭᠠᠨ ᠳᠤ ᠨᠡᠶᠢᠭᠡᠮ ᠤᠨ ᠬᠠᠷᠢᠯᠴᠠᠭᠠᠨ ᠳᠤ ᠴᠥᠭᠡᠨ ᠣᠷᠣᠯᠴᠠᠭᠰᠠᠨ ᠪᠣᠯ᠂ ᠨᠡᠶᠢᠭᠡᠮ ᠤᠨ | ᠬᠠᠷᠢᠯᠴᠠᠭᠠᠨ ᠳᠤ ᠢᠳᠡᠪᠬᠢᠲᠡᠢ ᠣᠷᠣᠯᠴᠠᠭᠤᠯᠬᠤ ᠪᠠᠷ ᠠᠯᠬᠤᠮ ᠠᠯᠬᠤᠮ ᠢᠶᠠᠷ ᠵᠢᠯᠣᠭᠤᠳᠴᠤ᠂ ᠪᠤᠰᠤᠳ ᠲᠠᠢ | ᠬᠠᠷᠢᠴᠠᠭ᠎ᠠ ᠪᠠᠶᠢᠭᠤᠯᠤᠨ᠂ ᠪᠠᠶᠠᠷ ᠪᠠᠶᠠᠰᠤᠯ ᠪᠣᠯᠤᠨ ᠲᠥᠭᠡᠷᠢᠭᠳᠡᠯ ᠢᠶᠠᠨ ᠬᠤᠪᠢᠶᠠᠯᠴᠠᠨ᠎ᠠ᠃ ᠨᠡᠶᠢᠭᠡᠮ ᠤᠨ | ᠬᠠᠷᠢᠯᠴᠠᠭᠠᠨ ᠳᠤ ᠣᠷᠣᠯᠴᠠᠬᠤ ᠪᠣᠯ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠴᠢᠬᠤᠯᠠ ᠬᠦᠴᠦᠨ ᠵᠦᠢᠯ | ᠪᠣᠯᠤᠨ᠎ᠠ᠃ | ᠬᠡᠦᠬᠡᠳ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠪᠤᠶᠢᠵᠢᠭᠤᠯᠤᠨ᠎ᠠ᠃ ᠨᠤᠭᠤᠷᠠᠯ ᠪᠦᠳᠦᠷᠢᠯ ᠳᠤ ᠵᠥᠪ | ᠬᠠᠨᠳᠤᠨ᠂ ᠨᠡᠩ ᠢᠳᠡᠪᠬᠢᠲᠡᠢ ᠣᠪᠣᠷ ᠢᠶᠠᠷ ᠠᠰᠠᠭᠤᠳᠠᠯ ᠢ ᠰᠢᠢᠳᠪᠦᠷᠢᠯᠡᠵᠦ᠂ ᠥᠪᠡᠷ ᠤᠨ ᠳᠠᠪᠠᠭᠤᠯᠢᠭ ᠢᠶᠠᠨ | ᠪᠠᠳᠠᠷᠠᠭᠤᠯᠤᠨ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠢ | ᠪᠤᠶᠢᠵᠢᠭᠤᠯᠤᠨ᠎ᠠ᠃ |